ᠬᠤᠶᠠᠷ᠂ 2020 ᠣᠨ ᠤ ᠠᠵᠢᠯ ᠤᠨ ᠲᠣᠬᠢᠷᠠᠭᠤᠯᠤᠯᠲᠠ | ᠥᠨᠥ ᠵᠢᠯ ᠪᠣᠯ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠡᠭᠦᠯ ᠬᠤᠷᠢᠶᠠᠬᠤ | ᠵᠢᠯ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠲᠡᠭᠦᠰ ᠠᠮᠵᠢᠯᠲᠠ ᠲᠠᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠮᠥᠨ᠂ ᠨᠡᠩ ᠴᠤ ︽ᠠᠷᠪᠠᠨ ᠳᠥᠷᠪᠡᠳᠦᠭᠡᠷ ᠲᠠᠪᠤᠨ ᠵᠢᠯ︾ | ᠤᠨ ᠲᠥᠯᠥᠪᠵᠢᠭᠦᠯᠭᠡ ᠪᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠬᠠᠭᠤᠳᠠᠰᠤ ᠶᠢ ᠪᠢᠴᠢᠭᠯᠡᠬᠦ | ᠣᠨ ᠪᠤᠯᠬᠤᠷ ᠪᠦᠬᠦ ᠵᠢᠯ ᠤᠨ ᠠᠵᠢᠯ ᠢ ᠰᠠᠶᠢᠲᠤᠷ ᠬᠢᠬᠦ ᠪᠣᠯ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ | ᠬᠤᠰᠢᠭᠤᠨ ᠤ ᠨᠠᠮ ᠤᠨ ᠬᠤᠷᠢᠶ᠎ᠠ ᠶᠢᠨ ᠠᠷᠪᠠᠨ ᠳᠥᠷᠪᠡᠳᠦᠭᠡᠷ ᠬᠤᠭᠤᠴᠠᠭᠠᠨ ᠤ ᠨᠠᠢᠮᠠᠳᠤᠭᠠᠷ ᠤᠳᠠᠭᠠᠨ ᠤ ᠪᠥᠬᠦᠳᠡ | ᠬᠤᠷᠠᠯ ᠵᠢᠴᠢ ᠪᠦᠬᠦ ᠬᠤᠰᠢᠭᠤᠨ ᠤ ᠠᠵᠤ ᠠᠬᠤᠶ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠣᠰᠣᠭᠠᠷ᠂ | ᠥᠨᠥ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ ᠪᠥᠬᠦᠳᠡ ᠬᠤᠷᠠᠯ ᠪᠤᠯᠤᠨ ᠶᠡᠷᠦᠩᠭᠡᠢ ᠱᠦᠵᠢ ᠶᠢᠨ ᠦᠪᠦᠷ ᠮᠤᠩᠭᠤᠯ | ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠦᠷᠢ ᠴᠤᠬᠤᠯᠠᠪᠦᠷᠢ ᠶᠢᠨ ᠵᠣᠷᠢᠭ ᠰᠠᠨᠠᠭ᠎ᠠ ᠶᠢ ᠭᠦᠨᠵᠡᠭᠡᠶ | ᠲᠤᠤᠱᠯᠠᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ | ᠠᠬᠢᠭᠤᠯᠵᠤ᠂ ︽ᠳᠥᠷᠪᠡᠨ ᠤᠬᠠᠮᠰᠠᠷ︾ ᠢ ᠴᠢᠩᠭᠠᠳᠬᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ | ᠬᠠᠮᠠᠭᠠᠯᠠᠬᠤ︾ ᠶᠢ ᠪᠡᠶᠡᠯᠡᠭᠦᠯᠦᠨ᠂ ᠲᠦᠪ ᠤᠨ ᠠᠵᠦ ᠠᠬᠤᠢ ᠶᠢᠨ ᠠᠵᠢᠯ ᠤᠨ ᠬᠤᠷᠠᠯ᠂ ᠦᠪᠡᠷᠲᠡᠭᠡᠨ ᠵᠠᠰᠠᠬᠤ ᠤᠷᠤᠨ | ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠨᠢᠭᠡᠳᠦᠭᠡᠷ ᠤᠳᠠᠭᠠᠨ ᠤ ᠪᠦᠬᠦᠳᠡ ᠬᠤᠷᠠᠯ ᠵᠢᠴᠢ | ᠠᠵᠦ ᠠᠬᠤᠢ ᠶᠢᠨ ᠠᠵᠢᠯ ᠤᠨ ᠬᠤᠷᠠᠯ᠂ ᠬᠤᠳᠠ ᠶᠢᠨ ᠨᠠᠮ ᠤᠨ ᠬᠤᠷᠢᠶᠠᠨ ᠤ ᠲᠦᠷᠪᠡᠳᠦᠭᠡᠷ ᠬᠤᠭᠤᠴᠠᠭᠠᠨ ᠤ | ᠠᠷᠪᠠᠨ ᠨᠢᠭᠡᠳᠦᠭᠡᠷ ᠤᠳᠠᠭᠠᠨ ᠤ ᠪᠦᠬᠦᠳᠡ ᠬᠤᠷᠠᠯ ᠵᠢᠴᠢ ᠠᠵᠦ ᠠᠬᠤᠢ ᠶᠢᠨ ᠠᠵᠢᠯ ᠤᠨ ᠬᠤᠷᠠᠯ ᠤᠨ ᠵᠤᠷᠢᠭ | ᠰᠠᠨᠠᠭ᠎ᠠ ᠶᠢ ᠪᠦᠬᠦ ᠳᠠᠯ᠎ᠠ ᠪᠠᠷ ᠨᠠᠶᠢᠳᠠᠪᠦᠷᠢᠵᠢᠭᠤᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠦ | ᠠᠬᠤᠢ ᠨᠡᠶᠢᠬᠡᠮ ᠤᠨ ᠬᠦᠭᠵᠢᠯᠳᠡ ᠶᠢ ᠨᠢᠭᠡᠳᠦᠯᠳᠡᠢ ᠲᠦᠯᠦᠪᠵᠢᠬᠦᠯᠦᠨ᠂ ᠴᠢᠨᠠᠷ ᠰᠠᠶᠢᠲᠠᠶ ᠬᠥᠭᠵᠢᠯᠲᠡ ᠶᠢᠨ ᠶᠡᠷᠦᠩᠬᠡᠶ | ᠤᠳᠤᠷᠢᠳᠤᠮᠵᠢ ᠶᠢ ᠳᠣᠪᠣᠶᠢᠯᠭᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠡᠷᠡᠰ ᠦᠢᠯᠡᠳᠦᠯᠭᠡᠵᠢᠭᠦᠯᠦᠨ᠂ | ᠲᠣᠭᠲᠠᠭᠤᠨ ᠤ ᠳᠤᠮᠳᠠ ᠤᠷᠤᠭᠰᠢᠯᠠᠬᠤ ᠠᠵᠢᠯ ᠤᠨ ᠶᠡᠷᠦᠩᠬᠡᠢ ᠬᠥᠭ ᠠᠶᠠᠰ ᠢ ᠪᠠᠷᠢᠮᠲᠠᠯᠠᠵᠤ᠂ ᠠᠮᠢ ᠠᠬᠤᠶ ᠶᠢ | ᠤᠷᠢᠳᠠᠪᠠᠷ ᠪᠣᠳᠣᠯᠬᠢᠯᠠᠨ᠂ ᠪᠣᠬᠢᠷᠲᠤᠯ ᠥᠬᠡᠶ ᠬᠦᠭᠵᠢᠭᠦᠯᠬᠦ ᠪᠠᠷ ᠤᠳᠤᠷᠢᠳᠤᠮᠵᠢ ᠪᠣᠯᠭᠠᠨ᠂ ᠭᠤᠷᠪᠠᠨ ᠶᠡᠭᠡ ᠪᠠᠬᠢᠯᠡᠯᠲᠡ | ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠪᠠᠷ ᠰᠠᠭᠤᠷᠢ ᠪᠣᠯᠭᠠᠵᠤ᠂ ᠳᠤᠲᠠᠭᠤᠳᠠᠯ ᠢ ᠨᠥᠬᠦᠪᠥᠷᠢᠯᠡᠬᠦ᠂ | ᠳᠠᠯᠳᠠ ᠬᠦᠴᠦᠨ ᠢ ᠠᠭᠤᠳᠠᠯᠬᠤ᠂ ᠳᠠᠪᠠᠭᠤᠯᠢᠭ ᠢ ᠨᠡᠮᠡᠭᠳᠡᠭᠦᠯᠬᠦ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠦᠨ᠂ ᠠᠮᠢ | ᠠᠬᠤᠢ ᠶᠢ ᠬᠠᠮᠠᠭᠠᠯᠠᠬᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ᠂ ᠥᠭᠡᠷᠡᠴᠢᠯᠡᠯᠲᠡ ᠬᠢᠵᠦ ᠰᠢᠨ᠎ᠡ ᠶᠢ | ᠡᠭᠦᠳᠬᠦ᠂ ᠬᠤᠲᠠ ᠬᠥᠳᠡᠭᠡ ᠶᠢ ᠠᠭᠤᠰᠤᠯᠴᠠᠭᠤᠯᠬᠤ᠂ ᠠᠷᠠᠳ ᠤᠨ ᠠᠮᠢᠳᠤᠷᠠᠯ ᠤᠨ ᠪᠤᠶᠠᠨ ᠬᠡᠰᠢᠭ ᠪᠠ ᠨᠡᠶᠢᠭᠡᠮ ᠤᠨ | ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠵᠢᠷᠭᠤᠭ᠎ᠠ ᠶᠢ ᠲᠤᠭᠳᠠᠭᠤᠨ ᠪᠠᠶᠢᠯᠭᠠᠬᠤ︾ ᠠᠵᠢᠯ ᠢ | ᠰᠠᠶᠢᠳᠦᠷ ᠬᠢᠵᠦ᠂ ︽ᠵᠢᠷᠭᠤᠭ᠎ᠠ ᠶᠢ ᠪᠠᠳᠤᠯᠠᠬᠤ︾ ᠠᠵᠢᠯ ᠤᠨ ᠡᠬᠦᠷᠭᠡ ᠶᠢ ᠨᠠᠶᠢᠳᠠᠪᠦᠷᠢᠵᠢᠭᠤᠯᠤᠨ᠂ ᠠᠵᠤ ᠠᠬᠤᠢ ᠶᠢᠨ | ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠪᠠᠶᠢᠬᠤ ᠶᠢ ᠦᠷᠭᠦᠯᠵᠢᠯᠡᠨ ᠪᠠᠲᠤᠯᠠᠵᠤ᠂ | ᠦᠵᠡᠰᠬᠦᠯᠡᠩᠲᠦ ᠰᠠᠶᠢᠬᠠᠨ ᠪᠠᠶᠠᠨ ᠴᠢᠨᠡᠭᠡᠯᠢᠭ ᠡᠶ᠎ᠡ ᠵᠣᠬᠢᠴᠠᠩᠭᠤᠢ ᠠᠮᠤᠷ ᠠᠮᠤᠭᠤᠯᠠᠩ ᠬᠥᠯᠥᠨ ᠪᠣᠶᠢᠷ ᠤᠨ | ᠪᠦᠲᠦᠭᠡᠨ ᠪᠠᠶᠢᠭᠤᠯᠤᠯᠲᠠ ᠳᠤᠮᠳᠠ ᠰᠢᠨ᠎ᠡ ᠪᠠᠷᠭᠤ ᠪᠠᠷᠠᠭᠤᠨ ᠬᠤᠰᠢᠭᠤᠨ ᠤ ᠵᠢᠳᠬᠦᠯ ᠴᠢᠷᠮᠠᠶᠢᠯᠭ᠎ᠠ ᠶᠢ ᠢᠯᠡᠷᠡᠭᠦᠯᠦᠨ᠂ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠲᠡᠭᠦᠰ ᠠᠮᠵᠢᠯᠲᠠ ᠲᠠᠢ ᠰᠡᠭᠦᠯ ᠬᠤᠷᠢᠶᠠᠬᠤ | ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠳᠦᠭᠡᠬᠦ ᠶᠢ ᠪᠠᠳᠤᠯᠠᠨ᠎ᠠ᠃ | ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠪᠣᠯ᠄ ᠣᠷᠣᠨ | ᠨᠤᠲᠤᠭ ᠤᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 3% ᠣᠷᠴᠢᠮ ᠨᠡᠮᠡᠭᠳᠡᠭᠦᠯᠦᠨ᠎ᠡ︔ ᠪᠦᠬᠦ ᠨᠡᠶᠢᠭᠡᠮ ᠤᠨ | ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ ᠶᠢ 6% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤ᠂ | ᠮᠠᠯᠵᠢᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠡᠵᠡᠮᠳᠡᠵᠦ ᠪᠣᠯᠬᠤ | ᠣᠷᠣᠯᠭ᠎ᠠ ᠶᠢ ᠲᠣᠰ ᠲᠣᠰ 6.5%᠂ 7.5% ᠣᠷᠴᠢᠮ ᠨᠡᠮᠡᠭᠳᠡᠭᠦᠯᠦᠨ᠎ᠡ︔ ᠬᠤᠲᠠ ᠪᠠᠯᠭᠠᠰᠤ ᠶᠢᠨ | ᠳᠠᠩᠰᠠᠯᠠᠭᠤᠯᠤᠭᠰᠠᠨ ᠠᠵᠢᠯ ᠠᠯᠳᠠᠬᠤ ᠨᠣᠷᠮ᠎ᠠ ᠶᠢ 4.5% ᠳᠣᠲᠣᠷ᠎ᠠ ᠬᠢᠵᠠᠭᠠᠷᠯᠠᠨ᠎ᠠ᠃ ᠪᠠᠲᠤᠯᠠᠭ᠎ᠠ ᠶᠢᠨ ᠴᠢᠨᠠᠷᠲᠠᠶ | ᠠᠷᠠᠳ ᠤᠨ ᠠᠮᠢᠳᠤᠷᠠᠯ ᠤᠨ ᠵᠠᠷᠤᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠬᠦᠯᠢᠶᠡᠰᠦᠯᠡᠯ ᠤᠨ ᠴᠢᠨᠠᠷᠲᠠᠶ | ᠬᠦᠢᠴᠡᠳᠭᠡᠬᠦ ᠲᠤᠭ᠎ᠠ ᠶᠢ ᠬᠥᠯᠥᠨ ᠪᠣᠶᠢᠷ ᠬᠤᠲᠠ ᠶᠢᠨ ᠱᠠᠭᠠᠷᠳᠠᠯᠭ᠎ᠠ ᠳᠤ ᠬᠦᠷᠭᠡᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠳᠣᠣᠷᠠᠬᠢ ᠵᠢᠷᠭᠤᠭᠠᠨ | ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠭᠡᠷᠡᠭᠳᠡᠢ᠄ | ︵ᠨᠢᠭᠡ︶ ᠨᠠᠷᠢᠯᠢᠭ ᠣᠨᠣᠪᠴᠢᠲᠠᠢ ᠪᠠᠷ ᠪᠣᠳᠠᠲᠠᠶ ᠶᠢ ᠡᠷᠬᠢᠮᠯᠡᠬᠦ ᠶᠢ ᠲᠤᠪᠤᠶᠢᠯᠭᠠᠵᠦ᠂ ᠭᠤᠷᠪᠠᠨ ᠶᠡᠭᠡ | ᠪᠠᠬᠢᠯᠡᠯᠲᠡ ᠰᠢᠪᠲᠤᠯᠬᠤ ᠠᠵᠢᠯ ᠤᠨ ᠰᠢᠨ᠎ᠡ ᠠᠮᠵᠢᠯᠲᠠ ᠶᠢ ᠣᠯᠣᠨ᠎ᠠ | ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠲᠠᠢ ᠨᠢᠭᠲᠠ ᠤᠶᠠᠯᠳᠤᠭᠤᠯᠤᠨ᠂ | ᠭᠤᠷᠪᠠᠨ ᠶᠡᠭᠡ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠡᠷᠡᠰ ᠭᠤᠶᠢᠪᠢᠰᠢ ᠦᠭᠡᠢ ᠰᠠᠶᠢᠲᠤᠷ ᠬᠢᠵᠦ ᠢᠯᠠᠯᠲᠠ | ᠣᠯᠤᠨ᠎ᠠ᠃ ᠡᠷᠳᠡᠮ ᠴᠢᠳᠠᠯ ᠢᠶᠠᠨ ᠰᠢᠪᠬᠠᠨ ᠪᠠᠶᠢᠯᠳᠤᠵᠤ ᠨᠠᠷᠢᠯᠢᠭ ᠣᠨᠣᠪᠴᠢᠲᠠᠢ ᠪᠠᠷ ᠶᠠᠳᠠᠭᠤ ᠠᠴᠠ | ᠠᠩᠬᠢᠵᠢᠷᠠᠭᠤᠯᠬᠤ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠣᠨ᠎ᠠ᠃ ᠶᠠᠳᠠᠭᠤ ᠠᠴᠠ | ᠠᠩᠭᠢᠵᠢᠷᠠᠭᠤᠯᠬᠤ ᠪᠠᠬᠢᠯᠡᠯᠲᠡ ᠰᠢᠪᠲᠤᠯᠬᠤ ᠠᠵᠢᠯ ᠢ ᠬᠠᠮᠤᠭ ᠤᠨ ᠶᠡᠭᠡ ᠤᠯᠤᠰ ᠲᠥᠷᠥ ᠶᠢᠨ ᠡᠭᠦᠷᠭᠡ ᠪᠤᠯᠭᠠᠨ᠂ | ︽ᠳᠥᠷᠪᠡ ᠶᠢ ᠦᠯᠦ ᠠᠪᠴᠤ ᠬᠠᠶᠠᠬᠤ︾ ᠬᠤᠷᠢᠭ᠎ᠠ ᠱᠤᠭᠤᠮ ᠢ ᠴᠢᠩᠭ᠎ᠠ ᠰᠠᠬᠢᠨ᠂ ᠶᠠᠳᠠᠭᠤ ᠠᠴᠠ ᠠᠩᠭᠢᠵᠢᠷᠠᠭᠤᠯᠬᠤ | ᠪᠠᠬᠢᠯᠡᠯᠲᠡ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ | ᠵᠣᠯᠭᠠᠭᠤᠯᠬᠤ ᠶᠢ ᠲᠦᠯᠬᠢᠨ ᠠᠬᠢᠭᠤᠯᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠲᠥᠷᠥᠯ ᠵᠦᠢᠯ ᠤᠨ | ᠬᠥᠮᠥᠷᠭᠡ ᠶᠢ ᠲᠡᠭᠦᠯᠳᠡᠷᠵᠢᠭᠦᠯᠦᠨ᠂ ᠣᠳᠣ ᠦᠶ᠎ᠡ ᠶᠢᠨ ᠮᠠᠯ ᠠᠵᠤ ᠠᠬᠤᠢ᠂ ᠰᠣᠶᠣᠯ ᠵᠤᠭᠠᠴᠠᠯ᠂ ᠡᠯᠧᠺᠲᠷᠣᠨ | ᠬᠤᠳᠠᠯᠳᠤᠭᠠᠨ ᠤ ᠦᠢᠯᠡᠴᠢᠯᠡᠭᠡ ᠵᠡᠷᠭᠡ ᠦᠪᠡᠷᠮᠢᠴᠡ ᠣᠨᠴᠠᠯᠢᠭᠲᠤ ᠶᠠᠳᠠᠭᠤ ᠶᠢ ᠲᠡᠳᠬᠦᠬᠦ ᠠᠵᠤ ᠦᠢᠯᠡᠰ ᠢ | ᠲᠤᠬᠠᠢ ᠶᠢᠨ ᠭᠠᠵᠠᠷ ᠲᠤᠨᠢ ᠲᠤᠬᠢᠷᠠᠭᠤᠯᠤᠨ ᠬᠥᠭᠵᠢᠭᠦᠯᠵᠦ᠂ ︽ᠭᠠᠴᠠᠭᠠᠨ ᠤ ᠬᠠᠮᠲᠤ ᠶᠢᠨ ᠠᠵᠤ ᠠᠬᠤᠢ + ᠰᠢᠨ᠎ᠡ | ᠬᠡᠯᠪᠡᠷᠢ ᠶᠢᠨ ᠮᠠᠯ ᠠᠵᠤ ᠠᠬᠤᠢ ᠶᠢᠨ ᠡᠵᠡᠩᠨᠡᠯᠲᠡ ᠶᠢᠨ ᠭᠤᠣᠯ ᠴᠣᠭᠴᠠ + ᠶᠠᠳᠠᠭᠤ ᠬᠦᠴᠢᠷᠳᠡᠯᠲᠡᠢ ᠡᠷᠦᠬᠡ︾ ᠶᠢ | ᠲᠡᠳᠬᠦᠬᠦ ᠵᠠᠭᠪᠤᠷ ᠢ ᠰᠦᠪᠡᠭᠴᠢᠯᠡᠨ᠂ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠶᠠᠳᠠᠭᠤ | ᠬᠦᠴᠢᠷᠳᠡᠯᠲᠡᠢ ᠣᠯᠠᠨ ᠲᠦᠮᠡᠨ ᠤ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ | ︽ᠢᠲᠡᠭᠡᠯ ᠵᠣᠷᠢᠭ︾ ︽ᠣᠶᠤᠨ ᠤᠬᠠᠭᠠᠨ︾ ᠬᠤᠶᠠᠷ ᠢ ᠲᠡᠳᠬᠦᠬᠦ ᠡᠷᠴᠢᠮ ᠢ ᠴᠢᠩᠭᠠᠷᠠᠭᠤᠯᠵᠤ᠂ ᠶᠠᠳᠠᠭᠤ | ᠬᠦᠴᠢᠷᠳᠡᠯᠲᠡᠢ ᠣᠯᠠᠨ ᠲᠦᠮᠡᠨ ᠤ ᠳᠣᠲᠣᠭᠠᠳᠤ ᠬᠥᠳᠡᠯᠭᠡᠬᠦ ᠬᠦᠴᠦᠨ ᠪᠠ ᠪᠡᠶ᠎ᠡ ᠪᠠᠨ ᠳᠠᠭᠠᠭᠠᠨ ᠬᠥᠭᠵᠢᠬᠦ | ᠴᠢᠳᠠᠪᠤᠷᠢ ᠶᠢ ᠴᠢᠩᠭᠠᠷᠠᠭᠤᠯᠤᠨ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ ᠨᠡᠭᠡᠭᠡᠨ | ᠬᠦᠭᠵᠢᠭᠦᠯᠵᠦ᠂ ︽ᠬᠤᠪᠢ ᠬᠤᠷᠠᠮᠳᠤᠭᠤᠯᠬᠤ︾ ᠬᠠᠮᠢᠶᠠᠷᠤᠯᠲᠠ ᠶᠢ ᠬᠡᠷᠡᠭᠵᠢᠭᠦᠯᠦᠨ᠂ ᠶᠠᠳᠠᠭᠤ ᠬᠦᠴᠢᠷᠳᠡᠯᠲᠡᠶ ᠣᠯᠠᠨ | ᠲᠦᠮᠡᠨ ᠤ ︽ᠦᠪᠡᠷ ᠢᠶᠠᠨ ᠳᠡᠭᠵᠢᠷᠡᠬᠦ︾ ᠴᠢᠳᠠᠮᠵᠢ ᠶᠢ ᠪᠥᠬᠦ ᠲᠠᠯ᠎ᠠ ᠪᠠᠷ ᠳᠡᠭᠡᠭᠰᠢᠯᠡᠬᠦᠯᠦᠨ᠎ᠡ᠃ ᠶᠠᠳᠠᠭᠤ ᠶᠢ ᠲᠡᠳᠬᠦᠬᠦ | ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠶᠠᠳᠠᠭᠤ ᠬᠦᠴᠢᠷᠳᠡᠯᠲᠡᠶ ᠶᠢ ᠳᠠᠭᠠᠭᠤᠯᠤᠨ ᠶᠠᠳᠠᠭᠤ | ᠬᠦᠴᠢᠷᠳᠡᠯᠲᠡᠶ ᠬᠥᠮᠦᠨ ᠠᠮᠠ ᠶᠢ ᠪᠠᠭᠠᠰᠬᠠᠬᠤ ᠦᠢᠯᠡᠳᠦᠯ ᠢ ᠦᠨᠡᠨᠬᠦ ᠪᠠᠳᠠᠷᠠᠭᠤᠯᠤᠨ᠎ᠠ᠃ ᠬᠠᠲᠠᠭᠤ ᠵᠣᠷᠢᠭ ᠢᠶᠠᠷ | ᠪᠤᠬᠢᠷᠲᠤᠯ ᠢ ᠰᠡᠷᠭᠡᠶᠢᠯᠡᠨ ᠵᠠᠰᠠᠬᠤ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠪᠣᠬᠢᠷᠲᠤᠯ ᠢ | ᠰᠡᠷᠭᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠡᠷᠡᠰ ᠨᠠᠶᠢᠳᠠᠪᠤᠷᠢᠵᠢᠭᠤᠯᠵᠤ᠂ ᠲᠥᠪ ᠤᠨ | ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠵᠤ ︽ᠡᠷᠬᠢᠨ ᠬᠠᠷᠠᠬᠤ︾ ᠵᠢᠴᠢ ᠨᠤᠲᠤᠭ | ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠤ ᠲᠤᠰᠬᠠᠢ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ | ᠰᠠᠶᠢᠵᠢᠷᠠᠭᠤᠯᠬᠤ ᠠᠵᠢᠯ ᠤᠨ ᠳ᠋ᠤᠭᠠᠷ ᠬᠠᠰᠤᠬᠤ ᠶᠢ ᠬᠤᠭᠤᠴᠠᠭ᠎ᠠ ᠶᠤᠰᠤᠭᠠᠷ ᠪᠡᠶᠡᠯᠡᠬᠦᠯᠵᠦ᠂ ᠴᠡᠯᠮᠡᠭ ᠲᠡᠭᠷᠢ ᠴᠡᠩᠬᠡᠭ | ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠪᠦᠬᠦ ᠲᠠᠯ᠎ᠠ ᠶᠢᠨ ᠢᠯᠠᠯᠲᠠ ᠶᠢ ᠣᠯᠤᠨ᠎ᠠ᠃ ᠠᠭᠠᠷ | ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠲᠦᠯᠬᠢᠨ ᠠᠬᠢᠭᠤᠯᠵᠤ᠂ ᠪᠠᠯᠭᠠᠰᠤᠨ ᠤ ᠲᠣᠭᠤᠷᠢᠭ ᠤᠨ 10 | ᠠᠭᠤᠷ ᠤᠨ ᠲᠣᠨ ᠵᠢᠴᠢ ᠲᠡᠭᠦᠨ ᠠᠴᠠ ᠳᠣᠷᠣᠭᠰᠢᠬᠢ 29 ᠨᠡᠭᠦᠷᠡᠰᠦ ᠰᠢᠲᠠᠭᠠᠬᠤ ᠭᠦᠸᠧᠯᠦ ᠶᠢ ᠳᠠᠶᠠᠭᠳᠠᠵᠦ᠂ | ᠪᠠᠷᠢᠯᠭ᠎ᠠ ᠶᠢᠨ ᠭᠠᠵᠠᠷ ᠪᠠ ᠨᠡᠭᠦᠷᠡᠰᠦᠨ ᠠᠭᠤᠷᠬᠠᠢ ᠶᠢᠨ ᠪᠤᠰᠤ ᠠᠵᠤ ᠠᠬᠤᠶᠢᠯᠠᠯ ᠤᠨ ᠲᠣᠭᠤᠰᠣᠨ ᠤ ᠪᠤᠬᠢᠷᠲᠤᠯ ᠢ | ᠴᠢᠩᠭ᠎ᠠ ᠬᠢᠵᠠᠭᠠᠷᠯᠠᠨ᠎ᠠ᠃ ᠬᠥᠯᠥᠨ ᠨᠠᠭᠤᠷ ᠤᠨ ᠠᠶᠦᠯᠬᠦᠢ ᠤᠰᠤ ᠤᠮᠳᠠ ᠶᠢ ᠶᠡᠷᠦᠩᠬᠡᠶᠢᠯᠡᠨ ᠵᠠᠰᠠᠬᠤ᠂ ᠡᠯᠡᠰᠦᠷᠬᠡᠭ | ᠭᠠᠵᠠᠷ ᠢ ᠵᠠᠰᠠᠬᠤ ᠬᠤᠶᠠᠳᠤᠭᠠᠷ ᠬᠤᠭᠤᠴᠠᠭᠠᠨ ᠤ ᠲᠦᠷᠦᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠡᠬᠢ | ᠡᠭᠦᠰᠦᠯ ᠠᠴᠠ ᠨᠢ ᠵᠠᠰᠠᠬᠤ ᠰᠢᠨ᠎ᠡ ᠠᠷᠭ᠎ᠠ ᠬᠡᠮᠵᠢᠶ᠎ᠡ ᠶᠢ ᠰᠦᠪᠡᠭᠴᠢᠯᠡᠵᠦ᠂ ᠶᠡᠷᠦᠩᠬᠡᠶᠢᠯᠡᠨ ᠵᠠᠰᠠᠬᠤ ᠠᠵᠢᠯ ᠤᠨ ᠰᠢᠨ᠎ᠡ | ᠦᠷ᠎ᠡ ᠪᠦᠲᠦᠮᠵᠢ ᠶᠢ ᠣᠯᠣᠨ᠎ᠠ᠃ ᠪᠡᠯᠡ ᠮᠥᠩᠭᠦ ᠣᠯᠬᠤ ᠪᠠᠷ ᠢᠳᠡᠪᠬᠢᠯᠡᠨ ᠴᠢᠷᠮᠠᠶᠢᠵᠤ᠂ ᠠᠵᠤ ᠦᠢᠯᠡᠳᠪᠦᠷᠢ ᠶᠢᠨ | ᠠᠵᠤ ᠠᠬᠤᠶᠢᠯᠠᠯ ᠤᠨ ᠤᠰᠤᠨ ᠤ ᠪᠤᠬᠢᠷᠲᠤᠯ ᠢ ᠵᠠᠰᠠᠬᠤ᠂ ᠤᠤᠭᠤᠬᠤ ᠤᠰᠤᠨ ᠤ ᠰᠤᠷᠪᠤᠯᠵᠢᠲᠤ ᠭᠠᠵᠠᠷ ᠤᠨ | ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠤᠰᠤᠨ ᠤ ᠪᠤᠬᠢᠷᠲᠤᠯ ᠢ ᠰᠡᠷᠭᠡᠶᠢᠯᠡᠨ ᠵᠠᠰᠠᠬᠤ ᠲᠥᠷᠥᠯ ᠵᠦᠢᠯ ᠢ | ᠰᠦᠪᠡᠭᠴᠢᠯᠡᠨ ᠬᠡᠷᠡᠭᠵᠢᠭᠦᠯᠦᠨ᠎ᠡ᠃ ᠬᠦᠨᠳᠦ ᠲᠡᠮᠦᠷᠯᠢᠭ ᠠᠵᠢᠯ ᠲᠦᠷᠦᠯ ᠤᠨ ᠪᠣᠬᠢᠷᠲᠤᠯ ᠢ ᠰᠡᠷᠭᠡᠶᠢᠯᠡᠨ ᠬᠢᠵᠠᠭᠠᠷᠯᠠᠵᠤ᠂ | ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠪᠤᠬᠢᠷᠳᠤᠯ ᠪᠦᠬᠦᠢ ᠭᠤᠤᠯᠳᠠᠯᠭ᠎ᠠ ᠲᠠᠢ ᠠᠵᠤ ᠠᠬᠤᠶᠢᠯᠠᠯ ᠢ ᠬᠢᠨᠠᠨ | ᠬᠠᠮᠢᠶᠠᠷᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠢᠨᠳᠠᠷᠠᠰᠢ ᠦᠭᠡᠢ ᠪᠠᠷ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠵᠠᠰᠠᠬᠤ ᠪᠠᠬᠢᠯᠡᠯᠲᠡ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠨ᠎ᠡ᠃ ᠨᠡᠮᠡᠭᠳᠡᠯ ᠢ | ᠲᠣᠭᠲᠠᠪᠤᠷᠢᠵᠢᠭᠤᠯᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠬᠦ ᠬᠤᠶᠠᠷ ᠢ ᠵᠡᠷᠭᠡ ᠪᠠᠷ ᠶᠠᠪᠤᠭᠳᠠᠭᠤᠯᠬᠤ | ᠬᠠᠷᠢᠴᠠᠭ᠎ᠠ ᠶᠢ ᠣᠨᠣᠪᠴᠢᠲᠠᠶ ᠡᠵᠡᠮᠳᠡᠨ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠷᠢᠮᠲᠠᠯᠠᠵᠦ᠂ ᠤᠷᠤᠨ ᠨᠤᠲᠤᠭ | ᠤᠨ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠳᠡᠮᠳᠡᠭᠳᠦ ᠶᠢ ᠵᠤᠬᠢᠰᠳᠠᠢ ᠳᠤᠬᠢᠷᠠᠭᠤᠯᠤᠨ᠂ ᠬᠠᠤᠯᠢ ᠴᠠᠭᠠᠵᠠ ᠲᠦᠷᠢᠮ | ᠲᠤᠭᠳᠠᠭᠠᠯ ᠠᠴᠠ ᠵᠦᠷᠢᠴᠡᠭᠰᠡᠨ ᠪᠡᠯᠡ ᠳᠤᠬᠢᠷᠠᠭᠤᠯᠭ᠎ᠠ ᠳᠤ ᠪᠠᠳᠤᠯᠠᠭ᠎ᠠ ᠤᠷᠤᠬᠤ ᠦᠢᠯᠡ ᠠᠵᠢᠯᠯᠠᠭ᠎ᠠ ᠶᠢ | ᠪᠠᠶᠢᠴᠠᠭᠠᠨ ᠢᠯᠡᠷᠡᠬᠦᠯᠵᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠵᠦ᠂ ᠰᠢᠨ᠎ᠡ ᠪᠠᠷ ᠨᠡᠮᠡᠭᠳᠡᠭᠰᠡᠨ | ᠵᠢᠭᠡᠯᠡᠯᠭᠡ ᠶᠢᠨ ᠲᠡᠮᠳᠡᠭᠲᠦ ᠶᠢ ᠠᠮᠢᠳᠤᠯᠢᠭ ᠰᠠᠶᠢᠨ ᠬᠡᠷᠡᠭᠯᠡᠨ᠂ ᠰᠢᠨ᠎ᠡ ᠪᠠᠷ ᠨᠡᠮᠡᠭᠳᠡᠭᠰᠡᠨ ᠵᠠᠰᠠᠭ ᠤᠨ ᠣᠷᠳᠣᠨ ᠤ | ᠳᠠᠯᠳᠠ ᠴᠢᠨᠠᠷᠲᠠᠶ ᠥᠷᠢ ᠥᠭᠴᠡᠭᠡ ᠶᠢ ᠴᠢᠩᠭ᠎ᠠ ᠬᠢᠵᠠᠭᠠᠷᠯᠠᠵᠤ᠂ ᠡᠩ ᠤᠨ ᠴᠢᠨᠠᠷᠲᠠᠶ ᠵᠠᠷᠤᠯᠭ᠎ᠠ ᠶᠢ ᠪᠠᠭᠠᠰᠬᠠᠬᠤ᠂ | ᠭᠠᠶᠢᠯᠢ ᠲᠠᠲᠠᠪᠤᠷᠢ ᠲᠠᠲᠠᠪᠤᠷᠢᠯᠠᠨ ᠲᠤᠰᠢᠶᠠᠬᠤ ᠶᠢ ᠴᠢᠩᠭᠠᠳᠬᠠᠬᠤ᠂ ᠤᠯᠤᠰ ᠤᠨ ᠥᠮᠴᠢᠯᠡᠯ ᠤᠨ ᠬᠦᠷᠦᠩᠭᠡ ᠶᠢᠨ | ᠠᠰᠢᠭ ᠣᠷᠣᠯᠭ᠎ᠠ ᠶᠢ ᠠᠷᠢᠯᠭᠠᠬᠤ᠂ ᠰᠤᠯᠠ ᠳᠠᠯᠪᠢᠵᠦ ᠪᠠᠶᠢᠭ᠎ᠠ ᠡᠳ᠋ ᠬᠦᠷᠦᠩᠭᠡ ᠶᠢᠨ ᠡᠬᠢ ᠪᠠᠶᠠᠯᠢᠭ ᠢ ᠠᠮᠢᠯᠠᠭᠤᠯᠬᠤ | ᠪᠠ ᠵᠢᠭᠡᠯᠡᠯᠭᠡ ᠶᠢᠨ ᠲᠡᠮᠳᠡᠭᠲᠦ ᠶᠢ ᠰᠣᠯᠢᠬᠤ ᠵᠡᠷᠭᠡ ᠠᠷᠭ᠎ᠠ ᠪᠠᠷᠢᠯ ᠢᠶᠠᠷ ᠳᠠᠮᠵᠢᠨ᠂1.12 ᠳ᠋ᠦᠩᠰᠢᠭᠤᠷ | ᠲᠥᠭᠦᠷᠢᠭ ᠤᠨ ᠥᠷᠢ ᠥᠭᠴᠡᠭᠡ ᠶᠢ ᠠᠷᠢᠯᠭᠠᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠳᠤᠮᠳᠠ ᠵᠢᠵᠢᠭ | ᠠᠵᠤ ᠠᠬᠤᠶᠢᠯᠠᠯ ᠤᠨ ᠳᠠᠩᠰᠠᠨ ᠵᠣᠭᠤᠰ ᠢ ᠱᠠᠭᠠᠷᠳᠠᠯᠭ᠎ᠠ ᠶᠣᠰᠣᠭᠠᠷ ᠴᠡᠪᠡᠷᠯᠡᠨ᠎ᠡ᠃ ᠬᠠᠤᠯᠢ ᠪᠤᠰᠤ ᠮᠥᠩᠭᠦᠨ | ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠤᠨ ᠳᠤᠮᠳᠠᠬᠢ ᠦᠨᠳᠦᠷ ᠬᠦᠤ ᠲᠠᠢ | ᠵᠢᠭᠡᠯᠡᠯᠭᠡ ᠶᠢᠨ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠲᠡᠭᠦᠯᠳᠡᠷᠵᠢᠭᠦᠯᠦᠨ᠂ ᠬᠠᠤᠯᠢ ᠪᠤᠰᠤ ᠪᠠᠷ ᠪᠠᠯᠠ ᠮᠦᠩᠭᠦ ᠴᠤᠭᠯᠠᠭᠤᠯᠬᠤ ᠶᠢ ᠲᠤᠰᠬᠠᠶ ᠴᠡᠭᠴᠡᠯᠡᠨ ᠵᠠᠰᠠᠬᠤ ᠶᠢ | ᠦᠷᠭᠦᠯᠵᠢᠯᠡᠨ ᠲᠦᠯᠬᠢᠨ ᠠᠬᠢᠭᠤᠯᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠮᠥᠩᠭᠦᠨ | ᠭᠦᠢᠯᠭᠡᠭᠡᠨ ᠤ ᠠᠶᠤᠯ ᠲᠦᠭᠰᠢᠭᠦᠷᠢ ᠥᠯᠥ ᠡᠭᠦᠰᠬᠦ ᠬᠤᠷᠢᠭ᠎ᠠ ᠱᠤᠭᠤᠮ ᠢ ᠪᠠᠲᠤ ᠰᠠᠬᠢᠨ᠎ᠠ᠃ | ︵ᠬᠤᠶᠠᠷ︶ ᠠᠮᠢ ᠠᠬᠤᠶ ᠶᠢ ᠤᠷᠢᠳᠠᠪᠠᠷ ᠪᠣᠳᠣᠯᠬᠢᠯᠠᠬᠤ ᠶᠢ ᠳᠣᠪᠤᠶᠢᠯᠭᠠᠵᠤ᠂ ᠪᠣᠬᠢᠷᠲᠤᠯ ᠥᠬᠡᠶ | ᠬᠥᠭᠵᠢᠯᠲᠡ ᠶᠢᠨ ᠰᠢᠨ᠎ᠡ ᠬᠦᠳᠡᠯᠭᠡᠭᠴᠢ ᠬᠦᠴᠦᠨ ᠤ ᠡᠨᠧᠷᠭᠢ ᠶᠢ ᠪᠠᠳᠠᠷᠠᠭᠤᠯᠤᠨ᠎ᠠ | ᠠᠮᠢ ᠠᠬᠤᠶ ᠶᠢᠨ ᠪᠣᠯᠪᠠᠰᠤᠨ ᠤ ᠲᠣᠭᠲᠠᠯᠴᠠᠭ᠎ᠠ ᠶᠢ ᠲᠡᠭᠦᠯᠳᠡᠷᠵᠢᠭᠦᠯᠵᠦ᠂ ᠬᠥᠬᠡ ᠠᠭᠤᠯᠠ ᠬᠥᠬᠡᠮᠳᠦᠭ | ᠤᠰᠤ ᠪᠣᠯᠤᠨ ᠠᠯᠲᠠ ᠮᠥᠩᠭᠦᠨ ᠠᠭᠤᠯᠠ ᠶᠢᠨ ᠬᠤᠤᠰ ᠴᠢᠭᠯᠡᠯ ᠢᠶᠠᠷ ᠰᠣᠯᠢᠭᠳᠠᠬᠤ ᠵᠠᠮ ᠢ ᠬᠦᠴᠦᠯᠡᠨ | ᠨᠡᠪᠲᠡᠷᠡᠭᠦᠯᠵᠦ᠂ ᠨᠠᠩ ᠥᠨᠳᠥᠷ ᠪᠠᠷᠢᠮᠵᠢᠶ᠎ᠠ ᠪᠠᠷ ᠦᠵᠡᠰᠬᠦᠯᠡᠩᠲᠦ ᠰᠠᠶᠢᠬᠠᠨ ᠰᠢᠨ᠎ᠡ ᠪᠠᠷᠭᠤ ᠪᠠᠷᠠᠭᠤᠨ ᠬᠤᠰᠢᠭᠤ ᠶᠢ | ᠪᠥᠲᠥᠭᠡᠨ ᠪᠠᠶᠢᠭᠤᠯᠤᠨ᠎ᠠ᠃ ᠠᠮᠢ ᠠᠬᠤᠶ ᠶᠢ ᠬᠠᠮᠠᠭᠠᠯᠠᠨ ᠰᠡᠷᠭᠦᠭᠡᠬᠦ ᠶᠢ ᠲᠦᠷᠭᠡᠳᠬᠡᠨ᠎ᠡ᠃ ᠨᠤᠲᠤᠭ ᠪᠡᠯᠴᠢᠭᠡᠷ ᠤᠨ | ᠠᠮᠢ ᠠᠬᠤᠢ ᠶᠢᠨ ᠨᠥᠬᠦᠪᠥᠷᠢ ᠱᠠᠩᠨᠠᠯ᠂ ᠪᠡᠯᠴᠢᠭᠡᠷᠯᠡᠭᠦᠯᠬᠦ ᠶᠢ ᠵᠣᠭᠰᠣᠭᠠᠨ ᠨᠤᠲᠤᠭ ᠪᠡᠯᠴᠢᠭᠡᠷ ᠢ ᠰᠡᠷᠭᠦᠭᠡᠬᠦ᠂ ᠨᠤᠲᠤᠭ | ᠪᠡᠯᠴᠢᠭᠡᠷ ᠢ ᠰᠠᠶᠢᠵᠢᠷᠠᠭᠤᠯᠬᠤ᠂ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ᠂ ᠮᠣᠳᠣ ᠲᠠᠷᠢᠵᠤ ᠣᠶᠢᠵᠢᠭᠤᠯᠬᠤ ᠵᠡᠷᠭᠡ | ᠰᠢᠰᠲ᠋ᠧᠮᠲᠤ ᠠᠮᠢ ᠠᠬᠤᠢ ᠶᠢᠨ ᠢᠨᠵᠧᠨᠧᠷᠢᠩ ᠢ ᠬᠡᠷᠡᠭᠵᠢᠭᠦᠯᠵᠦ᠂ ᠪᠣᠬᠢᠷᠲᠤᠯ ᠦᠭᠡᠢ ᠴᠡᠪᠡᠷ ᠠᠰᠢᠭ ᠢ ᠦᠷᠭᠦᠯᠵᠢᠯᠡᠨ | ᠪᠠᠳᠠᠷᠠᠭᠤᠯᠤᠨ᠎ᠠ᠃ ᠭᠤᠤᠯ ᠨᠠᠭᠤᠷ ᠢ ᠬᠠᠮᠢᠶᠠᠷᠬᠤ ᠳᠠᠷᠤᠭ᠎ᠠ ᠶᠢᠨ ᠲᠣᠭᠤᠷᠢᠨ ᠪᠠᠶᠢᠴᠠᠭᠠᠯᠲᠠ ᠶᠢ ᠪᠠᠶᠢᠩᠭᠤᠴᠢᠯᠠᠬᠤ ᠶᠢ | ᠪᠠᠷᠢᠮᠲᠠᠯᠠᠨ᠂ ᠣᠷᠣᠨ ᠪᠦᠰᠡ ᠶᠢᠨ ᠳᠣᠲᠣᠷᠠᠬᠢ ᠪᠥᠬᠦ ᠭᠤᠤᠯ ᠨᠠᠭᠤᠷ ᠤᠨ ᠬᠠᠮᠢᠶᠠᠷᠤᠯᠲᠠ ᠶᠢᠨ ᠬᠡᠪᠴᠢᠶ᠎ᠡ ᠶᠢ | ᠵᠠᠭᠠᠭᠯᠠᠨ ᠲᠣᠭᠲᠠᠭᠠᠵᠤ᠂ ︽ᠳᠥᠷᠪᠡᠨ ᠳᠤᠷ᠎ᠠ ᠪᠠᠷ ᠪᠠᠶᠢᠬᠤ ᠶᠢ ᠠᠷᠢᠯᠭᠠᠬᠤ︾ ᠲᠤᠰᠬᠠᠶ ᠠᠵᠢᠯᠯᠠᠭ᠎ᠠ ᠶᠢ ᠦᠷᠭᠦᠯᠵᠢᠯᠡᠨ | ᠥᠷᠨᠢᠭᠦᠯᠵᠦ᠂ ᠭᠤᠤᠯ ᠨᠠᠭᠤᠷ ᠤᠨ ᠤᠰᠤᠨ ᠣᠷᠣᠨ ᠤ ᠠᠮᠢ ᠠᠬᠤᠶ ᠣᠷᠴᠢᠨ ᠲᠣᠭᠤᠷᠢᠨ ᠢ ᠴᠡᠪᠡᠷᠰᠢᠭᠦᠯᠦᠨ᠎ᠡ᠃ | ᠲᠡᠤᠬᠡᠨ ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠭᠠᠵᠠᠷ ᠢ ᠲᠥᠪᠯᠡᠷᠡᠭᠦᠯᠦᠨ ᠵᠠᠰᠠᠵᠤ᠂ ᠲᠠᠯ᠎ᠠ ᠨᠤᠲᠤᠭ ᠤᠨ | ᠨᠣᠭᠤᠭᠠᠨ ᠬᠥᠷᠥᠰᠥ ᠶᠢᠨ ᠤᠤᠯ ᠥᠩᠭᠡ ᠶᠢ ᠰᠡᠷᠭᠦᠭᠡᠨ᠎ᠡ᠃ ᠪᠠᠷᠭᠤ ᠵᠡᠭᠡᠷ᠎ᠡ ᠶᠢᠨ ᠪᠠᠶᠢᠭᠠᠯᠢ ᠶᠢᠨ ᠬᠠᠮᠠᠭᠠᠯᠠᠯᠲᠠ ᠶᠢᠨ | ᠣᠷᠣᠨ ᠤ ᠪᠥᠲᠥᠭᠡᠨ ᠪᠠᠶᠢᠭᠤᠯᠤᠯᠲᠠ ᠶᠢ ᠴᠢᠩᠭᠠᠳᠬᠠᠨ᠂ ᠬᠠᠮᠠᠭᠠᠯᠠᠯᠲᠠ ᠶᠢᠨ ᠣᠷᠣᠨ ᠪᠦᠰᠡ ᠳᠤ ᠳᠠᠬᠢᠨ | ᠲᠣᠬᠢᠷᠠᠭᠤᠯᠤᠯᠲᠠ ᠬᠢᠵᠦ᠂ ᠵᠠᠭᠠᠭ ᠬᠠᠶᠢᠵᠤ ᠲᠡᠮᠳᠡᠭ ᠲᠣᠭᠲᠠᠭᠠᠬᠤ᠂ ᠣᠷᠣᠨ ᠪᠦᠰᠡ ᠶᠢ ᠪᠢᠲᠡᠭᠦᠮᠵᠢᠯᠡᠬᠦ᠂ | ᠨᠡᠭᠦᠳᠡᠯᠯᠡᠬᠦ ᠳᠤ ᠨᠡᠪᠲᠡᠷᠡᠬᠦ ᠵᠠᠮ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠪᠡᠶᠡᠯᠡᠭᠦᠯᠵᠦ᠂ ᠶᠡᠷᠦᠩᠬᠡᠶᠢᠯᠡᠨ | ᠬᠠᠮᠢᠶᠠᠷᠤᠨ ᠬᠠᠮᠠᠭᠠᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠣᠬᠢᠷᠲᠤᠯ ᠦᠭᠡᠢ ᠬᠦᠭᠵᠢᠭᠦᠯᠬᠦ | ᠠᠷᠭ᠎ᠠ ᠮᠠᠶ᠋ᠢᠭ ᠢ ᠬᠠᠶᠢᠨ ᠰᠦᠪᠡᠭᠴᠢᠯᠡᠨ᠎ᠡ᠃ᠪᠣᠬᠢᠷᠲᠤᠯ ᠦᠭᠡᠢ ᠳᠣᠣᠷ᠎ᠠ ᠨᠡᠬᠦᠷᠡᠰᠦᠳᠦ᠋ᠷᠦᠭᠴᠢᠳᠦ ᠠᠮᠢᠳᠤᠷᠠᠯ ᠢ | ᠰᠠᠨᠠᠭᠠᠴᠢᠯᠠᠵᠤ᠂ ᠬᠤᠭ ᠨᠣᠪᠰᠢ ᠶᠢ ᠲᠦᠷᠦᠯ ᠠᠩᠭᠢᠯᠠᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠲᠦᠷᠭᠡᠳᠬᠡᠨ | ᠠᠬᠢᠭᠤᠯᠤᠨ᠎ᠠ᠃ ᠤᠰᠤᠨ ᠤ ᠠᠮᠢ ᠠᠬᠤᠢ ᠶᠢᠨ ᠵᠠᠰᠠᠯᠲᠠ ᠶᠢ ᠲᠦᠷᠭᠡᠳᠬᠡᠵᠦ᠂ ᠳᠠᠬᠢᠨ ᠠᠰᠢᠭᠯᠠᠵᠤ ᠪᠣᠯᠬᠤ ᠤᠰᠤ ᠶᠢ | ᠡᠭᠡᠭᠦᠯᠦᠨ ᠬᠡᠷᠡᠭᠯᠡᠬᠦ ᠥᠷᠲᠡᠭ ᠢ ᠳᠡᠭᠡᠭᠰᠢᠯᠡᠭᠦᠯᠵᠦ᠂ ᠨᠤᠭᠤ ᠭᠠᠵᠠᠷ ᠤᠨ ᠠᠮᠢ ᠠᠬᠤᠢ ᠶᠢᠨ ᠣᠷᠣᠨ ᠪᠦᠰᠡ ᠶᠢ | ᠪᠠᠶᠢᠭᠤᠯᠤᠨ᠎ᠠ᠃ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠬᠠᠮᠢᠶᠠᠷᠤᠯᠲᠠ ᠡᠵᠡᠮᠳᠡᠯ ᠢ ᠴᠢᠩᠭᠠᠳᠬᠠᠨ᠂ | ᠰᠠᠭᠤᠭᠠᠯᠢ ᠠᠷᠠᠳ ᠤᠨ ᠠᠮᠢᠳᠤᠷᠠᠯ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠥᠪᠡᠷ ᠤᠨ ᠦᠷᠲᠡᠭ ᠢ | ᠪᠠᠭᠤᠷᠠᠭᠤᠯᠵᠤ᠂ ᠪᠣᠬᠢᠷᠲᠤᠯ ᠦᠭᠡᠢ ᠬᠦᠭᠵᠢᠬᠦᠯᠬᠦ ᠳᠤ ᠰᠢᠨ᠎ᠡ ᠣᠷᠴᠢᠨ ᠲᠣᠭᠤᠷᠢᠨ ᠢ ᠪᠤᠢ ᠪᠤᠯᠭᠠᠵᠦ ᠦᠭᠬᠦᠨ᠎ᠡ᠃ | ᠠᠭᠤᠷᠬᠠᠢ ᠶᠢᠨ ᠭᠠᠵᠠᠷ ᠵᠦᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠬᠤ ᠠᠵᠢᠯ ᠢ ᠦᠷᠭᠦᠯᠵᠢᠯᠡᠨ ᠲᠦᠯᠬᠢᠨ | ᠠᠬᠢᠭᠤᠯᠵᠤ᠂ ᠪᠤᠬᠢᠷᠲᠤᠯ ᠦᠭᠡᠢ ᠠᠭᠤᠷᠬᠠᠢ ᠶᠢᠨ ᠪᠦᠬᠦᠯᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠠᠷᠠᠳ ᠤᠨ ᠵᠠᠩ ᠦᠢᠯᠡ ᠰᠣᠶᠣᠯ ᠤᠨ ᠠᠵᠤ ᠦᠢᠯᠡᠰ ᠤᠨ ᠬᠦᠷᠢᠶᠡᠯᠡᠩ ᠤᠨ | ᠡᠷᠡᠭᠦᠯ ᠪᠦᠭᠡᠳ ᠪᠣᠬᠢᠷᠲᠤᠯ ᠦᠭᠡᠢ ᠡᠵᠡᠩᠨᠡᠯᠲᠡ ᠶᠢ ᠲᠦᠯᠬᠢᠨ ᠠᠬᠢᠭᠤᠯᠵᠤ᠂ ᠵᠤᠭᠠᠴᠠᠭᠰᠠᠳ ᠢ ᠲᠥᠪᠯᠡᠷᠡᠭᠦᠯᠦᠨ | ᠲᠠᠷᠬᠠᠭᠠᠬᠤ ᠲᠥᠪ ᠤᠨ ᠴᠢᠳᠠᠮᠵᠢ ᠶᠢ ᠪᠠᠳᠠᠷᠠᠭᠤᠯᠵᠤ᠂ ᠬᠥᠯᠥᠨ ᠪᠣᠶᠢᠷ ᠤᠨ ᠣᠯᠠᠨ ᠤᠯᠤᠰ ᠤᠨ ᠪᠣᠬᠢᠷᠲᠤᠯ ᠦᠭᠡᠢ | ᠬᠥᠭᠵᠢᠯᠲᠡ ᠶᠢᠨ ᠶᠡᠭᠡ ᠬᠤᠷᠠᠯ ᠤᠨ ᠲᠠᠯ᠎ᠠ ᠨᠤᠲᠤᠭ ᠲᠠᠬᠢ ᠬᠤᠪᠢᠶᠠᠷᠢ ᠶᠠᠷᠢᠯᠴᠠᠭᠠᠨ ᠤ ᠲᠠᠪᠴᠠᠩ ᠤᠨ ᠬᠤᠷᠠᠯ ᠤᠨ | ᠬᠠᠶ᠋ᠢᠭ ᠪᠣᠯᠭᠠᠬᠤ ᠪᠠᠷ ᠴᠢᠷᠮᠠᠶᠢᠨ᠎ᠠ᠃ ᠠᠮᠢ ᠠᠬᠤᠢ ᠶᠢᠨ ᠪᠣᠯᠪᠠᠰᠤᠨ ᠤ ᠳᠦᠷᠢᠮ ᠢ ᠲᠡᠭᠦᠯᠳᠡᠷᠵᠢᠭᠦᠯᠦᠨ᠎ᠡ᠃ | ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ᠂ | ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠬᠤᠳᠠ ᠪᠠᠯᠭᠠᠰᠤ ᠶᠢ ᠨᠡᠭᠡᠭᠡᠨ ᠬᠥᠭᠵᠢᠭᠦᠯᠬᠦ ᠵᠠᠭᠠᠭ | ᠬᠢᠵᠠᠭᠠᠷ ᠢ ᠨᠢᠭᠡᠳᠦᠯᠲᠡᠶ ᠲᠥᠯᠥᠪᠯᠡᠨ ᠵᠠᠭᠠᠭᠯᠠᠨ ᠲᠣᠭᠲᠠᠭᠠᠵᠤ᠂ ᠭᠤᠷᠪᠠᠳᠤᠭᠠᠷ ᠤᠳᠠᠭᠠᠨ ᠤ ᠤᠯᠤᠰ ᠤᠨ ᠭᠠᠵᠠᠷ | ᠰᠢᠷᠤᠢ ᠶᠢᠨ ᠪᠠᠶᠢᠴᠠᠭᠠᠯᠲᠠ ᠶᠢ ᠪᠡᠶᠡᠯᠡᠭᠦᠯᠵᠦ᠂ ᠠᠮᠢ ᠠᠬᠤᠶ᠂ ᠣᠷᠴᠢᠨ ᠲᠣᠭᠤᠷᠢᠨ᠂ ᠡᠬᠢ ᠪᠠᠶᠠᠯᠢᠭ ᠭᠤᠷᠪᠠᠨ ᠵᠣᠷᠪᠤᠰ | ᠬᠤᠷᠢᠭ᠎ᠠ ᠱᠤᠭᠤᠮ ᠢ ᠡᠷᠡᠰ ᠪᠠᠲᠤ ᠰᠠᠬᠢᠨ᠎ᠠ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ | ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠲᠦᠷᠢᠮ ᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ︽ᠭᠤᠷᠪᠠᠨ ᠵᠣᠷᠪᠣᠰ ᠤᠯᠠᠭᠠᠨ ᠱᠤᠭᠤᠮ︾ ᠢ ᠪᠠᠳᠦ ᠰᠠᠬᠢᠨ᠎ᠠ᠃ ᠠᠮᠢ ᠠᠬᠤᠶ ᠶᠢᠨ | ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠡᠬᠢ | ᠪᠠᠶᠠᠯᠢᠭ ᠢ ᠵᠠᠭᠠᠭᠯᠠᠨ ᠲᠣᠭᠲᠠᠭᠠᠬᠤ᠂ ᠦᠨᠡᠯᠡᠨ ᠵᠢᠱᠢᠬᠦ ᠪᠠ ᠬᠢᠨᠠᠨ ᠪᠤᠳᠤᠬᠤ ᠲᠦᠷᠢᠮ ᠢ ᠰᠦᠪᠡᠭᠴᠢᠯᠡᠨ ᠪᠠᠶᠢᠭᠤᠯᠵᠤ᠂ | ᠲᠣᠭᠲᠠᠮᠠᠯ ᠪᠣᠬᠢᠷᠲᠤᠯ ᠤᠨ ᠢᠷᠡᠯᠲᠡ ᠶᠢᠨ ᠪᠣᠬᠢᠷᠲᠤᠯ ᠭᠠᠳᠠᠭᠰᠢᠯᠠᠭᠤᠯᠬᠤ ᠳᠤ ᠵᠥᠪᠰᠢᠶᠡᠷᠡᠯ ᠣᠯᠭᠤᠬᠤ | ᠪᠦᠷᠬᠦᠴᠡ ᠶᠢ ᠪᠡᠶᠡᠯᠡᠭᠦᠯᠦᠨ᠎ᠡ᠃ ᠠᠮᠢ ᠠᠬᠤᠢ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠪᠡᠯᠴᠢᠭᠡᠷᠯᠡᠭᠦᠯᠬᠦ ᠶᠢ ᠵᠣᠭᠰᠣᠭᠠᠭᠰᠠᠨ ᠣᠷᠣᠨ ᠳᠤ ᠬᠤᠯᠠᠭᠠᠢ ᠪᠠᠷ ᠮᠠᠯᠵᠢᠬᠤ᠂ ᠳᠠᠭᠠᠭᠠᠴᠠ ᠠᠴᠠ ᠬᠡᠲᠦᠷᠡᠭᠦᠯᠦᠨ | ᠮᠠᠯᠵᠢᠬᠤ᠂ ᠳᠤᠷ᠎ᠠ ᠪᠠᠷ ᠢᠶᠠᠨ ᠲᠡᠭᠦᠵᠦ ᠮᠠᠯᠲᠠᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ | ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠭᠤᠤᠯᠳᠠᠯᠭ᠎ᠠ ᠲᠠᠢ᠂ ᠬᠦᠴᠢᠷ | ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ | ︵ᠭᠤᠷᠪᠠ︶ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠳᠣᠪᠤᠶᠢᠯᠭᠠᠵᠤ᠂ ᠠᠵᠤ ᠦᠢᠯᠡᠰ ᠤᠨ | ᠴᠤᠭᠯᠠᠷᠠᠯ ᠤᠨ ᠰᠢᠨ᠎ᠡ ᠬᠥᠳᠡᠯᠭᠡᠭᠦᠷ ᠢ ᠪᠣᠶ ᠪᠣᠯᠭᠠᠨ᠎ᠠ | ᠠᠵᠤ ᠦᠢᠯᠡᠰ ᠤᠨ ᠪᠦᠲᠦᠴᠡ ᠶᠢ ᠲᠤᠬᠢᠷᠠᠭᠤᠯᠤᠨ ᠰᠢᠯᠢᠳᠡᠭᠵᠢᠭᠦᠯᠬᠦ ᠶᠢ ᠲᠦᠷᠭᠡᠳᠬᠡᠨ᠂ ᠡᠯ᠎ᠡ | ᠲᠥᠷᠥᠯ ᠤᠨ ᠴᠢᠬᠤᠯᠠ ᠬᠦᠴᠦᠨ ᠵᠦᠢᠯ ᠢ ᠲᠦᠪᠯᠡᠷᠡᠭᠦᠯᠬᠦ ᠶᠢ ᠲᠦᠯᠬᠢᠨ ᠠᠬᠢᠭᠤᠯᠵᠤ᠂ ᠲᠤᠭ᠎ᠠ ᠬᠡᠮᠵᠢᠶ᠎ᠡ ᠶᠢᠨ | ᠵᠣᠬᠢᠰᠲᠠᠶ ᠨᠡᠮᠡᠭᠳᠡᠯ ᠪᠠ ᠶᠠᠰᠤ ᠴᠢᠨᠠᠷ ᠤᠨ ᠲᠣᠭᠲᠠᠭᠤᠨ ᠳᠡᠭᠡᠭᠰᠢᠯᠡᠯᠳᠡ ᠶᠢ ᠪᠡᠶᠡᠯᠡᠭᠦᠯᠦᠨ᠎ᠡ᠃ ᠮᠠᠯ ᠠᠵᠤ | ᠠᠬᠤᠢ ᠶᠢᠨ ᠶᠠᠰᠤ ᠴᠢᠨᠠᠷ ᠢ ᠲᠦᠷᠭᠡᠳᠭᠡᠨ ᠳᠡᠭᠡᠭᠰᠢᠯᠡᠬᠦᠯᠦᠨ᠎ᠡ᠃ ᠮᠠᠯ ᠠᠵᠤ ᠠᠬᠤᠶ ᠶᠢᠨ ᠰᠠᠭᠤᠷᠢ | ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ᠂ ᠮᠠᠯ ᠠᠵᠤ ᠠᠬᠤᠶ ᠶᠢᠨ ᠭᠠᠮᠰᠢᠭ ᠠᠴᠠ | ᠰᠡᠷᠭᠡᠶᠢᠯᠡᠨ ᠭᠠᠮᠰᠢᠭ ᠢ ᠪᠠᠭᠠᠰᠬᠠᠬᠤ ᠴᠢᠳᠠᠪᠤᠷᠢ ᠶᠢ ᠦᠷᠭᠦᠯᠵᠢᠯᠡᠨ ᠨᠡᠮᠡᠭᠳᠡᠭᠦᠯᠵᠦ᠂ ᠮᠠᠯᠵᠢᠬᠤ ᠦᠢᠯᠡᠳᠪᠦᠷᠢᠯᠡᠯ ᠤᠨ | ᠪᠠᠲᠤᠯᠠᠭ᠎ᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠠᠮᠢᠲᠠᠨ ᠤ ᠬᠢᠵᠢᠭ ᠢ ᠬᠢᠨᠠᠨ ᠬᠠᠮᠢᠶᠠᠷᠬᠤ | ᠰᠢᠰᠲ᠋ᠧᠮ ᠢ ᠲᠡᠭᠦᠯᠳᠡᠷᠵᠢᠭᠦᠯᠵᠦ᠂ ᠮᠠᠯ ᠤᠨ ᠡᠪᠦᠯ ᠬᠠᠪᠤᠷ ᠤᠨ ᠮᠡᠨᠳᠦ ᠤᠨᠳᠤᠷᠤᠯᠳᠠ ᠶᠢ ᠪᠠᠲᠤᠯᠠᠨ᠂ ᠲᠥᠯ ᠲᠣᠰᠴᠤ | ᠪᠤᠶᠢᠵᠢᠭᠤᠯᠬᠤ ᠠᠵᠢᠯ ᠢ ᠤᠷᠤᠭᠰᠢᠲᠠᠢ ᠪᠡᠶᠡᠯᠡᠭᠦᠯᠦᠨ᠎ᠡ᠃ ᠪᠠᠷᠭᠤ ᠬᠤᠨᠢᠨ ᠤ ᠴᠡᠪᠡᠷ ᠡᠭᠦᠯᠳᠡᠷ ᠢ ᠬᠠᠮᠠᠭᠠᠯᠠᠬᠤ ᠶᠢ | ᠴᠢᠩᠭᠠᠳᠬᠠᠵᠤ᠂ 4000 ᠬᠤᠴᠠᠨ ᠤ ᠬᠢᠨᠠᠨ ᠲᠣᠭᠲᠠᠭᠠᠯᠲᠠ ᠶᠢ ᠪᠡᠶᠡᠯᠡᠭᠦᠯᠦᠨ᠎ᠡ᠃ ᠠᠳᠤᠭᠤᠨ ᠰᠣᠶᠣᠯ ᠤᠨ ᠠᠵᠤ | ᠦᠢᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠮᠣᠷᠢ ᠣᠷᠣᠯᠳᠤᠬᠤ ᠲᠠᠯᠠᠪᠠᠢ᠂ ᠮᠣᠷᠢ ᠰᠤᠷᠭᠠᠬᠤ ᠲᠠᠯᠠᠪᠠᠢ᠂ ᠴᠡᠭᠡ | ᠡᠳ᠋ᠰᠢᠭᠦᠯᠬᠦ᠂ ᠮᠣᠩᠭᠤᠯ ᠠᠳᠤᠭᠤᠨ ᠤ ᠡᠭᠦᠯᠳᠡᠷ ᠢ ᠬᠠᠮᠠᠭᠠᠯᠠᠨ ᠰᠠᠶᠢᠵᠢᠷᠠᠭᠤᠯᠬᠤ᠂ ᠠᠳᠤᠭᠤᠨ ᠰᠣᠶᠣᠯ ᠤᠨ | ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠵᠡᠷᠭᠡ ᠲᠥᠷᠥᠯ ᠵᠦᠢᠯ ᠢ ᠬᠡᠷᠡᠭᠵᠢᠭᠦᠯᠦᠨ᠎ᠡ᠃ | ᠳᠣᠯᠣᠳᠤᠭᠠᠷ ᠬᠤᠭᠤᠴᠠᠭᠠᠨ ᠤ ᠬᠤᠨᠢ ᠰᠢᠯᠭᠠᠷᠠᠭᠤᠯᠬᠤ ᠤᠷᠤᠯᠳᠤᠭᠠᠨ᠂ ︽ᠪᠠᠷᠠᠭᠤᠨ ᠬᠤᠰᠢᠭᠤᠨ ᠤ ᠬᠤᠨᠢᠨ ᠤ ᠮᠢᠬ᠎ᠠ︾ | ᠶᠢ ᠲᠠᠨᠢᠯᠴᠠᠭᠤᠯᠬᠤ ᠬᠤᠷᠠᠯ ᠵᠡᠷᠭᠡ ᠰᠢᠷᠢᠰ ᠠᠵᠢᠯᠯᠠᠭ᠎ᠠ ᠶᠢ ᠦᠷᠭᠦᠯᠵᠢᠯᠡᠨ ᠡᠷᠬᠢᠯᠡᠨ ᠬᠢᠵᠦ᠂ ᠬᠥᠯᠥᠨ ᠪᠣᠶᠢᠷ ᠤᠨ | ᠲᠠᠯ᠎ᠠ ᠨᠤᠲᠤᠭ ᠤᠨ ᠬᠤᠨᠢᠨ ᠤ ᠮᠢᠬ᠎ᠠ ᠶᠢᠨ ᠭᠤᠣᠯ ᠪᠦᠲᠦᠭᠡᠭᠳᠡᠬᠦᠨ ᠪᠣᠯᠬᠤ ︽ᠪᠠᠷᠠᠭᠤᠨ ᠬᠤᠰᠢᠭᠤᠨ ᠤ ᠬᠤᠨᠢᠨ ᠤ | ᠮᠢᠬ᠎ᠠ︾ ᠶᠢᠨ ᠭᠠᠵᠠᠷ ᠵᠦᠢ ᠶᠢᠨ ᠰᠢᠨᠵᠢ ᠲᠡᠮᠳᠡᠭᠲᠦ ᠪᠦᠲᠦᠭᠡᠭᠳᠡᠬᠦᠨ ᠤ ᠨᠥᠯᠥᠭᠡᠯᠡᠬᠦ ᠬᠦᠴᠦᠨ ᠢ ᠥᠷᠭᠡᠳᠬᠡᠨ᠂ ᠶᠠᠰᠤ | ᠴᠢᠨᠠᠷ ᠢᠶᠠᠷ ᠦᠨ᠎ᠡ ᠬᠠᠩᠰᠢ ᠶᠢ ᠲᠦᠯᠬᠢᠨ ᠠᠬᠢᠭᠤᠯᠵᠤ᠂ ᠮᠠᠯᠴᠢᠳ ᠤᠨ ᠣᠷᠣᠯᠭ᠎ᠠ ᠶᠢᠨ ᠲᠣᠭᠲᠠᠭᠤᠨ ᠨᠡᠮᠡᠭᠳᠡᠯ ᠢ | ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠠᠵᠤ | ᠦᠢᠯᠡᠳᠪᠦᠷᠢ ᠶᠢᠨ ᠭᠤᠤᠯᠯᠠᠬᠤ ᠪᠠᠶᠢᠷᠢ ᠰᠠᠭᠤᠷᠢ ᠶᠢ ᠪᠠᠲᠤᠳᠬᠠᠵᠤ᠂ ᠦᠢᠯᠡᠳᠪᠦᠷᠢ ᠠᠭᠤᠷᠬᠠᠶ ᠶᠢᠨ ᠠᠵᠤ | ᠠᠬᠤᠶᠢᠯᠠᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ᠂ ᠷᠦᠩ ᠳ᠋ᠠ ᠠᠭᠤᠷᠬᠠᠢ ᠶᠢᠨ ᠭᠦᠨ | ᠬᠡᠰᠡᠭ ᠲᠠᠬᠢ ᠡᠬᠢ ᠪᠠᠶᠠᠯᠢᠭ ᠢ ᠣᠷᠣᠯᠠᠬᠤ ᠮᠡᠷᠭᠡᠵᠢᠯ ᠢ ᠰᠠᠶᠢᠵᠢᠷᠠᠭᠤᠯᠬᠤ ᠪᠠ ᠶᠢᠨ ᠱᠠᠨ ᠠᠭᠤᠷᠬᠠᠢ ᠶᠢᠨ ᠨᠢᠭᠡ | ᠤᠰᠤᠲᠤ ᠬᠦᠬᠦᠷ ᠬᠦᠴᠢᠯ ᠤᠨ ᠮᠠᠩᠭᠠᠨ ᠤ ᠮᠡᠷᠭᠡᠵᠢᠯ ᠢ ᠰᠠᠶᠢᠵᠢᠷᠠᠭᠤᠯᠬᠤ ᠲᠦᠷᠦᠯ ᠵᠦᠢᠯ ᠢ ᠦᠷᠭᠦᠯᠵᠢᠯᠡᠨ | ᠬᠡᠷᠡᠭᠵᠢᠭᠦᠯᠦᠨ᠎ᠡ᠃ ᠮᠡᠷᠭᠡᠵᠢᠯ ᠤᠨ ᠰᠢᠨ᠎ᠡ ᠶᠢ ᠡᠭᠦᠳᠬᠦ ᠪᠠ ᠬᠡᠪᠴᠢᠶᠡᠵᠢᠭᠰᠡᠨ ᠨᠥᠯᠥᠭᠡᠯᠡᠯ ᠢ ᠠᠰᠢᠭᠯᠠᠨ | ᠥᠷᠢᠰᠥᠯᠳᠦᠭᠡᠨ ᠤ ᠳᠠᠪᠠᠭᠤᠯᠢᠭ ᠢ ᠪᠤᠢ ᠪᠣᠯᠭᠠᠵᠤ᠂ ᠳᠤᠮᠳᠠᠳᠤ ᠤᠯᠤᠰ ᠤᠨ ᠬᠤᠸᠠᠩ ᠶᠢᠨ᠂ ᠳ᠋ᠠᠴᠢᠩ᠂ ᠷᠦᠩ ᠳ᠋ᠠ᠂ | ᠴᠠᠭᠠᠨ᠂ ᠶᠢᠨ ᠱᠠᠨ ᠵᠡᠷᠭᠡ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠵᠤ ᠦᠢᠯᠡᠰ ᠤᠨ ᠬᠡᠯᠬᠢᠶ᠎ᠡ ᠪᠠᠨ | ᠤᠷᠲᠤᠳᠬᠠᠬᠤ ᠶᠢ ᠵᠣᠷᠢᠭᠵᠢᠭᠤᠯᠤᠨ᠂ ᠳᠤᠮᠳᠠᠳᠤ ᠤᠯᠤᠰ ᠤᠨ ᠬᠤᠸᠠᠩ ᠶᠢᠨ ᠠᠭᠤᠷᠬᠠᠢ ᠶᠢᠨ ᠦᠢᠯᠡᠰ ᠤᠨ ᠳᠣᠣᠷ᠎ᠠ | ᠠᠭᠤᠯᠤᠭᠳᠠᠴᠠ ᠲᠠᠢ ᠬᠠᠶᠠᠭᠳᠠᠮᠠᠯ ᠵᠡᠰ ᠤᠨ ᠬᠦᠳᠡᠷ ᠢ ᠡᠭᠡᠭᠦᠯᠦᠨ ᠬᠤᠷᠢᠶᠠᠵᠤ ᠠᠰᠢᠭᠯᠠᠬᠤ ᠪᠠ ᠰᠢᠨ᠎ᠡ ᠪᠠᠷ | ᠨᠡᠮᠡᠭᠳᠡᠭᠰᠡᠨ ᠰᠢᠷᠣᠶ ᠭᠠᠳᠠᠭᠰᠢᠯᠠᠭᠤᠯᠬᠤ ᠲᠠᠯᠠᠪᠠᠢ᠂ ᠭᠤᠷᠪᠠᠳᠤᠭᠠᠷ ᠬᠤᠭᠤᠴᠠᠭᠠᠨ ᠤ ᠦᠯᠡᠳᠡᠭᠳᠡᠯ ᠬᠦᠳᠡᠷ ᠤᠨ | ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ᠴᠠᠭᠠᠨ ᠪᠣᠯᠤᠨ | ᠷᠦᠩ ᠳ᠋ᠡ ᠠᠭᠤᠷᠬᠠᠶ ᠶᠢᠨ ᠦᠢᠯᠡᠰ ᠢ ᠨᠡᠶᠢᠯᠡᠭᠦᠯᠬᠦ ᠶᠢ ᠠᠬᠢᠭᠤᠯᠤᠨ᠂ ᠬᠠᠶᠢᠯᠤᠭᠤᠷ ᠴᠢᠯᠠᠭᠤ ᠶᠢ ᠭᠠᠳᠠᠭᠠᠳᠤ ᠠᠴᠠ | ᠣᠷᠤᠭᠤᠯᠤᠨ ᠡᠳ᠋ᠰᠢᠭᠦᠯᠬᠦ ᠶᠢ ᠲᠦᠯᠬᠢᠨ ᠠᠬᠢᠭᠤᠯᠵᠤ᠂ ᠮᠣᠩᠭᠤᠯ ᠤᠯᠤᠰ ᠤᠨ ᠬᠤᠩ ᠪᠥᠸᠧ ᠠᠭᠤᠷᠬᠠᠢ ᠶᠢᠨ | ᠦᠢᠯᠡᠰ ᠢ ᠣᠷᠣᠭᠤᠯᠤᠨ ᠠᠪᠴᠢᠷᠠᠬᠤ ᠪᠠᠷ ᠴᠢᠷᠮᠠᠶᠢᠵᠦ᠂ ᠠᠵᠤ ᠦᠢᠯᠡᠳᠪᠦᠷᠢ ᠶᠢᠨ ᠰᠢᠨ᠎ᠡ ︽ᠨᠡᠮᠡᠭᠳᠡᠯ ᠤᠨ ᠲᠦᠢᠯ︾ | ᠢ ᠪᠤᠢ ᠪᠣᠯᠭᠠᠨ᠎ᠠ᠃ ᠲᠣᠭᠲᠠᠴᠠ ᠪᠠ ᠬᠦᠴᠦᠨ ᠵᠦᠢᠯ ᠤᠨ ᠪᠣᠭᠤᠮᠢ ᠶᠢ ᠡᠪᠳᠡᠨ᠂ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠢ ᠬᠥᠯᠥᠨ ᠪᠣᠶᠢᠷ ᠤᠨ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠠᠢ | ᠨᠡᠶᠢᠯᠡᠭᠦᠯᠬᠦ ᠶᠢ ᠲᠦᠯᠬᠢᠨ ᠠᠬᠢᠭᠤᠯᠵᠤ᠂ ᠡᠵᠡᠩᠨᠡᠯᠲᠡ ᠬᠠᠮᠢᠶᠠᠷᠤᠯᠲᠠ ᠶᠢᠨ ᠪᠠᠶᠢᠭᠤᠯᠤᠯ ᠢ ᠰᠢᠯᠤᠭᠤᠳᠬᠠᠨ᠂ ᠵᠠᠰᠠᠭ | ᠵᠠᠬᠢᠷᠭᠠᠨ ᠤ ᠦᠢᠯᠡᠴᠢᠯᠡᠭᠡᠨ ᠤ ᠴᠢᠳᠠᠪᠬᠢ ᠶᠢ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ | ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠎ᠡ᠃ ᠠᠷᠠᠳ ᠠᠴᠠ ᠡᠵᠡᠩᠨᠡᠭᠰᠡᠨ ᠠᠵᠤ ᠠᠬᠤᠢ ᠶᠢᠨ ᠬᠥᠭᠵᠢᠯᠲᠡ ᠳᠤ | ᠬᠦᠴᠦ ᠨᠡᠮᠡᠷᠢᠯᠡᠨ᠂ ᠲᠦᠭᠡᠮᠡᠯ ᠬᠠᠷᠠᠭᠠᠯᠵᠠᠯ ᠤᠨ ᠲᠦᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠣᠯᠬᠤ ᠪᠠᠷ | ᠢᠳᠡᠪᠬᠢᠲᠡᠢ ᠴᠢᠷᠮᠠᠶᠢᠵᠤ᠂ ︽ᠲᠤᠰᠬᠠᠢ ᠨᠠᠷᠢᠯᠢᠭ ᠦᠪᠡᠷᠮᠢᠴᠡ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠤᠨ | ᠦᠰᠦᠨ ᠪᠣᠶᠢᠵᠢᠯᠲᠠ ᠶᠢ ᠲᠡᠳᠬᠦᠨ᠎ᠡ᠃ ᠦᠢᠯᠡᠴᠢᠯᠡᠭᠡᠨ ᠤ ᠦᠢᠯᠡᠰ ᠤᠨ ᠦᠢᠯᠡᠳᠦᠯ ᠴᠢᠳᠠᠪᠬᠢ ᠶᠢ ᠲᠡᠭᠡᠭᠰᠢᠯᠡᠬᠦᠯᠦᠨ᠎ᠡ᠃ | ᠵᠤᠭᠠᠴᠠᠯ ᠤᠨ ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ︽ᠵᠤᠭᠠᠴᠠᠯ +︾ ᠠᠵᠢᠯ ᠢ ᠭᠦᠢᠴᠡᠳ ᠬᠢᠵᠦ᠂ | ᠳᠣᠲᠣᠭᠠᠳᠤ ᠬᠡᠷᠡᠭᠴᠡᠭᠡ ᠶᠢᠨ ᠳᠠᠯᠳᠠ ᠬᠦᠴᠦᠨ ᠢ ᠦᠷᠭᠦᠯᠵᠢᠯᠡᠨ ᠪᠠᠳᠠᠷᠠᠭᠤᠯᠤᠨ᠎ᠠ᠃ ︽ᠪᠥᠬᠦ ᠣᠷᠣᠨ ᠪᠦᠰᠡ ᠶᠢᠨ | ᠵᠤᠭᠠᠴᠠᠯ︾ ᠪᠠ ︽ᠳᠥᠷᠪᠡᠨ ᠤᠯᠠᠷᠢᠯ ᠤᠨ ᠵᠤᠭᠠᠴᠠᠯ︾ ᠢ ᠲᠦᠯᠬᠢᠨ ᠠᠬᠢᠭᠤᠯᠵᠤ᠂ ᠪᠥᠬᠦ ᠬᠤᠰᠢᠭᠤᠨ ᠤ ᠵᠤᠭᠠᠴᠠᠯ ᠤᠨ | ᠲᠥᠯᠥᠪᠵᠢᠭᠦᠯᠭᠡ ᠪᠠᠷ ᠬᠥᠲᠥᠯᠦᠨ ᠵᠢᠯᠣᠭᠤᠳᠤᠭᠤᠯᠵᠤ᠂ ︽ᠢᠯᠭᠠᠭᠠᠳᠦ︾ ᠵᠤᠭᠠᠴᠠᠯ ᠢ ᠬᠦᠭᠵᠢᠭᠦᠯᠦᠨ᠂ ︽ᠬᠤᠶᠠᠷ | ᠨᠠᠭᠤᠷ᠂ ᠬᠤᠶᠠᠷ ᠭᠤᠤᠯ᠂ ᠪᠣᠭᠳᠠᠠᠭᠤᠯᠠ᠂ ᠨᠤᠭᠤ ᠭᠠᠵᠠᠷ︾ ᠭᠡᠬᠦ ᠠᠯᠳᠠᠨ ᠦᠰᠦᠭᠳᠦ ᠫᠠᠶᠢᠰᠠ ᠢᠯᠡᠷᠭᠡᠶᠢᠯᠡᠯ ᠢ | ᠦᠩᠭᠡᠯᠡᠵᠦ᠂ ᠶᠡᠷᠦᠩᠬᠡᠶᠢᠯᠡᠭᠰᠡᠨ ᠢᠵᠢ ᠪᠥᠷᠢᠳᠦᠭᠰᠡᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠂ ᠬᠢᠯᠢ | ᠠᠯᠤᠰᠯᠠᠭᠰᠠᠨ ᠵᠤᠭᠠᠴᠠᠯ ᠤᠨ ᠬᠠᠮᠲᠤᠷᠠᠯᠴᠠᠭᠠᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠬᠠᠶᠢᠨ | ᠰᠦᠪᠡᠭᠴᠢᠯᠡᠵᠦ᠂ ︽ᠲᠠᠯ᠎ᠠ ᠨᠤᠲᠤᠭ ᠤᠨ ᠮᠠᠯᠵᠢᠬᠤ ᠡᠷᠦᠬᠡ ᠶᠢᠨ ᠭᠦᠨᠵᠡᠭᠡᠶ ᠵᠤᠭᠠᠴᠠᠯ︾ ︽ᠪᠣᠭᠤᠮᠲᠠ ᠶᠢᠨ ᠵᠤᠭᠠᠴᠠᠯ︾ | ︽ᠬᠢᠯᠢ ᠠᠯᠤᠰᠯᠠᠭᠰᠠᠨ ᠵᠤᠭᠠᠴᠠᠯ︾ ᠤᠨ ᠪᠡᠶᠡᠴᠢᠯᠡᠨ ᠣᠶᠢᠯᠠᠭᠠᠬᠤ ᠰᠢᠨ᠎ᠡ ᠵᠠᠭᠪᠤᠷ ᠢ ᠬᠥᠭᠵᠢᠭᠦᠯᠦᠨ᠎ᠡ᠃ ᠪᠣᠭᠳᠠᠠᠭᠤᠯᠠ | ᠵᠠᠩ ᠦᠢᠯᠡ ᠰᠣᠶᠣᠯ ᠵᠤᠭᠠᠴᠠᠯ ᠤᠨ ᠪᠦᠰᠡ ᠶᠢ ᠭᠦᠨᠵᠡᠭᠡᠢ ᠨᠡᠭᠡᠭᠡᠨ ᠬᠦᠭᠵᠢᠭᠦᠯᠵᠦ᠂ ᠲᠠᠯ᠎ᠠ ᠨᠤᠲᠤᠭ ᠤᠨ | ᠵᠤᠭᠠᠴᠠᠯ ᠤᠨ ᠪᠦᠲᠦᠭᠡᠭᠳᠡᠬᠦᠨ ᠤ ᠰᠣᠶᠣᠯ ᠤᠨ ᠠᠭᠤᠯᠬᠤᠨ ᠢ ᠳᠡᠭᠡᠭᠰᠢᠯᠡᠭᠦᠯᠦᠨ᠂ ᠵᠤᠭᠠᠴᠠᠯ ᠤᠨ ᠲᠠᠸᠠᠷ ᠤᠨ | ᠪᠦᠲᠦᠭᠡᠭᠳᠡᠬᠦᠨ ᠤ ᠲᠤᠰᠬᠠᠢ ᠲᠠᠨᠢᠯᠴᠠᠭᠤᠯᠭ᠎ᠠ ᠶᠢᠨ ᠬᠤᠷᠠᠯ ᠢ ᠵᠣᠬᠢᠶᠠᠨ ᠪᠠᠶᠢᠭᠤᠯᠵᠤ᠂ ᠣᠨᠴᠠᠯᠢᠭᠲᠤ ᠵᠤᠭᠠᠴᠠᠯ ᠤᠨ | ᠵᠢᠵᠢᠭ ᠪᠠᠯᠭᠠᠰᠤ ᠶᠢ ᠪᠠᠶᠢᠭᠤᠯᠤᠨ᠎ᠠ᠃ ᠵᠤᠭᠠᠴᠠᠯ ᠬᠢᠭᠡᠳ ᠪᠡᠶ᠎ᠡ ᠶᠢᠨ ᠲᠠᠮᠢᠷ ᠢ ᠬᠠᠷᠢᠯᠴᠠᠨ ᠠᠭᠤᠰᠤᠯᠴᠠᠭᠤᠯᠬᠤ ᠠᠷᠭ᠎ᠠ | ᠵᠠᠮ ᠢ ᠥᠷᠭᠡᠳᠬᠡᠵᠦ᠂ ᠳᠤᠮᠳᠠᠳᠤ ᠣᠷᠣᠰ ᠮᠣᠩᠭᠤᠯ ᠭᠤᠷᠪᠠᠨ ᠤᠯᠤᠰ ᠤᠨ ᠪᠡᠶ᠎ᠡ ᠶᠢᠨ ᠲᠠᠮᠢᠷ ᠤᠨ ᠰᠣᠯᠢᠯᠴᠠᠭᠠᠨ ᠤ | ᠤᠷᠤᠯᠳᠤᠭᠠᠨ ᠢ ᠡᠷᠬᠢᠯᠡᠨ ᠬᠢᠵᠦ᠂ ᠤᠷᠤᠨ ᠨᠤᠲᠤᠭ ᠤᠨ ᠠᠯᠳᠠᠷᠰᠢᠯ ᠤᠨ ᠬᠡᠮᠵᠢᠶ᠎ᠡ ᠶᠢ ᠨᠡᠮᠡᠭᠳᠡᠭᠦᠯᠦᠨ᠎ᠡ᠃ ︽ᠨᠢᠭᠡ | ᠪᠦᠰᠡ ᠨᠢᠭᠡ ᠵᠠᠮ︾ ᠤᠨ ᠨᠡᠭᠡᠭᠡᠯᠲᠡ ᠬᠢᠬᠦ ᠳᠠᠪᠠᠭᠤᠯᠢᠭ ᠲᠤ ᠲᠦᠰᠢᠭᠯᠡᠨ᠂ ︽ᠤᠮᠠᠷᠠᠰᠢ ᠨᠡᠭᠡᠭᠡᠯᠲᠡ ᠬᠢᠬᠦ︾ ᠡᠮᠦᠨ᠎ᠡ | ᠵᠠᠬ᠎ᠠ ᠶᠢ ᠡᠭᠦᠳᠦᠨ ᠪᠠᠶᠢᠭᠤᠯᠵᠤ᠂ ︽ᠬᠤᠶᠠᠷ ᠵᠠᠬ᠎ᠠ ᠳᠡᠯᠭᠡᠭᠦᠷ︾ ︽ᠬᠤᠶᠠᠷ ᠵᠦᠢᠯ ᠤᠨ ᠡᠬᠢ ᠪᠠᠶᠠᠯᠢᠭ︾ ᠢ ᠭᠦᠢᠴᠡᠳ | ᠠᠰᠢᠭᠯᠠᠨ᠂ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠷᠤᠬᠠᠰᠢᠶᠠᠲᠤ ᠪᠣᠭᠤᠮᠲᠠ ᠶᠢᠨ ᠵᠢᠯ ᠲᠤᠷᠰᠢ | ᠴᠢᠯᠦᠭᠡᠲᠡᠢ ᠨᠡᠭᠡᠭᠡᠭᠳᠡᠬᠦ ᠨᠥᠯᠥᠭᠡᠯᠡᠨ ᠳᠠᠶᠢᠴᠢᠯᠠᠬᠤ ᠦᠢᠯᠡᠳᠦᠯ ᠢ ᠪᠠᠳᠠᠷᠠᠭᠤᠯᠤᠨ᠂ ᠥᠪᠥᠷ ᠮᠣᠩᠭᠤᠯ ᠤᠨ ᠵᠡᠭᠦᠨ | ᠬᠡᠰᠡᠭ ᠲᠠᠬᠢ ᠤᠰᠤᠨ ᠤ ᠪᠦᠲᠦᠭᠡᠭᠳᠡᠬᠦᠨ᠂ ᠮᠢᠬᠠᠨ ᠤ ᠪᠦᠲᠦᠭᠡᠭᠳᠡᠬᠦᠨ ᠢ ᠭᠠᠳᠠᠭᠠᠳᠤ ᠠᠴᠠ ᠣᠷᠤᠭᠤᠯᠬᠤ | ᠲᠣᠭᠲᠠᠭᠰᠠᠨ ᠪᠣᠭᠤᠮᠲᠠ ᠪᠣᠯᠭᠠᠬᠤ ᠪᠠᠷ ᠭᠤᠶᠤᠴᠢᠯᠠᠨ ᠮᠡᠳᠡᠭᠦᠯᠵᠦ᠂ ᠭᠠᠳᠠᠭᠠᠳᠤ ᠠᠴᠠ ᠣᠷᠤᠭᠤᠯᠵᠤ ᠭᠠᠷᠭᠠᠬᠤ | ᠠᠷᠠᠯᠵᠢᠶ᠎ᠠ ᠶᠢᠨ ᠲᠥᠷᠥᠯ ᠵᠦᠢᠯ ᠢ ᠤᠯᠠᠮ ᠴᠢᠨᠠᠭᠰᠢᠳᠠ ᠪᠠᠶᠠᠯᠢᠭᠵᠢᠭᠤᠯᠵᠤ᠂ ︽ᠨᠡᠪᠲᠡᠷᠡᠬᠦ ᠵᠠᠮ ᠤᠨ ᠠᠵᠤ ᠠᠬᠤᠶ︾ | ᠶᠢ ︽ᠰᠠᠭᠤᠷᠢᠰᠢᠯ ᠠᠵᠤ ᠠᠬᠤᠶ︾ ᠪᠣᠯᠭᠠᠨ ᠬᠤᠪᠢᠷᠠᠭᠤᠯᠤᠨ᠎ᠠ᠃ ᠪᠣᠭᠤᠮᠲᠠ ᠶᠢᠨ ᠰᠠᠭᠤᠷᠢ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠶᠢᠨ ᠠᠷᠠᠯᠵᠢᠶᠠᠨ ᠤ ᠲᠣᠭᠤᠷᠢᠭ ᠵᠢᠴᠢ ᠤᠯᠤᠰ ᠤᠨ ᠡᠭᠦᠳᠡ ᠶᠢᠨ | ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ ᠣᠷᠣᠰ ᠮᠣᠩᠭᠤᠯ ᠤᠨ ᠲᠥᠷᠥ ᠶᠢᠨ ᠪᠣᠳᠣᠯᠭ᠎ᠠ ᠯᠤᠭ᠎ᠠ | ᠨᠠᠷᠢᠯᠢᠭ ᠣᠨᠣᠪᠴᠢᠲᠠᠶ ᠵᠣᠯᠭᠠᠭᠤᠯᠤᠨ᠂ ᠬᠠᠶᠢᠯᠤᠭᠤᠷ ᠴᠢᠯᠠᠭᠤ᠂ ᠬᠠᠷ᠎ᠠ ᠲᠤᠭᠤᠯᠭ᠎ᠠ ᠴᠠᠶᠢᠷ᠂ ᠨᠡᠭᠦᠷᠡᠰᠦ ᠵᠡᠷᠭᠡ | ᠭᠠᠳᠠᠭᠠᠳᠤ ᠠᠴᠠ ᠣᠷᠣᠭᠤᠯᠵᠤ ᠭᠠᠷᠭᠠᠬᠤ ᠠᠵᠤ ᠠᠬᠤᠶᠢᠯᠠᠯ ᠤᠨ ︽ᠭᠠᠷᠴᠤ ᠶᠠᠪᠤᠬᠤ︾ ᠶᠢ ᠵᠣᠷᠢᠭᠵᠢᠭᠤᠯᠤᠨ | ᠳᠡᠮᠵᠢᠵᠦ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠠᠪᠬᠤ︾ ᠦᠢᠯᠡᠴᠢᠯᠡᠭᠡ ᠶᠢ ᠬᠡᠷᠡᠭᠵᠢᠭᠦᠯᠦᠨ᠂ | ᠭᠠᠳᠠᠭᠠᠳᠤ ᠠᠷᠠᠯᠵᠢᠶᠠᠨ ᠤ ᠠᠵᠤ ᠠᠬᠤᠶ ᠶᠢᠨ ᠦᠷᠭᠦᠯᠵᠢᠯᠡᠨ ᠰᠠᠶᠢᠵᠢᠷᠠᠵᠤ ᠬᠥᠭᠵᠢᠬᠦ ᠶᠢ ᠲᠦᠯᠬᠢᠨ ᠠᠬᠢᠭᠤᠯᠤᠨ᠎ᠠ᠃ | ᠳᠤᠮᠳᠠᠳᠤ ᠮᠣᠩᠭᠤᠯ ᠬᠤᠶᠠᠷ ᠣᠷᠣᠨ ᠤ ᠶᠠᠪᠤᠯᠴᠠᠭ᠎ᠠ ᠶᠢ ᠭᠦᠨᠵᠡᠭᠡᠶᠢᠷᠡᠭᠦᠯᠵᠦ᠂ ᠰᠣᠶᠣᠯ ᠲᠠᠮᠢᠷ᠂ ᠵᠤᠭᠠᠴᠠᠯ᠂ ᠠᠵᠤ | ᠠᠬᠤᠶ ᠠᠷᠠᠯᠵᠢᠶ᠎ᠠ ᠪᠤᠯᠤᠨ ᠰᠤᠷᠳᠠᠯ ᠤᠬᠠᠭᠤᠯᠭ᠎ᠠ ᠶᠢᠨ ᠬᠠᠮᠲᠤᠷᠠᠯᠴᠠᠭ᠎ᠠ ᠰᠣᠯᠢᠯᠴᠠᠭᠠᠨ ᠤ ᠰᠠᠭᠤᠷᠢ ᠶᠢ | ᠪᠠᠬᠢᠵᠢᠭᠦᠯᠵᠦ᠂ ᠢᠳᠡᠪᠬᠢᠳᠡᠢ ᠪᠠᠷ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ ᠲᠠᠢ ᠨᠥᠬᠦᠷᠰᠡᠭ | ᠬᠤᠲᠠ ᠶᠢᠨ ᠬᠠᠷᠢᠴᠠᠭ᠎ᠠ ᠪᠠᠶᠢᠭᠤᠯᠤᠨ᠎ᠠ᠃ ︽ᠢᠨᠲ᠋ᠧᠷ ᠰᠦᠯᠵᠢᠶ᠎ᠡ +︾ ᠡᠯᠧᠺᠲᠷᠣᠨ ᠬᠤᠳᠠᠯᠳᠤᠭᠠᠨ ᠤ ᠶᠠᠪᠤᠳᠠᠯ ᠤᠨ | ᠬᠥᠭᠵᠢᠯᠲᠡ ᠶᠢ ᠲᠦᠷᠭᠡᠳᠬᠡᠨ᠂ ᠬᠦᠢᠲᠡᠨ ᠬᠡᠯᠬᠢᠶᠡᠲᠦ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠵᠢᠩ ᠳ᠋ᠦᠩ ᠪᠠᠷᠠᠭ᠎ᠠ ᠶᠢᠨ ᠬᠦᠢᠯᠭᠡᠭᠡ᠂ ᠵᠢᠩ ᠳ᠋ᠦᠩ ᠤᠨ ᠣᠶᠣᠨᠴᠢ ᠲᠠᠷᠢᠶᠠᠯᠠᠩ ᠮᠠᠯ ᠠᠵᠤ | ᠠᠬᠤᠢ ᠶᠢᠨ ᠲᠥᠷᠥᠯ ᠵᠦᠢᠯ ᠢ ᠣᠷᠤᠭᠤᠯᠤᠨ ᠠᠪᠴᠢᠷᠠᠬᠤ ᠪᠠᠷ ᠲᠥᠯᠥᠪᠯᠡᠵᠦ᠂ ᠡᠯᠧᠺᠲᠷᠣᠨ ᠬᠤᠳᠠᠯᠳᠤᠭᠠᠨ ᠤ | ᠶᠠᠪᠤᠳᠠᠯ ᠢ ᠬᠥᠳᠡᠭᠡ ᠲᠣᠰᠬᠤᠨ ᠳᠤ ᠣᠷᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ | ᠪᠠᠶᠢᠭᠤᠯᠬᠤ ᠪᠠᠷ ᠢᠳᠡᠪᠬᠢᠲᠡᠶ ᠭᠤᠶᠤᠴᠢᠯᠠᠨ ᠮᠡᠳᠡᠭᠦᠯᠦᠨ᠎ᠡ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠳᠤ | ᠬᠦᠴᠦ ᠪᠠᠨ ᠲᠥᠪᠯᠡᠷᠡᠭᠦᠯᠦᠨ᠎ᠡ᠃ ᠴᠢᠨᠠᠷ ᠰᠠᠶᠢᠲᠠᠶ ᠲᠥᠷᠥᠯ ᠵᠦᠢᠯ ᠢᠶᠠᠷ ᠴᠢᠨᠠᠷ ᠰᠠᠶᠢᠲᠠᠶ ᠬᠥᠭᠵᠢᠯᠲᠡ ᠶᠢ ᠲᠦᠯᠬᠢᠨ | ᠠᠬᠢᠭᠤᠯᠵᠤ᠂ ᠲᠥᠷᠥᠯ ᠵᠦᠢᠯ ᠢ ᠲᠦᠯᠦᠪᠵᠢᠭᠦᠯᠦᠨ ᠨᠡᠶᠢᠯᠡᠭᠦᠯᠬᠦ᠂ ᠨᠢᠭᠡᠳᠦᠯᠲᠡᠶ ᠲᠥᠯᠥᠪᠯᠡᠨ ᠠᠬᠢᠭᠤᠯᠬᠤ ᠶᠢ | ᠴᠢᠩᠭᠠᠷᠠᠭᠤᠯᠤᠨ᠂ ᠲᠥᠷᠥᠯ ᠵᠦᠢᠯ ᠤᠨ ︽ᠦᠨ᠎ᠡ ᠴᠠᠨ᠎ᠠ ᠶᠢᠨ ᠠᠭᠤᠯᠤᠭᠳᠠᠴᠠ︾᠂ ︽ᠰᠢᠨ᠎ᠡ ᠬᠡᠮᠵᠢᠶ᠎ᠡ︾᠂ ︽ᠪᠤᠬᠢᠷᠲᠤᠯ | ᠦᠭᠡᠢ ᠬᠡᠮᠵᠢᠶ᠎ᠡ︾ ᠶᠢ ᠳᠡᠭᠡᠭᠰᠢᠯᠡᠭᠦᠯᠵᠦ᠂ 17.3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ | ᠲᠦᠯᠦᠪᠯᠡᠨ᠂ 12 ᠭᠤᠤᠯᠳᠠᠯᠭ᠎ᠠ ᠲᠠᠢ ᠲᠥᠷᠥᠯ ᠵᠦᠢᠯ ᠢ ᠬᠡᠷᠡᠭᠵᠢᠭᠦᠯᠵᠦ᠂ 10 ᠲᠥᠷᠥᠯ ᠵᠦᠢᠯ ᠢ ᠨᠦᠬᠡᠴᠡᠯᠡᠨ᠎ᠡ᠃ | ᠭᠤᠣᠯᠳᠠᠯᠭ᠎ᠠ ᠲᠠᠢ ᠲᠦᠷᠦᠯ ᠵᠦᠢᠯ ᠢ ᠲᠦᠷᠭᠡᠳᠬᠡᠨ ᠠᠬᠢᠭᠤᠯᠵᠤ᠂ ︽ᠤᠳᠤᠷᠢᠳᠤᠯᠭ᠎ᠠ ᠶᠢᠨ ᠬᠠᠷᠢᠭᠤᠴᠠᠯᠭ᠎ᠠ | ᠡᠭᠦᠷᠭᠡᠯᠡᠬᠦ ᠳᠦᠷᠢᠮ︾ ᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠵᠦ᠂ ᠴᠠᠭ ᠤᠨ ᠬᠦᠰᠦᠨᠦᠭᠲᠦ᠂ ᠵᠠᠮ ᠱᠤᠭᠤᠮ ᠤᠨ | ᠵᠢᠷᠤᠭ ᠲᠤᠭᠳᠠᠭᠠᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠣᠭᠤᠯᠣᠨ ᠵᠢᠭᠰᠠᠭᠠᠵᠤ᠂ ᠤᠭ ᠲᠤᠨᠢ ᠲᠤᠯᠲᠠᠯ᠎ᠠ | ᠠᠳᠬᠤᠨ᠂ ︽ᠺᠠᠳ᠋ᠷᠴᠤᠳ ᠲᠥᠷᠥᠯ ᠵᠦᠢᠯ ᠳᠤ ᠦᠢᠯᠡᠴᠢᠯᠡᠬᠦ᠂ ᠲᠥᠷᠥᠯ ᠵᠦᠢᠯ ᠠᠷᠠᠳ ᠲᠦᠮᠡᠨ ᠳᠤ ᠠᠰᠢᠭ | ᠬᠦᠷᠲᠡᠭᠡᠬᠦ︾ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠨ᠎ᠠ᠃ ᠳᠡᠭᠡᠷ᠎ᠡ ᠠᠴᠠ ᠤᠯᠤᠰ ᠤᠨ ᠪᠠᠯᠠ ᠣᠷᠣᠭᠤᠯᠤᠯᠲᠠ ᠶᠢ | ᠲᠡᠮᠡᠴᠡᠨ ᠤᠯᠬᠤ᠂ ᠭᠠᠳᠠᠨ᠎ᠠ ᠠᠴᠠ ᠠᠷᠠᠯᠵᠢᠶᠠᠴᠢᠨ ᠣᠷᠤᠭᠤᠯᠬᠤ᠂ ᠳᠣᠲᠣᠭᠠᠳᠤ ᠳᠠᠭᠠᠨ ᠠᠷᠠᠳ ᠤᠨ ᠪᠠᠯᠠ ᠬᠥᠷᠥᠩᠭᠡ | ᠴᠤᠭᠯᠠᠭᠤᠯᠬᠤ ᠶᠢ ᠪᠠᠷᠢᠮᠲᠠᠯᠠᠵᠤ᠂ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢ ᠭᠦᠨᠵᠡᠭᠡᠶ ᠰᠤᠳᠤᠯᠤᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠦᠯᠦᠪᠵᠢᠭᠦᠯᠭᠡ ᠶᠢ ᠨᠠᠷᠢᠨ ᠬᠢᠨᠠᠮᠠᠭᠠᠶ ᠨᠠᠶᠢᠷᠠᠭᠤᠯᠤᠨ ᠵᠣᠬᠢᠶᠠᠵᠤ᠂ ᠠᠮᠢ | ᠠᠬᠤᠶ ᠶᠢᠨ ᠪᠥᠲᠥᠭᠡᠨ ᠪᠠᠶᠢᠭᠤᠯᠤᠯᠲᠠ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠤᠨ ᠠᠷᠠᠳ ᠤᠨ ᠠᠮᠢᠳᠤᠷᠠᠯ᠂ | ᠰᠠᠭᠤᠷᠢ ᠲᠦᠬᠦᠭᠡᠷᠦᠮᠵᠢ ᠵᠡᠷᠭᠡ ᠬᠦᠷᠢᠶ᠎ᠡ ᠶᠢ ᠬᠠᠮᠤᠷᠤᠭᠰᠠᠨ ᠨᠢᠭᠡ ᠪᠦᠯᠦᠭ ᠭᠤᠤᠯᠳᠠᠯᠭ᠎ᠠ ᠲᠠᠢ ᠲᠥᠷᠥᠯ ᠵᠦᠢᠯ ᠢ | ᠰᠦᠪᠡᠭᠴᠢᠯᠡᠨ᠎ᠡ᠃ | ︵ᠳᠥᠷᠪᠡ︶ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠶᠢ ᠲᠣᠪᠣᠶᠢᠯᠭᠠᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠰᠢᠨ᠎ᠡ ᠠᠬᠢᠴᠠ ᠶᠢ ᠲᠦᠷᠭᠡᠳᠬᠡᠨ᠎ᠡ | ᠮᠠᠯᠵᠢᠬᠤ ᠣᠷᠣᠨ ᠤ ᠣᠳᠣᠬᠢᠴᠢᠯᠠᠯᠳᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠵᠦ᠂ ᠴᠢᠨᠠᠷᠯᠢᠭ ᠳᠡᠰᠳᠦ ᠬᠤᠲᠠ ᠪᠠᠯᠭᠠᠰᠤ ᠶᠢ ᠪᠦᠲᠦᠭᠡᠨ ᠪᠠᠶᠢᠭᠤᠯᠬᠤ ᠶᠢ ᠪᠠᠷᠢᠮᠲᠠᠯᠠᠨ᠂ ᠬᠤᠲᠠ | ᠬᠥᠳᠡᠭᠡ ᠶᠢᠨ ᠠᠭᠤᠰᠤᠯᠴᠠᠨ ᠬᠦᠳᠡᠯᠤᠯᠴᠠᠬᠦ ᠪᠠ ᠨᠢᠭᠡ ᠴᠣᠭᠴᠠᠵᠢᠬᠤ ᠬᠦᠭᠵᠢᠯᠳᠡ ᠶᠢ ᠲᠦᠯᠬᠢᠨ ᠠᠬᠢᠭᠤᠯᠤᠨ᠎ᠠ᠃ | ᠮᠠᠯ ᠠᠵᠦ ᠠᠬᠤᠢ ᠶᠢᠨ ᠡᠵᠡᠩᠨᠡᠯᠳᠡ ᠶᠢᠨ ᠪᠠᠶᠢᠭᠤᠯᠤᠯ ᠤᠨ ᠵᠢᠷᠤᠭ ᠲᠥᠰᠦᠪ ᠢ ᠵᠢᠷᠤᠭᠯᠠᠨ᠎ᠠ᠃ ᠮᠠᠯᠵᠢᠬᠤ ᠣᠷᠣᠨ ᠤ | ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠬᠦᠨᠵᠡᠭᠡᠢ ᠲᠦᠯᠬᠢᠨ ᠠᠬᠢᠭᠤᠯᠵᠤ᠂ | 18 ᠲᠤᠷᠰᠢᠯᠲᠠ ᠶᠢᠨ ᠴᠡᠭ ᠤᠨ ᠭᠠᠴᠠᠭᠠᠨ ᠳᠤ ᠰᠢᠨ᠎ᠡ ᠬᠡᠯᠪᠡᠷᠢ ᠶᠢᠨ ᠬᠤᠪᠢ ᠤᠷᠤᠭᠤᠯᠤᠭᠰᠠᠨ ᠬᠤᠷᠰᠢᠶᠠᠵᠢᠯ ᠢ | ᠵᠣᠬᠢᠶᠠᠨ ᠪᠠᠶᠢᠭᠤᠯᠵᠤ᠂ ᠠᠯᠳ᠋ᠬᠠᠮᠡᠭᠡᠯ ᠪᠠᠯᠭᠠᠰᠦ ᠶᠢᠨ ︽ᠳᠣᠯᠣᠭᠠᠨ ᠲᠣᠰᠬᠤᠨ ᠢ ᠨᠢᠭᠡ ᠴᠣᠭᠴᠠᠵᠢᠭᠤᠯᠬᠤ︾ ᠪᠦᠲᠦᠭᠡᠨ | ᠪᠠᠶᠢᠭᠤᠯᠤᠯᠳᠠ ᠶᠢ ᠲᠦᠯᠬᠢᠨ ᠠᠬᠢᠭᠤᠯᠵᠤ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠲᠦᠷᠭᠡᠳᠭᠡᠨ᠂ ᠨᠤᠲᠤᠭ | ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠰᠡᠷᠬᠦᠭᠡᠨ ᠵᠠᠰᠠᠬᠤ᠂ ᠮᠠᠩᠯᠠᠶ ᠭᠠᠴᠠᠭᠠᠨ ᠤ ᠦᠷ᠎ᠡ ᠶᠢᠨ ᠬᠤᠨᠢᠨ ᠤ | ᠰᠠᠭᠤᠷᠢᠨ ᠭᠠᠵᠠᠷ ᠪᠠᠶᠢᠭᠤᠯᠬᠤ᠂ ︽ᠬᠥᠯᠥᠨ ᠪᠤᠶᠢᠷ ᠤᠨ ᠲᠠᠯ᠎ᠠ ᠨᠤᠲᠤᠭ ᠤᠨ ᠬᠤᠨᠢᠨ ᠤ ᠮᠢᠬ᠎ᠠ︾ ᠶᠢᠨ ᠮᠦᠷᠳᠡᠬᠦ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠵᠡᠷᠭᠡ 14 ᠲᠥᠷᠥᠯ ᠵᠦᠢᠯ ᠢ ᠲᠥᠯᠥᠪᠵᠢᠭᠦᠯᠦᠨ ᠬᠡᠷᠡᠭᠵᠢᠭᠦᠯᠦᠨ᠎ᠡ᠃ | ᠦᠨᠳᠦᠰᠦᠨ ᠱᠠᠲᠤᠨ ᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠦᠮᠦᠵᠢᠭᠦᠯᠭᠦ ᠲᠣᠭᠲᠠᠴᠠ ᠶᠢ ᠪᠠᠶᠢᠭᠤᠯᠵᠤ᠂ | ᠴᠢᠳᠠᠪᠤᠷᠢᠲᠠᠨ ᠢᠶᠠᠷ ᠳᠠᠶᠢᠴᠢᠯᠠᠬᠤ ᠨᠦᠯᠦᠭᠡᠯᠡᠯ ᠢ ᠥᠷᠭᠡᠳᠬᠡᠨ᠂ ᠮᠠᠯ ᠠᠵᠤ ᠠᠬᠤᠶ ᠳᠤ ᠪᠠᠬ᠎ᠠ ᠲᠠᠢ᠂ ᠮᠡᠷᠭᠡᠵᠢᠯ ᠲᠠᠢ᠂ | ᠡᠵᠡᠩᠨᠡᠯᠳᠡ ᠳᠤ ᠴᠢᠳᠠᠮᠠᠭᠠᠶ ᠰᠢᠨ᠎ᠡ ᠬᠡᠯᠪᠡᠷᠢ ᠶᠢᠨ ᠠᠵᠢᠯ ᠮᠡᠷᠭᠡᠵᠢᠯ ᠤᠨ ᠮᠠᠯᠴᠢᠳ ᠢ ᠪᠤᠶᠢᠵᠢᠭᠤᠯᠤᠨ᠎ᠠ᠃ ᠠᠵᠢᠯ | ᠲᠥᠷᠥᠯ ᠳᠤ ᠪᠠᠨ ᠤᠷᠤᠶᠢᠯᠠᠭᠰᠠᠨ᠂ ᠦᠷ᠎ᠡ ᠠᠰᠢᠭ ᠰᠠᠶᠢᠳᠡᠢ ᠪᠦᠭᠡᠳ ᠡᠷᠡᠬᠦᠯ ᠬᠦᠭᠵᠢᠯᠳᠡ ᠲᠠᠢ ᠲᠤᠯᠤᠭᠠᠶᠢᠯᠠᠭᠴᠢ | ᠠᠵᠦ ᠠᠬᠤᠶᠢᠯᠠᠯ ᠢ ᠤᠷᠢᠨ ᠣᠷᠣᠭᠤᠯᠵᠤ᠂ ᠠᠵᠤ ᠦᠢᠯᠡᠰ ᠤᠨ ᠬᠡᠪᠴᠢᠶ᠎ᠡ ᠪᠠ ᠡᠵᠡᠩᠨᠡᠨ ᠪᠣᠷᠣᠯᠠᠭᠤᠯᠬᠤ ᠠᠷᠭ᠎ᠠ | ᠵᠠᠮ ᠢ ᠦᠷᠭᠡᠳᠭᠡᠨ᠂ ᠮᠠᠯᠴᠢᠨ ᠲᠦᠮᠡᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠠᠮᠵᠢᠯᠲᠠ ᠲᠠᠢ | ᠲᠤᠷᠰᠢᠯᠭ᠎ᠠ ᠶᠢᠨ ︽ᠡᠬᠡ ᠳᠡᠪᠲᠡᠷ︾ ᠢ ᠠᠯᠬᠤᠮ ᠠᠯᠬᠤᠮ ᠢᠶᠠᠷ ᠪᠦᠬᠦ ᠬᠤᠰᠢᠭᠤᠨ ᠤ ᠬᠡᠪᠴᠢᠶᠡᠨ ᠳᠤ ᠬᠠᠭᠤᠯᠪᠦᠷᠢᠯᠡᠨ | ᠲᠦᠭᠡᠮᠡᠯᠵᠢᠬᠦᠯᠦᠨ᠎ᠡ᠃ ᠬᠤᠲᠠ ᠪᠠᠯᠭᠠᠰᠦ ᠶᠢᠨ ᠴᠢᠳᠠᠮᠵᠢ ᠶᠢᠨ ᠴᠢᠨᠠᠷ ᠲᠡᠰ ᠢ ᠶᠡᠬᠡᠪᠡᠷ ᠳᠡᠭᠡᠭᠰᠢᠯᠡᠭᠦᠯᠦᠨ᠎ᠡ᠃ ᠬᠥᠮᠦᠨ | ᠠᠮᠠ ᠲᠦᠪᠯᠡᠷᠡᠭᠰᠡᠨ᠂ ᠠᠵᠤ ᠦᠢᠯᠡᠰ ᠴᠤᠭᠯᠠᠷᠠᠭᠰᠠᠨ᠂ ᠴᠢᠳᠠᠮᠵᠢ ᠬᠤᠷᠠᠭᠰᠠᠨ᠂ ᠬᠦᠴᠦᠨ ᠵᠦᠢᠯ ᠡᠷᠴᠢᠮᠵᠢᠭᠰᠡᠨ | ᠪᠠᠶᠢᠬᠤ ᠶᠢ ᠲᠦᠯᠬᠢᠨ ᠠᠬᠢᠭᠤᠯᠵᠤ᠂ ᠰᠠᠭᠤᠷᠢ ᠶᠢ ᠪᠠᠬᠢᠵᠢᠭᠦᠯᠦᠨ᠂ ᠥᠪᠡᠷᠮᠢᠴᠡ ᠴᠢᠨᠠᠷ ᠢ ᠲᠤᠪᠣᠶᠢᠯᠭᠠᠵᠤ᠂ ᠬᠤᠲᠠ | ᠪᠠᠯᠭᠠᠰᠦ ᠶᠢᠨ ᠴᠢᠳᠠᠮᠵᠢ ᠶᠢ ᠲᠠᠰᠤᠷᠠᠯᠲᠠ ᠥᠬᠡᠶ ᠲᠡᠬᠦᠯᠳᠡᠷᠵᠢᠭᠦᠯᠦᠨ᠂ ᠬᠤᠲᠠ ᠪᠠᠯᠭᠠᠰᠦ ᠶᠢᠨ ᠣᠨᠴᠠᠯᠢᠭ ᠢ | ᠢᠯᠡᠷᠡᠬᠦᠯᠵᠦ᠂ ᠬᠤᠰᠢᠭᠤ ᠨᠤᠲᠤᠭ ᠤᠨ ᠠᠮᠢᠵᠢᠷᠠᠯ ᠤᠨ ᠬᠦᠴᠦᠨ ᠢ ᠨᠡᠮᠡᠭᠳᠡᠬᠦᠯᠦᠨ᠂ ᠬᠤᠲᠠ ᠪᠠᠯᠭᠠᠰᠤ ᠶᠢ ᠣᠷᠣᠰᠢᠨ | ᠰᠠᠭᠤᠬᠤ ᠳᠤ ᠨᠠᠩ ᠲᠤᠬᠢᠯᠢᠭ ᠲᠠᠭᠠᠯᠠᠮᠵᠢᠳᠡᠢ᠂ ᠬᠥᠳᠡᠭᠡ ᠲᠣᠰᠬᠤᠨ ᠢ ᠨᠡᠩ ᠦᠵᠡᠰᠬᠦᠯᠡᠩᠲᠦ ᠰᠠᠶᠢᠬᠠᠨ ᠪᠣᠯᠭᠠᠨ᠎ᠠ᠃ | ᠬᠤᠲᠠ ᠶᠢᠨ ᠶᠠᠪᠤᠳᠠᠯ ᠤᠨ ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠢᠯᠴᠢ ᠶᠢᠨ ᠬᠦᠴᠦᠨ ᠤ ᠦᠷᠳᠡᠭᠡ | ᠵᠢᠴᠢ ᠬᠤᠭᠤᠯᠠᠶ ᠲᠣᠤᠷ ᠳᠡᠪᠢᠰᠬᠦ᠂ ᠪᠣᠬᠢᠷᠲᠤᠯ ᠢ ᠰᠡᠷᠭᠡᠶᠢᠯᠡᠨ ᠵᠠᠰᠠᠵᠦ ᠶᠡᠷᠦᠩᠭᠡᠶᠢᠯᠡᠨ ᠵᠠᠰᠠᠬᠤ᠂ ᠬᠠᠭᠤᠴᠢᠨ ᠵᠢᠵᠢᠭ | ᠰᠠᠭᠤᠭᠠᠯᠢ ᠲᠣᠭᠤᠷᠢᠭ ᠢ ᠵᠠᠰᠠᠨ ᠰᠢᠨᠡᠳᠭᠡᠬᠦ ᠵᠡᠷᠭᠡ ᠢᠨᠵᠧᠨᠧᠷᠢᠩ ᠢ ᠬᠡᠷᠡᠭᠵᠢᠭᠦᠯᠦᠨ᠎ᠡ᠃ ︽ᠤᠶᠤᠨᠴᠢ ᠬᠤᠲᠠ︾ ᠶᠢ | ᠲᠦᠷᠭᠡᠳᠬᠡᠨ ᠪᠠᠶᠢᠭᠤᠯᠵᠤ᠂ ︽ᠬᠤᠶᠠᠷᠵᠢᠯᠳᠠ ᠶᠢᠨ ᠠᠭᠤᠰᠤᠯᠴᠠᠯ︾ ᠢ ᠲᠦᠯᠬᠢᠨ ᠠᠬᠢᠭᠤᠯᠵᠤ᠂ ︽ᠲᠦᠮᠡᠨ ᠡᠷᠦᠬᠡ ᠶᠢ | ᠡᠭᠦᠯᠡᠨ ᠲᠠᠪᠴᠠᠩ ᠳᠤ ᠭᠠᠷᠭᠠᠬᠤ︾ ᠠᠵᠢᠯᠯᠠᠭ᠎ᠠ ᠶᠢ ᠬᠡᠷᠡᠭᠵᠢᠭᠦᠯᠦᠨ᠂ ᠴᠢᠮᠡᠭᠡ ᠬᠤᠯᠪᠣᠭᠠᠨ ᠤ ᠰᠠᠭᠤᠷᠢ | ᠲᠦᠬᠦᠭᠡᠷᠦᠮᠵᠢ ᠵᠢᠴᠢ 5G ᠰᠦᠯᠵᠢᠶᠠᠨ ᠤ ᠪᠠᠶᠢᠭᠤᠯᠤᠯᠲᠠ ᠶᠢ ᠲᠦᠷᠭᠡᠳᠭᠡᠨ᠎ᠡ᠃ ᠪᠣᠯᠪᠠᠰᠤᠨ ᠬᠤᠲᠠ ᠶᠢ | ᠢᠳᠡᠪᠬᠢᠲᠡᠶ ᠡᠭᠦᠳᠦᠨ ᠪᠠᠶᠢᠭᠤᠯᠵᠤ᠂ ︽ᠭᠤᠷᠪᠠ ᠶᠢ ᠠᠷᠢᠯᠭᠠᠬᠤ︾ ᠪᠠᠷ ᠭᠤᠣᠯᠳᠠᠯᠭ᠎ᠠ ᠪᠣᠯᠭᠠᠨ ᠪᠠᠯᠭᠠᠰᠤ ᠶᠢᠨ ᠳᠦᠷᠢ | ᠲᠥᠷᠬᠦ᠂ ᠵᠠᠮ ᠬᠠᠷᠢᠯᠴᠠᠭᠠᠨ ᠤ ᠡᠮᠬᠢ ᠲᠢᠭᠯᠢᠮ᠂ ᠬᠤᠲᠠ ᠶᠢᠨ ᠶᠠᠪᠤᠳᠠᠯ ᠤᠨ ᠰᠠᠭᠤᠷᠢ ᠲᠦᠬᠦᠭᠡᠷᠦᠮᠵᠢ᠂ ᠳᠦᠷᠢᠮ ᠠᠴᠠ | ᠵᠥᠷᠢᠴᠡᠭᠰᠡᠨ ᠪᠠᠷᠢᠯᠭ᠎ᠠ ᠵᠡᠷᠭᠡ ᠶᠢ ᠶᠡᠷᠦᠩᠬᠡᠶᠢᠯᠡᠨ ᠵᠠᠰᠠᠨ ᠴᠡᠭᠴᠡᠯᠡᠬᠦ ᠠᠵᠢᠯ ᠢ ᠦᠷᠨᠢᠭᠦᠯᠦᠨ᠂ ᠬᠡᠷ ᠠᠬᠤᠢ ᠶᠢ | ᠬᠠᠮᠢᠶᠠᠷᠬᠤ ᠦᠢᠯᠡᠴᠢᠯᠡᠭᠡ ᠶᠢ ᠬᠦᠴᠦᠯᠡᠨ ᠴᠢᠩᠭᠠᠷᠠᠭᠤᠯᠵᠤ᠂ ᠵᠠᠰᠠᠨ ᠰᠢᠨᠡᠳᠭᠡᠬᠦ ᠪᠠᠷ ᠪᠦᠳᠦᠭᠡᠨ ᠪᠠᠶᠢᠭᠤᠯᠤᠯᠳᠠ ᠶᠢ | ᠠᠬᠢᠭᠤᠯᠵᠤ ᠬᠢᠷᠢ ᠲᠦᠪᠰᠢᠨ ᠳᠤ ᠬᠦᠷᠭᠡᠨ᠂ ᠬᠠᠮᠢᠶᠠᠷᠤᠯᠳᠠ ᠪᠠᠷ ᠰᠢᠯᠢᠳᠡᠭᠵᠢᠭᠦᠯᠭᠦ ᠶᠢ ᠠᠬᠢᠭᠤᠯᠤᠨ ᠴᠢᠨᠠᠷ | ᠴᠢᠨᠰᠠᠭ᠎ᠠ ᠶᠢ ᠲᠡᠭᠡᠭᠰᠢᠯᠡᠬᠦᠯᠵᠦ᠂ ᠠᠷᠠᠳ ᠲᠦᠮᠡᠨ ᠤ ᠳᠠᠭᠠᠯᠠᠮᠵᠢᠳᠠᠢ ᠲᠥᠷᠥᠭᠳᠡᠯ ᠪᠠ ᠬᠠᠨᠤᠮᠵᠢ ᠶᠢᠨ ᠲᠥᠷᠥᠭᠳᠡᠯ ᠢ | ᠳᠡᠭᠡᠭᠰᠢᠯᠡᠭᠦᠯᠦᠨ᠎ᠡ᠃ ᠬᠡᠷ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠡᠤᠬᠡᠨ ᠦᠯᠡᠳᠡᠭᠳᠡᠯ ᠠᠰᠠᠭᠤᠳᠠᠯ ᠢ | ᠪᠥᠬᠦ ᠲᠠᠯ᠎ᠠ ᠪᠠᠷ ᠴᠡᠪᠡᠷᠯᠡᠨ ᠴᠡᠭᠴᠡᠯᠡᠵᠦ᠂ ᠣᠯᠠᠨ ᠲᠦᠮᠡᠨ ᠤ ︽ᠣᠷᠣᠵᠤ ᠰᠠᠭᠤᠬᠤ ᠳᠤ ᠬᠦᠴᠢᠷ︾᠂ ︽ᠬᠠᠭᠤᠴᠢᠨ | ᠤᠷᠤᠨ ᠰᠠᠭᠤᠴᠡ ᠪᠠᠷ ᠨᠢ ᠠᠰᠠᠷ ᠪᠣᠶᠣ ᠵᠤᠭᠤᠰ ᠮᠦᠩᠬᠦ ᠨᠣᠭᠤᠯᠣᠨ ᠪᠤᠳᠤᠵᠤ ᠦᠭᠬᠦ ᠳᠤ ᠬᠦᠴᠢᠷ︾᠂ ︽ᠦᠨᠡᠮᠯᠡᠯ | ᠡᠷᠬᠢᠯᠡᠨ ᠬᠦᠢᠴᠡᠳᠭᠡᠬᠦ ᠳᠤ ᠬᠦᠴᠢᠷ︾ ᠠᠰᠠᠭᠤᠳᠠᠯ ᠢ ᠰᠢᠢᠳᠪᠦᠷᠢᠯᠡᠵᠦ ᠦᠭᠬᠦᠨ᠎ᠡ᠃ ︽ᠳᠥᠷᠪᠡᠨ ᠰᠠᠶᠢᠳᠡᠢ ᠬᠥᠳᠡᠭᠡ | ᠲᠣᠰᠬᠤᠨ ᠤ ᠵᠠᠮ︾ ᠤᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠵᠤ᠂ ᠵᠠᠮ ᠢ ᠵᠠᠰᠠᠨ ᠰᠢᠨᠡᠳᠭᠡᠬᠦ | ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠠᠶᠤᠯ ᠲᠠᠢ ᠬᠥᠭᠦᠷᠭᠡ ᠶᠢ ᠵᠠᠰᠠᠨ ᠰᠢᠨᠡᠳᠭᠡᠵᠦ ᠪᠠᠬᠢᠵᠢᠭᠦᠯᠬᠦ᠂ ᠲᠡᠮᠳᠡᠭ | ᠱᠤᠭᠤᠮ ᠨᠡᠮᠡᠵᠦ ᠲᠣᠬᠢᠷᠠᠭᠤᠯᠬᠤ ᠵᠡᠷᠭᠡ ᠢᠨᠵᠧᠨᠧᠷᠢᠩ ᠢ ᠬᠡᠷᠡᠭᠵᠢᠭᠦᠯᠵᠦ᠂ ︽ᠨᠢᠭᠡ ᠴᠠᠭᠠᠷᠢᠭ ᠳᠥᠷᠪᠡᠨ ᠱᠤᠭᠤᠮ +︾ | ᠵᠠᠮ ᠤᠨ ᠲᠣᠤᠷ ᠤᠨ ᠪᠣᠷᠣ ᠲᠥᠯᠥᠪ ᠢ ᠪᠠᠶᠠᠯᠢᠭᠵᠢᠭᠤᠯᠤᠨ᠎ᠠ᠃ ᠴᠠᠬᠢᠯᠭᠠᠨ ᠬᠦᠴᠦᠨ ᠤ ᠲᠦᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠠᠷᠠᠭᠤᠨ ᠬᠤᠰᠢᠭᠤ ᠠᠴᠠ ᠵᠢᠪᠬᠤᠯᠠᠩᠳᠦ ᠠᠭᠤᠯᠠ ᠪᠤᠯᠤᠨ ᠴᠠᠭᠠᠨ | ᠠᠭᠤᠷᠬᠠᠢ ᠬᠦᠷᠬᠦ 110 ᠺᠢᠯᠤᠸᠤᠯᠲ ᠤᠨ ᠴᠠᠬᠢᠯᠭᠠᠨ ᠳᠠᠮᠵᠢᠭᠤᠯᠬᠤ ᠲᠥᠷᠥᠯ ᠵᠦᠢᠯ ᠢ ᠦᠷᠭᠦᠯᠵᠢᠯᠡᠨ ᠪᠠᠶᠢᠭᠤᠯᠵᠤ᠂ | ᠴᠠᠬᠢᠯᠭᠠᠨ ᠲᠣᠣᠷ ᠤᠨ ᠠᠵᠢᠯᠯᠠᠭᠠᠨ ᠤ ᠶᠡᠷᠦᠩᠭᠡᠶᠢᠯᠡᠭᠰᠡᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠦᠵᠡᠰᠬᠦᠯᠡᠩᠲᠦ | ᠰᠠᠶᠢᠬᠠᠨ ᠣᠷᠣᠰᠢᠨ ᠰᠠᠭᠤᠬᠤ ᠳᠤ ᠲᠤᠬᠢᠯᠢᠭ ᠬᠥᠳᠡᠭᠡ ᠲᠣᠰᠬᠤᠨ ᠢ ᠦᠷᠭᠦᠯᠵᠢᠯᠡᠨ ᠪᠦᠲᠦᠭᠡᠨ ᠪᠠᠶᠢᠭᠤᠯᠤᠨ᠎ᠠ᠃ | ︽ᠠᠮᠢ ᠠᠬᠤᠶᠢᠴᠢ ᠣᠷᠣᠰᠢᠨ ᠰᠠᠭᠤᠬᠤ ᠳᠤ ᠲᠤᠬᠢᠯᠢᠭ᠂ ᠪᠣᠯᠪᠠᠰᠤᠨ ᠨᠤᠲᠤᠭ ᠤᠨ ᠰᠤᠷᠲᠠᠯ ᠲᠠᠢ᠂ ᠵᠠᠰᠠᠯᠲᠠ | ᠪᠦᠲᠦᠮᠵᠢᠲᠡᠶ︾ ᠪᠠᠶᠢᠬᠤ ᠪᠠᠷ ᠤᠳᠤᠷᠢᠳᠤᠮᠵᠢ ᠪᠣᠯᠭᠠᠨ᠂ ᠠᠷᠠᠳ ᠲᠦᠮᠡᠨ ᠢᠶᠠᠷ ᠲᠦᠰᠢᠭ ᠪᠤᠯᠭᠠᠬᠤ ᠶᠢ ᠪᠠᠷᠢᠮᠳᠠᠯᠠᠵᠦ᠂ | ᠲᠤᠬᠠᠶ ᠶᠢᠨ ᠭᠠᠵᠠᠷ ᠤᠨ ᠪᠠᠶᠢᠳᠠᠯ ᠳᠤᠨᠢ ᠳᠤᠬᠢᠷᠠᠭᠤᠯᠤᠨ᠂ ᠴᠢᠳᠠᠯ ᠤᠨ ᠢᠶᠠᠨ ᠬᠢᠷᠢ ᠪᠠᠷ ᠬᠢᠵᠦ᠂ ᠭᠠᠴᠠᠭ᠎ᠠ | ᠲᠣᠰᠬᠤᠨ ᠤ ᠵᠠᠮ᠂ ᠤᠰᠤ᠂ ᠴᠠᠬᠢᠯᠭᠠᠨ᠂ ᠴᠢᠮᠡᠭᠡ ᠬᠤᠯᠪᠣᠭ᠎ᠠ᠂ ᠭᠡᠷᠡᠯᠲᠦᠭᠦᠯᠭᠡ᠂ ᠨᠣᠭᠤᠭᠠᠷᠠᠭᠤᠯᠤᠯᠲᠠ ᠵᠡᠷᠭᠡ ᠰᠠᠭᠤᠷᠢ | ᠲᠦᠬᠦᠭᠡᠷᠦᠮᠵᠢ ᠶᠢ ᠬᠦᠴᠦᠯᠡᠨ ᠲᠡᠭᠦᠯᠳᠡᠷᠵᠢᠭᠦᠯᠵᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠶᠠᠰᠤ | ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠬᠢ ᠪᠠᠶᠠᠯᠢᠭ ᠢ ᠬᠠᠮᠠᠭᠠᠯᠠᠬᠤ ᠪᠠ ᠠᠷᠪᠢᠯᠠᠨ ᠭᠠᠮᠨᠠᠵᠤ | ᠠᠰᠢᠭᠯᠠᠬᠤ ᠶᠢ ᠴᠢᠩᠭᠠᠳᠬᠠᠨ᠂ ᠦᠯᠢᠭᠡᠷ ᠳᠠᠭᠤᠷᠢᠶᠠᠯ ᠦᠵᠡᠭᠦᠯᠬᠦ ᠵᠢᠱᠢᠶᠠᠴᠢ ᠭᠠᠴᠠᠭ᠎ᠠ ᠲᠣᠰᠬᠤᠨ ᠢ ᠡᠭᠦᠳᠦᠨ | ᠪᠠᠶᠢᠭᠤᠯᠵᠤ᠂ ᠮᠠᠯᠵᠢᠬᠤ ᠣᠷᠣᠨ ᠤ ᠬᠦᠮᠦᠨ ᠠᠷᠠᠳ ᠤᠨ ᠣᠷᠣᠰᠢᠨ ᠰᠠᠭᠤᠷᠢᠰᠢᠬᠤ ᠣᠷᠴᠢᠨ ᠲᠤᠭᠤᠷᠢᠨ ᠢ | ᠶᠡᠷᠦᠩᠬᠡᠶᠢᠯᠡᠨ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠪᠠᠷ ᠪᠠᠷᠢᠮᠵᠢᠶᠠᠯᠠᠨ᠂ ᠭᠠᠴᠠᠭ᠎ᠠ | ᠲᠣᠰᠬᠤᠨ ᠤ ᠳᠦᠷᠢ ᠲᠥᠷᠬᠦ ᠶᠢ ᠰᠠᠶᠢᠵᠢᠷᠠᠭᠤᠯᠵᠤ᠂ ᠬᠤᠭ ᠨᠣᠪᠰᠢ ᠶᠢ ᠴᠡᠪᠡᠷᠯᠡᠬᠦ᠂ ᠪᠣᠵᠠᠷ ᠤᠰᠤ ᠶᠢ ᠰᠢᠢᠳᠪᠦᠷᠢᠯᠡᠬᠦ᠂ | ᠵᠣᠷᠯᠣᠩ ᠢ ᠦᠭᠡᠷᠡᠴᠢᠯᠡᠬᠦ ᠵᠡᠷᠭᠡ ᠠᠵᠢᠯ ᠤᠨ ᠬᠦᠷᠦᠯᠴᠡᠬᠦ ᠦᠬᠡᠢ ᠲᠠᠯ᠎ᠠ ᠶᠢ ᠨᠢ ᠨᠦᠬᠦᠪᠦᠷᠢᠯᠡᠨ᠂ ᠢᠯᠭᠠᠳᠠᠰᠤ ᠶᠢ | ᠡᠬᠢ ᠪᠠᠶᠠᠯᠢᠭᠵᠢᠭᠤᠯᠤᠨ ᠠᠰᠢᠭᠯᠠᠬᠤ᠂ ᠬᠥᠯᠥᠨ ᠨᠠᠭᠤᠷ ᠤᠨ ᠰᠠᠪᠠ ᠭᠠᠵᠠᠷ ᠤᠨ ᠪᠤᠵᠠᠷ ᠤᠰᠤ ᠶᠢ ᠰᠢᠢᠳᠪᠦᠷᠢᠯᠡᠬᠦ | ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ 592 ᠵᠣᠷᠯᠣᠩ ᠢ ᠵᠠᠰᠠᠨ | ᠰᠢᠨᠡᠳᠭᠡᠬᠦ ᠠᠵᠢᠯ ᠢ ᠪᠠᠶᠡᠯᠡᠬᠦᠯᠦᠨ᠂ ᠠᠷᠠᠳ ᠣᠯᠠᠨ ᠤ ᠳᠣᠲᠣᠭᠠᠳᠤ ᠬᠥᠳᠡᠯᠭᠡᠬᠦ ᠬᠦᠴᠦᠨ ᠢ ᠴᠢᠷᠮᠠᠶᠢᠨ ᠬᠥᠭᠵᠢᠭᠡᠵᠦ᠂ | ᠪᠣᠯᠪᠠᠰᠤᠨ ᠨᠤᠲᠤᠭ ᠤᠨ ᠰᠤᠷᠲᠠᠯ᠂ ᠰᠠᠶᠢᠨ ᠰᠠᠶᠢᠬᠠᠨ ᠭᠡᠷ ᠪᠦᠯᠢ ᠶᠢᠨ ᠰᠤᠷᠲᠠᠯ ᠪᠣᠯᠣᠨ ᠪᠣᠷᠣᠭᠵᠢᠭᠤᠨ ᠬᠦᠮᠦᠨ | ᠠᠷᠠᠳ ᠤᠨ ᠰᠤᠷᠳᠠᠯ ᠢ ᠬᠦᠮᠦᠵᠢᠭᠦᠯᠦᠨ᠂ ︽ᠭᠠᠴᠠᠭ᠎ᠠ ᠪᠠᠨ ᠬᠠᠶᠢᠷᠠᠯᠠᠬᠤ᠂ ᠨᠣᠳᠤᠭ ᠤᠰᠦ ᠪᠠᠨ ᠬᠠᠶᠢᠷᠠᠯᠠᠬᠤ︾ ᠰᠠᠶᠢᠨ | ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠨ᠎ᠠ᠃ | ︵ᠲᠠᠪᠤ︶ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠤᠪᠤᠶᠢᠯᠭᠠᠨ᠂ ᠨᠡᠶᠢᠭᠡᠮ ᠤᠨ ᠰᠢᠨ᠎ᠡ | ᠠᠮᠢᠵᠢᠷᠠᠯ ᠤᠨ ᠬᠦᠴᠦᠨ ᠢ ᠪᠦᠲᠦᠮᠵᠢᠲᠡᠶ ᠬᠥᠭᠵᠢᠭᠡᠨ᠎ᠡ | ᠬᠥᠳᠡᠯᠭᠡᠬᠦ ᠬᠦᠴᠦᠨ ᠤ ᠡᠨᠧᠷᠭᠢ ᠶᠢ ᠦᠷᠭᠦᠯᠵᠢᠯᠡᠨ ᠴᠢᠩᠭᠠᠷᠠᠭᠤᠯᠵᠤ᠂ ᠰᠢᠪᠲᠤᠯᠤᠯᠲᠠ ᠶᠢᠨ ᠴᠡᠭ ᠪᠠ | ᠬᠦᠴᠦᠯᠡᠬᠦ ᠴᠡᠭ ᠢ ᠣᠨᠣᠪᠴᠢᠳᠠᠢ ᠰᠤᠩᠭᠤᠨ᠂ ᠵᠠᠬ᠎ᠠ ᠲᠡᠯᠭᠡᠬᠦᠷᠴᠢᠯᠡᠬᠦ ᠥᠭᠡᠷᠡᠴᠢᠯᠡᠯᠲᠡ ᠶᠢᠨ ᠰᠢᠨ᠎ᠡ ᠪᠠᠶᠢᠳᠠᠯ ᠢ ᠪᠤᠢ | ᠪᠤᠯᠭᠠᠨ᠎ᠠ᠃ ︽ᠠᠷᠠᠯᠵᠢᠶ᠎ᠡ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠣᠨ︾ | ᠤ ᠠᠵᠢᠯᠯᠠᠭ᠎ᠠ ᠶᠢ ᠥᠷᠨᠢᠭᠦᠯᠵᠦ᠂ ᠤᠯᠤᠰ ᠤᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠥᠷᠦ ᠶᠢᠨ | ᠪᠤᠳᠤᠯᠭ᠎ᠠ ᠶᠢ ᠴᠢᠩᠭ᠎ᠠ ᠨᠠᠶᠢᠳᠡᠪᠦᠷᠢᠵᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠬᠠᠮᠤᠭ ᠤᠨ ᠶᠡᠭᠡ | ᠬᠡᠮᠵᠢᠶ᠎ᠡ ᠪᠠᠷ ᠬᠥᠩᠭᠡᠷᠡᠭᠦᠯᠦᠨ᠎ᠡ᠃ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯ ᠢ ᠴᠣᠮᠬᠠᠳᠬᠠᠨ ᠲᠦᠷᠢᠮᠵᠢᠭᠦᠯᠵᠦ᠂ | ᠮᠠᠯᠵᠢᠬᠤ ᠣᠷᠣᠨ ᠤ ᠣᠳᠣᠬᠢᠴᠢᠯᠡᠯᠳᠡ ᠶᠢᠨ ᠨᠠᠮ ᠤᠨ ᠭᠡᠰᠢᠬᠦᠨ ᠪᠤᠯᠤᠨ ᠤᠯᠠᠨ ᠲᠦᠮᠠᠨ ᠳᠤ ᠵᠠᠰᠠᠭ ᠤᠨ ᠶᠠᠪᠤᠳᠠᠯ | ᠤᠨ ᠦᠢᠯᠡᠴᠢᠯᠡᠭᠡ ᠬᠠᠩᠭᠠᠬᠤ ᠲᠥᠪ ᠤᠨ ᠪᠦᠳᠤᠬᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠵᠤ᠂ | ᠦᠢᠯᠡᠴᠢᠯᠡᠭᠡᠨ ᠤ ᠵᠦᠢᠯᠡᠰ ᠢ ᠪᠦᠬᠦᠨ ᠢ ᠤᠷᠤᠭᠤᠯᠤᠨ ᠰᠠᠭᠤᠯᠭᠠᠬᠤ ᠶᠢ ᠪᠠᠶᠡᠯᠡᠬᠦᠯᠦᠨ᠂ ︽ᠨᠢᠭᠡ ᠰᠦᠯᠵᠢᠶ᠎ᠡ᠂ ᠨᠢᠭᠡ | ᠡᠭᠦᠳᠡ᠂ ᠨᠢᠭᠡ ᠤᠳᠠᠭ᠎ᠠ︾ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ︽ᠮᠡᠳᠡᠭᠡ | ᠵᠠᠩᠭᠢ ᠶᠢ ᠢᠯᠡᠭᠦᠬᠡᠨ ᠲᠡᠮᠵᠢᠭᠤᠯᠵᠤ᠂ ᠣᠯᠠᠨ ᠲᠦᠮᠡᠨ ᠢ ᠳᠤᠲᠠᠭᠤ ᠬᠦᠶᠦᠯᠭᠡᠨ᠎ᠡ︾᠃ ︽ᠭᠡᠷᠡᠴᠢ ᠦᠨᠡᠮᠯᠡᠯ ᠢ ᠰᠠᠯᠭᠠᠬᠤ︾ | ᠥᠭᠡᠷᠡᠴᠢᠯᠡᠯᠲᠡ ᠶᠢ ᠦᠷᠭᠦᠯᠵᠢᠯᠡᠨ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠲᠠᠩᠰᠠᠯᠠᠭᠤᠯᠬᠤ ᠪᠥᠬᠦ | ᠶᠠᠪᠤᠴᠠ ᠶᠢᠨ ᠡᠯᠧᠺᠲᠷᠤᠨᠴᠢᠯᠠᠯᠳᠠ ᠶᠢ ᠪᠠᠶᠠᠯᠡᠬᠦᠯᠦᠨ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠬᠢᠨ ᠢ ᠨᠢᠭᠡ | ᠦᠨᠡᠮᠯᠡᠯ ᠨᠢᠭᠡ ᠨᠣᠮᠧᠷ ᠢᠶᠠᠷ ᠪᠦᠬᠦᠨ ᠢ ᠰᠢᠢᠳᠪᠦᠷᠢᠯᠡᠬᠦ ᠪᠤᠯᠭᠠᠨ᠎ᠠ᠃ ︽ᠬᠤᠶᠠᠷ ᠢ ᠰᠣᠭᠤᠴᠢᠵᠤ᠂ ᠨᠢᠭᠡ ᠶᠢ ᠢᠯᠡ | ᠪᠣᠯᠭᠠᠬᠤ︾ ᠵᠠᠬ᠎ᠠ ᠳᠡᠯᠭᠡᠭᠦᠷ ᠤᠨ ᠬᠢᠨᠠᠯᠳᠠ ᠬᠠᠮᠢᠶᠠᠷᠤᠯᠲᠠ ᠶᠢ ᠴᠢᠩᠭᠠᠳᠬᠠᠨ᠂ ᠦᠨᠡᠨᠴᠢ ᠢᠲᠡᠭᠡᠮᠵᠢ ᠶᠢᠨ ᠨᠡᠶᠢᠲᠡᠯᠢᠭ | ᠵᠢᠱᠢᠶ᠎ᠡ ᠪᠣᠯᠬᠤ ︽ᠤᠯᠠᠭᠠᠨ ᠨᠡᠷᠡᠰ︾ ᠪᠤᠯᠤᠨ ᠬᠦᠨᠳᠦ ᠨᠤᠴᠢᠳᠠᠢ ᠢᠲᠡᠭᠡᠯ ᠠᠯᠳᠠᠭᠰᠠᠨ ︽ᠬᠠᠷ᠎ᠠ ᠳᠠᠩᠰᠠ︾ ᠶᠢᠨ | ᠳᠦᠷᠢᠮ ᠢ ᠳᠡᠬᠦᠯᠳᠡᠷᠵᠢᠬᠦᠯᠵᠦ᠂ ᠢᠳᠡᠭᠡᠮᠵᠢᠳᠡᠢ ᠬᠦᠮᠦᠰ ᠢ ᠬᠤᠯᠪᠤᠭᠠᠯᠠᠨ ᠤᠷᠮᠠᠰᠢᠭᠤᠯᠬᠤ ᠪᠠ ᠢᠳᠡᠬᠡᠯ | ᠠᠯᠳᠠᠭᠰᠠᠳ ᠢ ᠬᠤᠯᠪᠤᠭᠠᠯᠠᠨ ᠵᠠᠯᠬᠠᠭᠠᠵᠦ ᠴᠡᠭᠡᠷᠯᠡᠭᠦᠯᠬᠦ ᠶᠢ ᠭᠡᠷᠡᠭᠵᠢᠭᠦᠯᠦᠨ᠂ ᠬᠠᠤᠯᠢ ᠠᠴᠠ ᠵᠥᠷᠢᠴᠡᠭᠰᠡᠳ ᠲᠤ | ︽ᠬᠤᠷᠴᠠ ᠰᠡᠯᠡᠮ᠎ᠡ ᠶᠢ ᠥᠨᠳᠥᠷ ᠳᠠᠯᠠᠶᠢᠵᠦ︾᠂ ᠬᠠᠤᠯᠢ ᠰᠠᠬᠢᠭᠴᠢᠳ ᠢ ︽ᠤᠴᠢᠷ ᠥᠬᠡᠶ ᠪᠣᠯ ᠬᠠᠷᠰᠢᠯᠠᠬᠤ ᠥᠬᠡᠶ︾ | ᠪᠠᠶᠢᠬᠤ ᠦᠨᠡᠨᠴᠢ ᠢᠲᠡᠭᠡᠮᠵᠢᠲᠡᠶ ᠨᠡᠶᠢᠭᠡᠮ ᠤᠨ ᠬᠡᠪ ᠰᠤᠷᠲᠠᠯ ᠢ ᠪᠣᠶ ᠪᠣᠯᠭᠠᠨ᠎ᠠ᠃ ᠵᠠᠰᠠᠭ ᠤᠨ ᠣᠷᠳᠣᠨ ᠤ ᠡᠭᠦᠷᠭᠡ | ᠴᠢᠳᠠᠪᠬᠢ ᠪᠣᠯᠤᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠤᠪᠢᠷᠠᠭᠤᠯᠵᠤ᠂ ᠠᠵᠢᠯ ᠦᠢᠯᠡᠰ ᠤᠨ ᠨᠢᠭᠡᠴᠡ ᠶᠢᠨ | ᠥᠭᠡᠷᠡᠴᠢᠯᠡᠯᠲᠡ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠮᠠᠯᠵᠢᠬᠤ ᠣᠷᠣᠨ ᠤ ᠬᠠᠮᠲᠤ ᠶᠢᠨ | ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢ ᠬᠦᠨᠵᠡᠭᠡᠶᠢᠷᠡᠬᠦᠯᠵᠦ᠂ ᠭᠠᠴᠠᠭᠠᠨ ᠤ ᠡᠳ᠋ ᠬᠥᠷᠥᠩᠭᠡ ᠶᠢ | ᠬᠡᠮᠵᠢᠶᠡᠵᠢᠭᠦᠯᠬᠦ᠂ ᠰᠲ᠋ᠣᠺ ᠤᠨ ᠡᠷᠬᠡ ᠶᠢ ᠲᠤᠬᠢᠷᠠᠭᠤᠯᠤᠨ ᠬᠠᠮᠢᠶᠠᠷᠬᠤ ᠡᠭᠦᠷᠭᠡ ᠶᠢ ᠪᠡᠶᠡᠯᠡᠭᠦᠯᠦᠨ᠎ᠡ᠃ | ︵ᠵᠢᠷᠭᠤᠭ᠎ᠠ︶ ᠠᠷᠠᠳ ᠤᠨ ᠲᠥᠯᠥᠭᠡ ᠬᠥᠭᠵᠢᠭᠦᠯᠬᠦ ᠶᠢ ᠲᠣᠪᠣᠶᠢᠯᠭᠠᠨ᠂ ᠣᠯᠠᠨ ᠲᠦᠮᠡᠨ ᠤ ᠰᠢᠨ᠎ᠡ ᠪᠤᠶᠠᠨ | ᠬᠡᠰᠢᠭ ᠢ ᠦᠨᠡᠨᠬᠦ ᠨᠡᠮᠡᠭᠳᠡᠭᠦᠯᠦᠨ᠎ᠡ | ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ | ᠬᠠᠷᠠᠯᠲᠠ ᠪᠣᠯᠭᠠᠨ᠂ ᠳᠤᠲᠠᠭᠤᠳᠠᠯ ᠢᠶᠠᠨ ᠨᠦᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠬᠦ ᠶᠢ | ᠲᠦᠷᠭᠡᠳᠭᠡᠨ᠂ ᠣᠯᠠᠨ ᠲᠦᠮᠡᠨ ᠤ ᠨᠢᠳᠦᠨ ᠳᠤ ᠦᠵᠡᠭᠳᠡᠵᠦ᠂ ᠭᠠᠷ ᠲᠤ ᠪᠠᠷᠢᠭᠳᠠᠮ᠎ᠠ ᠪᠣᠳᠠᠲᠤ ᠠᠰᠢᠭ ᠬᠦᠷᠲᠡᠬᠦ ᠨᠢᠭᠡ | ᠪᠦᠯᠦᠭ ᠰᠠᠶᠢᠨ ᠶᠠᠪᠤᠳᠠᠯ ᠪᠣᠳᠠᠲᠤ ᠶᠠᠪᠤᠳᠠᠯ ᠢ ᠶᠡᠭᠡ ᠬᠦᠴᠦ ᠭᠠᠷᠭᠠᠨ ᠬᠢᠵᠦ᠂ ᠪᠦᠬᠦ ᠬᠤᠰᠢᠭᠤᠨ ᠤ ᠠᠷᠠᠳ | ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯ ᠤᠨ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ | ᠨᠡᠮᠡᠭᠳᠡᠭᠦᠯᠦᠨ᠎ᠡ᠃ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠬᠦᠴᠦᠯᠡᠨ ᠰᠠᠶᠢᠲᠤᠷ ᠬᠢᠨ᠎ᠡ᠃ ︽ᠥᠪᠡᠷᠲᠡᠭᠡᠨ | ᠵᠠᠰᠠᠬᠤ ᠣᠷᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠠᠷᠠᠳ ᠤᠨ | ᠲᠥᠯᠥᠭᠡᠯᠡᠭᠴᠢᠳ ᠪᠢᠯᠧᠲ ᠦᠭᠴᠦ ᠲᠣᠭᠳᠠᠭᠠᠬᠤ ᠲᠦᠷᠢᠮ ᠤᠨ ᠲᠤᠷᠰᠢᠯᠲᠠ ᠶᠢᠨ ᠬᠤᠰᠢᠭᠤ︾ ᠶᠢᠨ ᠱᠠᠭᠠᠷᠳᠠᠯᠭ᠎ᠠ | ᠶᠣᠰᠣᠭᠠᠷ᠂ ᠨᠠᠰᠤᠳᠠᠨ ᠢ ᠠᠰᠠᠷᠠᠨ ᠰᠤᠪᠢᠯᠠᠬᠤ ᠬᠦᠷᠢᠶᠠᠯᠠᠩ ᠢ ᠪᠠᠶᠢᠭᠤᠯᠬᠤ᠂ ᠠᠷᠠᠳ ᠢ ᠬᠠᠶᠢᠷᠠᠯᠠᠬᠤ ᠵᠠᠮ ᠵᠠᠰᠠᠬᠤ᠂ | ᠲᠦᠭᠡᠭᠡᠯ ᠤᠰᠤᠨ ᠤ ᠬᠤᠭᠤᠯᠠᠶ ᠲᠣᠤᠷ ᠢ ᠵᠠᠰᠠᠨ ᠰᠢᠨᠡᠳᠭᠡᠬᠦ᠂ ᠢᠯᠴᠢ ᠰᠤᠯᠢᠬᠤ ᠦᠷᠳᠡᠭᠡ ᠵᠢᠴᠢ ᠢᠯᠴᠢ ᠬᠠᠩᠭᠠᠬᠤ | ᠬᠤᠭᠤᠯᠠᠢ ᠲᠤᠤᠷ ᠢ ᠵᠠᠰᠠᠨ ᠰᠢᠨᠡᠳᠭᠡᠬᠦ᠂ ᠠᠳᠤᠭᠤᠨᠴᠢᠯᠠᠭᠤ ᠠᠴᠠ ᠠᠷᠤᠬᠠᠰᠢᠶᠠᠳᠦ ᠪᠠᠯᠭᠠᠰᠤ ᠬᠦᠷᠬᠦ ᠵᠠᠰᠠᠮᠠᠯ ᠵᠠᠮ | ᠵᠠᠰᠠᠬᠤ ᠵᠡᠷᠭᠡ ᠠᠷᠠᠳ ᠤᠨ ᠠᠮᠢᠳᠤᠷᠠᠯ ᠤᠨ ᠪᠤᠳᠠᠳᠦ ᠶᠠᠪᠤᠳᠠᠯ ᠤᠨ ᠲᠥᠷᠥᠯ ᠵᠦᠢᠯ ᠢ ᠬᠡᠷᠡᠭᠵᠢᠭᠦᠯᠦᠨ᠎ᠡ᠃ ᠠᠵᠢᠯ ᠤᠨ | ᠪᠠᠶᠢᠷᠢ ᠶᠢ ᠲᠣᠭᠲᠠᠪᠤᠷᠢᠵᠢᠭᠤᠯᠤᠨ ᠨᠡᠮᠡᠭᠳᠡᠭᠦᠯᠵᠦ᠂ ᠠᠵᠢᠯ ᠣᠯᠭᠤᠵᠤ ᠦᠢᠯᠡᠰ ᠪᠣᠰᠬᠠᠬᠤ ᠶᠢ ᠲᠡᠳᠬᠦᠬᠦ ᠲᠦᠷᠦ ᠶᠢᠨ | ᠪᠤᠳᠤᠯᠭ᠎ᠠ ᠶᠢ ᠨᠠᠶᠢᠳᠠᠪᠦᠷᠢᠵᠢᠭᠤᠯᠤᠨ᠂ ᠦᠢᠯᠡᠰ ᠪᠣᠰᠬᠠᠬᠤ ᠵᠢᠭᠡᠯᠡᠯᠭᠡ ᠶᠢᠨ ᠪᠠᠷᠢᠮᠵᠢᠶ᠎ᠠ ᠶᠢ ᠪᠠᠭᠤᠷᠠᠭᠤᠯᠵᠤ᠂ ᠦᠢᠯᠡᠰ | ᠪᠤᠰᠠᠬᠬᠤ ᠶᠢ ᠪᠡᠯᠡ ᠮᠦᠩᠬᠦ ᠪᠠᠷ ᠬᠠᠪᠰᠤᠷᠤᠨ ᠲᠡᠳᠬᠦᠬᠦ ᠲᠣᠭᠳᠠᠴᠠ ᠶᠢ ᠪᠦᠷᠢᠨᠰᠢᠬᠦᠯᠵᠤ᠂ ᠬᠤᠲᠠ ᠪᠠᠯᠭᠠᠰᠦ ᠶᠢᠨ | ᠰᠢᠨ᠎ᠡ ᠪᠠᠷ ᠠᠵᠢᠯ ᠣᠯᠣᠭᠰᠠᠳ ᠢ 410 ᠬᠦᠮᠦᠨ ᠠᠴᠠ ᠳᠡᠭᠡᠭᠰᠢ ᠨᠡᠮᠡᠭᠳᠡᠬᠦᠯᠦᠨ᠎ᠡ᠃ ᠦᠷᠬᠦᠯᠵᠢᠯᠡᠨ ᠨᠡᠶᠢᠭᠡᠮ ᠤᠨ | ᠳᠠᠭᠠᠳᠬᠠᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠵᠦ᠂ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠦᠨᠳᠤᠰᠦᠨ ᠨᠠᠰᠤᠵᠢᠯ᠂ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠢ ᠲᠡᠭᠦᠯᠳᠡᠷᠵᠢᠭᠦᠯᠦᠨ᠎ᠡ᠃ | ᠪᠦᠬᠦᠨ ᠢ ᠪᠠᠲᠤᠯᠠᠬᠤ᠂ ᠨᠡᠶᠢᠭᠡᠮ ᠤᠨ ᠠᠪᠤᠷᠠᠨ ᠲᠤᠰᠠᠯᠠᠬᠤ ᠲᠣᠭᠲᠠᠴᠠ ᠶᠢ ᠪᠦᠷᠢᠨᠰᠢᠬᠦᠯᠵᠦ᠂ ᠣᠷᠣᠵᠤ ᠭᠠᠷᠴᠤ | ᠪᠤᠯᠬᠤᠶᠢᠴᠠ ᠬᠥᠳᠡᠯᠦᠩᠭᠦᠶ ᠬᠠᠮᠢᠶᠠᠷᠦᠯᠳᠡ ᠶᠢ ᠪᠡᠶᠡᠯᠡᠭᠦᠯᠦᠨ᠎ᠡ᠃ ᠭᠡᠷ ᠲᠡᠭᠡᠨ ᠦᠯᠡᠳᠡᠵᠦ ᠬᠤᠴᠣᠷᠤᠭᠰᠠᠨ ᠬᠡᠤᠬᠡᠳ᠂ | ᠭᠠᠭᠴᠠ ᠭᠡᠤᠭᠡᠳ ᠢᠶᠠᠨ ᠠᠯᠳᠠᠭᠰᠠᠨ ᠭᠡᠷ ᠪᠦᠯᠢ ᠵᠡᠷᠭᠡ ᠤᠨᠴᠠᠭᠠᠢ ᠬᠦᠮᠦᠰ ᠢ ᠬᠠᠯᠠᠮᠵᠢᠯᠠᠨ ᠬᠠᠷᠠᠭᠠᠯᠵᠠᠵᠦ᠂ | ᠬᠡᠤᠬᠡᠳ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ ᠪᠦᠷᠢᠨᠰᠢᠭᠦᠯᠦᠨ᠎ᠡ᠃ ᠭᠡᠷ ᠪᠦᠯᠢ ᠪᠣᠯᠣᠨ | ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠴᠢᠳᠠᠮᠵᠢ ᠶᠢ ᠲᠡᠬᠦᠯᠳᠡᠷᠵᠢᠭᠦᠯᠦᠨ᠂ ᠠᠯᠪᠠᠨ ᠠᠴᠠ | ᠡᠷᠬᠢᠯᠡᠭᠰᠡᠨ ᠨᠠᠰᠤᠳᠠᠨ ᠢ ᠠᠰᠠᠷᠠᠵᠦ ᠰᠤᠪᠢᠯᠠᠬᠤ ᠬᠦᠷᠢᠶᠡᠯᠡᠩ ᠢ ᠪᠠᠶᠢᠭᠤᠯᠵᠤ᠂ ᠠᠷᠠᠳ ᠤᠨ ᠲᠣᠮᠳᠠᠬᠢ ᠬᠥᠷᠥᠩᠭᠡ ᠶᠢ | ᠨᠠᠰᠤᠵᠢᠯ ᠤᠨ ᠦᠢᠯᠡᠴᠢᠯᠡᠭᠡᠨ ᠳᠤ ᠤᠷᠤᠭᠤᠯᠬᠤ ᠪᠠᠷ ᠵᠣᠷᠢᠭᠵᠢᠭᠤᠯᠤᠨ᠎ᠠ᠃ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡ ᠬᠠᠮᠢᠶᠠᠷᠤᠯᠳᠠ ᠶᠢᠨ ᠬᠢᠷᠢ ᠲᠦᠪᠰᠢᠨ ᠢ ᠲᠡᠭᠡᠭᠰᠢᠯᠡᠬᠦᠯᠦᠨ᠂ ᠪᠠᠲᠤᠯᠠᠭ᠎ᠠ ᠶᠢᠨ ᠲᠦᠷᠤ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠵᠤ᠂ ︽ᠤᠯᠤᠰ ᠤᠨ ᠪᠠᠲᠤᠯᠠᠨ ᠬᠠᠮᠠᠭᠠᠯᠠᠯᠳᠠ ᠶᠢ ᠬᠠᠯᠠᠮᠵᠢᠯᠠᠵᠤ᠂ ᠴᠡᠷᠢᠭ ᠬᠥᠮᠦᠨ ᠢ | ᠬᠦᠨᠳᠦᠳᠬᠡᠬᠦ︾ ᠨᠡᠶᠢᠭᠡᠮ ᠤᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠨ᠎ᠠ᠃ ᠨᠡᠶᠢᠭᠡᠮ ᠤᠨ ᠠᠵᠢᠯ ᠦᠢᠯᠡᠰ ᠢ | ᠪᠦᠬᠦ ᠲᠠᠯ᠎ᠠ ᠪᠠᠷ ᠬᠥᠭᠵᠢᠭᠦᠯᠦᠨ᠎ᠡ᠃ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠳᠠᠯᠠᠨ᠂ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠴᠢᠨᠠᠷ ᠰᠠᠶᠢᠲᠠᠢ ᠪᠦᠭᠡᠳ ᠲᠡᠩᠴᠡᠭᠦᠷᠢᠲᠡᠢ ᠬᠥᠭᠵᠢᠯᠲᠡ ᠶᠢ | ᠢᠳᠡᠪᠬᠢᠲᠡᠢ ᠲᠦᠯᠬᠢᠨ ᠠᠬᠢᠭᠤᠯᠵᠤ᠂ ᠠᠷᠠᠳ ᠤᠨ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠪᠠᠷ | ᠴᠢᠷᠮᠠᠶᠢᠨ᠎ᠠ᠃ ᠪᠠᠭᠰᠢ ᠶᠢᠨ ᠬᠦᠴᠦᠨ ᠢ ᠲᠡᠬᠦᠯᠳᠡᠷᠵᠢᠭᠦᠯᠦᠨ᠂ ᠪᠠᠭᠰᠢ ᠶᠢᠨ ᠬᠦᠯᠤᠰᠤ ᠣᠯᠭᠤᠮᠵᠢ ᠶᠢ | ᠲᠡᠭᠡᠭᠰᠢᠯᠡᠬᠦᠯᠬᠦ ᠶᠢ ᠪᠠᠳᠤᠯᠠᠵᠤ᠂ ᠭᠤᠤᠯᠯᠠᠭᠴᠢ ᠪᠠᠭᠰᠢ ᠶᠢᠨ ᠦᠰᠦᠨ ᠪᠤᠶᠢᠵᠢᠯᠳᠡ ᠶᠢᠨ ᠬᠠᠮᠢᠶᠠᠷᠦᠯᠳᠡ ᠶᠢ | ᠴᠢᠩᠭᠠᠳᠬᠠᠨ᠂ ᠲᠣᠰ ᠭᠠᠵᠠᠷ ᠣᠷᠣᠨ ᠤ ᠪᠠᠨ ᠨᠡᠷᠡᠲᠦ ᠪᠠᠭᠰᠢ ᠶᠢ ᠬᠥᠮᠦᠵᠢᠭᠦᠯᠵᠦ ᠰᠢᠯᠢᠨ ᠰᠣᠩᠭᠤᠬᠤ ᠠᠵᠢᠯ ᠢ | ᠰᠠᠶᠢᠲᠤᠷ ᠠᠳᠬᠤᠨ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ ᠪᠤᠯᠤᠨ ᠪᠡᠯᠡᠳᠬᠡᠯ ᠴᠢᠳᠠᠪᠦᠷᠢᠳᠡᠨ ᠢ ᠱᠠᠳᠣᠴᠢᠯᠠᠨ | ᠬᠥᠮᠦᠵᠢᠭᠦᠯᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠦᠵᠡᠭᠦᠯᠬᠦ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠶᠠᠳᠠᠭᠤ ᠬᠦᠴᠢᠷᠳᠡᠯᠲᠡᠶ ᠪᠠᠭᠤᠷᠠᠶᠢᠴᠣᠣᠯ ᠤᠨ ᠦᠷ᠎ᠡ ᠬᠡᠤᠬᠡᠳ ᠢ | ᠲᠤᠰᠠᠯᠠᠬᠤ ᠡᠷᠴᠢᠮ ᠢ ᠴᠢᠩᠭᠠᠷᠠᠭᠤᠯᠤᠨ᠎ᠠ᠃ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠷᠠᠳ ᠤᠨ ᠳᠠᠶᠢᠨ ᠢ ᠪᠦᠬᠦ ᠬᠦᠴᠦᠨ ᠢᠶᠠᠷ ᠢᠶᠠᠨ ᠰᠠᠶᠢᠳᠦᠷ ᠬᠢᠵᠦ᠂ ᠡᠪᠡᠳᠴᠢᠨ ᠡᠮᠭᠡᠭ ᠢ | ᠤᠷᠢᠳᠴᠢᠯᠠᠨ ᠰᠡᠷᠭᠡᠶᠢᠯᠡᠨ ᠡᠵᠡᠮᠳᠡᠬᠦ ᠲᠦᠪ ᠤᠨ ᠡᠩᠨᠡᠭᠡ ᠪᠤᠯᠤᠨ ᠴᠢᠳᠡᠪᠦᠷᠢ ᠶᠢᠨ ᠪᠦᠳᠤᠭᠡᠨ ᠪᠠᠶᠢᠭᠤᠯᠤᠯᠳᠠ ᠶᠢ | ᠪᠦᠬᠦ ᠳᠠᠯ᠎ᠠ ᠪᠠᠷ ᠲᠡᠭᠡᠭᠰᠢᠯᠡᠬᠦᠯᠵᠦ᠂ ᠪᠠᠴᠢᠮ ᠪᠠᠶᠢᠳᠡᠯ ᠢ ᠠᠷᠭᠠᠴᠠᠬᠤ ᠪᠤᠳᠠᠰ ᠤᠨ ᠨᠦᠭᠡᠴᠡ ᠬᠠᠳᠠᠭᠠᠯᠠᠮᠵᠢ ᠶᠢᠨ | ᠳᠦᠷᠢᠮ ᠢ ᠪᠦᠷᠢᠨᠰᠢᠬᠦᠯᠵᠦ᠂ ᠣᠯᠠᠨ ᠨᠠᠶᠢᠳᠡ ᠶᠢᠨ ᠡᠷᠡᠬᠦᠯ ᠬᠠᠮᠠᠭᠠᠯᠠᠯ ᠤᠨ ᠭᠡᠨᠡᠳᠲᠠ ᠶᠢᠨ ᠬᠡᠷᠡᠭ ᠤᠨ ᠪᠠᠴᠢᠮ | ᠪᠠᠶᠢᠳᠡᠯ ᠢ ᠠᠷᠭᠠᠴᠠᠨ ᠰᠢᠢᠳᠪᠦᠷᠢᠯᠡᠬᠦ ᠴᠢᠳᠡᠪᠦᠷᠢ ᠶᠢ ᠤᠯᠠᠮ ᠴᠢᠨᠠᠭᠰᠢᠳᠠ ᠴᠢᠩᠭᠠᠳᠬᠠᠨ᠎ᠠ᠃ ︽ᠡᠷᠡᠭᠦᠯ ᠡᠩᠬᠡ ᠰᠢᠨ᠎ᠡ | ᠪᠠᠷᠭᠤ ᠪᠠᠷᠠᠭᠤᠨ ᠬᠤᠰᠢᠭᠤ︾ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠳᠤᠳᠠᠢ ᠲᠦᠯᠬᠢᠨ ᠠᠬᠢᠭᠤᠯᠵᠤ᠂ | ᠤᠳᠠᠭᠠᠨ ᠴᠢᠨᠠᠷᠲᠠᠶ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠨ ᠡᠵᠡᠮᠳᠡᠬᠦ ᠵᠢᠱᠢᠶ᠎ᠡ ᠦᠵᠡᠭᠦᠯᠬᠦ ᠣᠷᠣᠨ ᠤ ᠦᠷ᠎ᠡ | ᠪᠦᠲᠦᠭᠡᠯ ᠢ ᠪᠠᠬᠢᠵᠢᠭᠦᠯᠦᠨ᠎ᠡ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ | ᠬᠦᠨᠵᠡᠭᠡᠶᠢᠷᠡᠬᠦᠯᠵᠦ᠂ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠠᠵᠢᠯ ᠤᠨ ᠦᠷ᠎ᠠ ᠪᠦᠲᠦᠮᠵᠢ ᠶᠢ | ᠬᠢᠨᠡᠨ ᠰᠢᠯᠭᠠᠬᠤ ᠠᠵᠢᠯ ᠢ ᠪᠥᠬᠦ ᠲᠠᠯ᠎ᠠ ᠪᠠᠷ ᠡᠬᠢᠯᠡᠬᠦᠯᠦᠨ᠂ ᠡᠮᠴᠢᠯᠡᠭᠡᠨ ᠤ ᠬᠠᠮᠲᠤᠷᠠᠨ ᠤᠨᠤᠰᠢᠯᠠᠬᠤ ᠲᠠᠪᠴᠠᠩ ᠤᠨ | ᠪᠠᠶᠢᠭᠤᠯᠤᠯᠲᠠ ᠶᠢ ᠢᠳᠡᠪᠬᠢᠳᠠᠢ ᠲᠦᠯᠬᠢᠨ ᠠᠬᠢᠭᠤᠯᠵᠤ᠂ ︽ᠤᠷᠢᠳᠠᠪᠠᠷ ᠣᠨᠣᠰᠢᠯᠠᠨ ᠡᠮᠨᠡᠭᠦᠯᠵᠦ ᠳᠠᠷᠠᠭ᠎ᠠ ᠳᠤᠨᠢ | ᠰᠦᠢᠳᠭᠡᠯ ᠲᠤᠰᠢᠶᠠᠬᠤ᠂ ᠨᠢᠭᠡ ᠥᠷᠲᠡᠭᠡ ᠮᠠᠶ᠋ᠢᠭ︾ ᠤᠨ ᠳ᠋ᠦᠩᠨᠡᠨ ᠪᠤᠳᠤᠯᠳᠡ ᠶᠢ ᠨᠠᠶᠢᠳᠠᠪᠤᠷᠢᠵᠢᠭᠤᠯᠤᠨ᠎ᠠ᠃ ᠬᠡᠷ | ᠪᠦᠯᠢ ᠶᠢᠨ ᠡᠮᠴᠢ ᠶᠢᠨ ᠭᠡᠷ᠎ᠠ ᠲᠤᠭᠳᠠᠬᠤ ᠦᠢᠯᠡᠴᠢᠯᠡᠭᠡ ᠶᠢ ᠲᠦᠯᠬᠢᠨ ᠠᠬᠢᠭᠤᠯᠵᠤ᠂ ᠣᠯᠠᠨ ᠲᠦᠮᠡᠨ ᠤ ᠡᠷᠡᠭᠦᠯ | ᠬᠠᠮᠠᠭᠠᠯᠠᠯ ᠤᠨ ᠦᠨᠳᠤᠰᠤᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠡᠮ ᠡᠮᠨᠡᠯᠭᠡ ᠶᠢᠨ ᠪᠠᠲᠤᠯᠠᠭ᠎ᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ︽ᠡᠷᠡᠭᠦᠯ ᠮᠡᠨᠳᠦ ᠶᠢᠨ ᠬᠦᠮᠦᠵᠢᠯ ᠤᠨ ᠲᠤᠭᠤᠷᠢᠨ ᠬᠢᠬᠦ ᠲᠠᠶᠢᠯᠤᠮᠵᠢ︾᠂ ︽ᠡᠷᠡᠭᠦᠯ | ᠡᠩᠬᠡ ᠳᠤᠮᠳᠠᠳᠤ ᠤᠯᠤᠰ ᠤᠨ ᠠᠶᠠᠯᠠᠯ︾ ᠤᠨ ᠠᠵᠢᠯᠯᠠᠭ᠎ᠠ ᠶᠢ ᠥᠷᠨᠢᠭᠦᠯᠵᠦ᠂ ᠪᠥᠬᠦ ᠠᠷᠠᠳ ᠤᠨ ᠡᠷᠡᠭᠦᠯ ᠮᠡᠨᠳᠦ ᠶᠢᠨ | ᠮᠡᠳᠡᠯᠭᠡ ᠮᠡᠳᠡᠴᠡ ᠶᠢᠨ ᠨᠣᠷᠮ᠎ᠠ ᠶᠢ ᠳᠡᠭᠡᠭᠰᠢᠯᠡᠭᠦᠯᠦᠨ᠎ᠡ᠃ ᠮᠣᠩᠭᠤᠯ ᠡᠮ ᠡᠮᠨᠡᠯᠭᠡ ᠶᠢᠨ ᠦᠢᠯᠡᠰ ᠤᠨ ᠬᠥᠭᠵᠢᠯᠲᠡ ᠶᠢ | ᠬᠥᠭᠵᠢᠭᠦᠯᠦᠨ ᠮᠠᠨᠳᠤᠭᠤᠯᠵᠤ᠂ ᠮᠣᠩᠭᠤᠯ ᠡᠮᠨᠡᠯᠭᠡ ᠶᠢᠨ ᠶᠡᠷᠦᠩᠭᠡᠶᠢᠯᠡᠭᠰᠡᠨ ᠦᠢᠯᠡᠴᠢᠯᠡᠭᠡᠨ ᠤ ᠲᠣᠭᠤᠷᠢᠭ ᠵᠢᠴᠢ | ᠭᠤᠣᠯᠳᠠᠯᠭ᠎ᠠ ᠲᠠᠢ ᠲᠤᠰᠬᠠᠢ ᠰᠠᠯᠠᠭᠠᠨ ᠤ ᠪᠦᠲᠦᠭᠡᠨ ᠪᠠᠶᠢᠭᠤᠯᠤᠯᠳᠠ ᠶᠢ ᠲᠦᠷᠭᠡᠳᠭᠡᠨ᠂ ᠰᠤᠮᠤ ᠪᠠᠯᠭᠠᠰᠦ ᠶᠢᠨ | ᠮᠣᠩᠭᠤᠯ ᠡᠮᠨᠡᠯᠭᠡ ᠶᠢᠨ ᠬᠤᠷᠢᠶᠠᠨ ᠤ ᠪᠦᠷᠬᠦᠴᠡ ᠶᠢᠨ ᠨᠣᠷᠮ᠎ᠠ ᠶᠢ 90% ᠳᠤ ᠬᠦᠷᠭᠡᠵᠦ᠂ ᠨᠡᠶᠢᠭᠡᠮ ᠲᠣᠭᠤᠷᠢᠭ ᠤᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠪᠦᠷᠬᠦᠴᠡ ᠶᠢᠨ ᠨᠣᠷᠮ᠎ᠠ ᠶᠢ 100% ᠳᠤ ᠬᠦᠷᠭᠡᠵᠦ᠂ | ᠣᠨᠴᠠᠯᠢᠭ ᠢᠶᠠᠷ ᠲᠤᠪᠣᠶᠢᠮᠡ᠂ ᠦᠷ᠎ᠡ ᠪᠦᠲᠦᠮᠵᠢ ᠪᠠᠷ ᠢᠯᠡᠷᠬᠡᠢ ᠮᠣᠩᠭᠤᠯ ᠡᠮᠨᠡᠯᠭᠡ ᠶᠢᠨ ᠡᠮᠴᠢᠯᠡᠭᠡᠨ ᠤ ᠰᠢᠰᠲ᠋ᠧᠮ ᠢ | ᠪᠤᠢ ᠪᠤᠯᠭᠠᠨ᠎ᠠ᠃ ᠰᠣᠶᠣᠯ ᠲᠠᠮᠢᠷ ᠤᠨ ᠦᠢᠯᠡᠰ ᠢ ᠴᠡᠴᠡᠭᠯᠡᠬᠦᠯᠦᠨ ᠬᠥᠭᠵᠢᠭᠦᠯᠵᠦ᠂ ︽ᠣᠯᠠᠨ ᠲᠦᠮᠡᠨ ᠤ ᠵᠠᠭᠤᠨ | ᠡᠳᠦᠷ ᠤᠨ ᠤᠷᠠᠨ ᠰᠠᠶᠢᠬᠠᠨ ᠤ ᠲᠣᠭᠯᠠᠯᠲᠠ︾᠂ ︽ᠨᠣᠮ ᠤᠨ ᠦᠨᠦᠷ ᠬᠠᠩᠬᠤᠯᠤᠭᠰᠠᠨ ᠰᠢᠨ᠎ᠡ ᠪᠠᠷᠭᠤ ᠪᠠᠷᠠᠭᠤᠨ | ᠬᠤᠰᠢᠭᠤ︾᠂ ᠦᠨᠳᠦᠰᠦᠲᠡᠨ ᠤ ᠠᠷᠠᠳ ᠤᠨ ᠠᠭᠤᠳᠠᠮ ᠲᠠᠯᠠᠪᠠᠢ ᠶᠢᠨ ᠪᠥᠵᠢᠭ ᠵᠡᠷᠭᠡ ᠰᠢᠷᠢᠰ ᠭᠤᠤᠯ ᠰᠡᠳᠦᠪᠲᠦ | ᠠᠵᠢᠯᠯᠠᠭ᠎ᠠ ᠶᠢ ᠦᠷᠭᠦᠯᠵᠢᠯᠡᠨ ᠦᠷᠨᠢᠬᠦᠯᠵᠦ᠂ ᠰᠢᠯᠢᠳᠡᠭ ᠰᠣᠶᠣᠯ ᠢ ᠤᠯᠠᠮᠵᠢᠯᠠᠨ ᠵᠠᠯᠭᠠᠮᠵᠢᠯᠠᠬᠤ᠂ ᠲᠡᠤᠬᠡ ᠶᠢᠨ | ᠳᠤᠷᠠᠰᠬᠠᠯᠲᠤ ᠵᠦᠢᠯ ᠢ ᠬᠠᠮᠠᠭᠠᠯᠠᠨ ᠠᠰᠢᠭᠯᠠᠬᠤ᠂ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ | ᠲᠡᠭᠦᠪᠦᠷᠢ ᠶᠢ ᠬᠠᠮᠠᠭᠠᠯᠠᠬᠤ ᠪᠠᠶᠢᠭᠤᠯᠤᠯᠲᠠ ᠶᠢ ᠴᠢᠩᠭᠠᠳᠬᠠᠨ᠎ᠠ᠃ ᠤᠯᠠᠨ ᠨᠠᠶᠢᠳᠡ ᠶᠢᠨ ᠦᠢᠯᠡᠴᠢᠯᠡᠭᠡ ᠶᠢᠨ ᠰᠠᠭᠤᠷᠢ | ᠲᠦᠬᠦᠭᠡᠷᠦᠮᠵᠢ ᠶᠢᠨ ᠪᠦᠳᠤᠭᠡᠨ ᠪᠠᠶᠢᠭᠤᠯᠤᠯᠳᠠ ᠶᠢ ᠴᠢᠩᠭᠠᠳᠬᠠᠵᠦ᠂ ᠦᠨᠳᠤᠰᠦᠳᠡᠨ ᠤ ᠪᠡᠶ᠎ᠡ ᠲᠠᠮᠢᠷ ᠤᠨ ᠪᠡᠶ᠎ᠡ | ᠴᠢᠬᠢᠷᠠᠭᠵᠢᠭᠤᠯᠬᠤ ᠲᠥᠪ ᠤᠨ ᠦᠢᠯᠡᠳᠤᠯ ᠢ ᠬᠦᠢᠴᠡᠳ ᠪᠠᠳᠠᠷᠠᠭᠤᠯᠵᠤ᠂ ᠣᠯᠠᠨ ᠲᠦᠮᠡᠨ ᠤ ᠪᠡᠶ᠎ᠡ ᠶᠢᠨ ᠲᠠᠮᠢᠷ ᠤᠨ | ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠵᠡᠮᠳᠡᠭᠴᠦᠳ ᠲᠤ ᠦᠢᠯᠡᠴᠢᠯᠡᠬᠦ ᠪᠠᠲᠤᠯᠠᠭ᠎ᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠡᠷᠡᠭᠦᠯᠵᠢᠯ ᠵᠢᠴᠢ ᠠᠵᠢᠯ ᠣᠯᠭᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ | ᠳᠡᠭᠡᠭᠰᠢᠯᠡᠭᠦᠯᠦᠨ᠎ᠡ᠃ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠪᠠᠳᠤᠯᠠᠨ᠎ᠠ᠃ ᠬᠠᠤᠯᠢ ᠶᠣᠰᠣᠭᠠᠷ ᠰᠢᠨᠵᠢᠯᠡᠬᠦ | ᠤᠬᠠᠭᠠᠨᠴᠢ ᠪᠠᠷ ᠪᠦᠷᠢᠳᠬᠡᠬᠦ ᠶᠢ ᠪᠠᠷᠢᠮᠳᠠᠯᠠᠵᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢ ᠪᠡᠶᠡᠯᠡᠭᠦᠯᠦᠨ᠎ᠡ᠃ ᠠᠶᠦᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ | ᠴᠢᠩᠭ᠎ᠠ ᠨᠠᠶᠢᠳᠡᠪᠦᠷᠢᠵᠢᠭᠤᠯᠵᠤ᠂ ᠵᠠᠮ ᠬᠠᠷᠢᠯᠴᠠᠭ᠎ᠠ᠂ ᠠᠶᠤᠯᠲᠠᠶ ᠬᠢᠮᠢ ᠶᠢᠨ ᠪᠣᠳᠠᠰ᠂ ᠨᠡᠭᠦᠷᠡᠰᠦᠨ ᠤ ᠪᠤᠰᠤ ᠠᠭᠤᠷᠬᠠᠶ | ᠵᠡᠷᠭᠡ ᠠᠮᠤᠷ ᠲᠦᠪᠰᠢᠨ ᠤ ᠪᠠᠬᠢᠯᠡᠯᠲᠡ ᠰᠢᠪᠳᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠣᠨᠴᠡ ᠬᠦᠨᠳᠦ | ᠶᠡᠭᠡ ᠠᠶᠦᠯᠬᠦᠢ ᠦᠢᠯᠡᠳᠪᠦᠷᠢᠯᠡᠯ ᠤᠨ ᠠᠳᠡᠯ ᠭᠠᠷᠬᠤ ᠠᠴᠠ ᠡᠷᠡᠰ ᠬᠤᠷᠢᠭᠯᠠᠨ᠎ᠠ᠃ ᠢᠳᠡᠭᠡᠨ ᠪᠠ ᠡᠮ ᠤᠨ | ᠵᠦᠢᠯ ᠤᠨ ᠬᠢᠨᠠᠯᠳᠠ ᠬᠠᠮᠢᠶᠠᠷᠤᠯᠲᠠ ᠶᠢ ᠬᠦᠴᠦᠲᠡᠶ ᠠᠳᠬᠤᠨ᠂ ᠠᠷᠠᠳ ᠣᠯᠠᠨ ᠤ ᠢᠳᠠᠵᠤ ᠣᠣᠭᠤᠬᠤ ᠪᠠ ᠡᠮ | ᠭᠡᠷᠡᠭᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠦᠨᠳᠦᠰᠦᠲᠡᠨ ᠤ ᠪᠦᠯᠬᠦᠮᠳᠡᠯ ᠤᠨ ︽ᠠᠨᠠᠷ ᠤᠨ ᠦᠷ᠎ᠡ︾ ᠶᠢᠨ | ᠠᠭᠤᠯᠬᠤᠨ ᠢ ᠣᠨᠣᠪᠴᠢᠲᠠᠶ ᠡᠵᠡᠮᠳᠡᠵᠦ᠂ ᠦᠪᠡᠷ ᠤᠨ ᠨᠢᠳᠦ ᠪᠠᠨ ᠬᠠᠶᠢᠷᠠᠯᠠᠬᠤ ᠰᠢᠭ᠋ ᠦᠨᠳᠤᠰᠤᠳᠠᠨ ᠤ | ᠪᠦᠯᠬᠦᠮᠳᠡᠯ ᠢ ᠬᠠᠶᠢᠷᠠᠯᠠᠨ ᠨᠠᠨᠳᠢᠩᠨᠠᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ | ᠦᠵᠡᠭᠦᠯᠬᠦ ᠬᠤᠰᠢᠭᠤ ᠶᠢ ᠴᠢᠷᠮᠠᠶᠢᠨ ᠴᠣᠭᠴᠠᠯᠠᠨ᠎ᠠ᠃ ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠨ ᠰᠤᠷᠪᠤᠯᠵᠢᠯᠠᠬᠤ | ᠳᠦᠷᠢᠮ ᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠬᠦᠴᠦᠯᠡᠨ ᠪᠠᠶᠢᠴᠠᠭᠠᠵᠦ ᠰᠢᠢᠳᠪᠦᠷᠢᠯᠡᠨ᠎ᠡ᠃ ᠣᠯᠣᠰ ᠤᠨ | ᠠᠮᠤᠷ ᠲᠦᠪᠰᠢᠨ ᠪᠤᠯᠤᠨ ᠠᠮᠢᠳᠦ ᠪᠤᠳᠠᠰ ᠤᠨ ᠠᠮᠣᠷ ᠲᠦᠪᠰᠢᠨ ᠢ ᠣᠬᠠᠭᠤᠯᠬᠤ ᠬᠦᠴᠤᠯᠠᠴᠡ ᠶᠢ ᠨᠡᠮᠡᠭᠳᠡᠬᠦᠯᠦᠨ᠂ | ᠣᠯᠠᠨ ᠨᠡᠶᠢᠲᠡ ᠶᠢᠨ ᠠᠮᠤᠷ ᠲᠦᠪᠰᠢᠨ ᠤ ᠰᠠᠭᠤᠷᠢ ᠶᠢ ᠪᠠᠳᠤᠳᠬᠠᠵᠦ᠂ ︽ᠳᠣᠯᠣᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠬᠦᠯᠬᠦ ᠠᠵᠢᠯ ᠢ ᠭᠦᠨᠵᠡᠭᠡᠶ ᠦᠷᠨᠢᠭᠦᠯᠦᠨ᠂ ︽ᠡᠷᠡᠬᠦᠯ ᠡᠩᠭᠡ ᠰᠢᠨ᠎ᠡ ᠪᠠᠷᠭᠤ ᠪᠠᠷᠠᠭᠤᠨ ᠬᠤᠰᠢᠭᠤ︾ ᠶᠢ | ᠡᠭᠦᠳᠦᠨ ᠪᠠᠶᠢᠭᠤᠯᠬᠤ ᠶᠢ ᠬᠦᠨᠵᠡᠭᠡᠶᠢᠷᠡᠬᠦᠯᠵᠦ᠂ ︽ᠭᠡᠷᠡᠯᠳᠦ ᠢᠨᠵᠧᠨᠧᠷᠢᠩ︾᠂ ︽ᠣᠶᠣᠨᠴᠢ ᠴᠢᠯᠠᠭᠤ ᠢᠨᠵᠧᠨᠧᠷᠢᠩ︾ | ᠤᠨ ᠪᠥᠲᠥᠭᠡᠨ ᠪᠠᠶᠢᠭᠤᠯᠤᠯᠳᠠ ᠶᠢ ᠲᠦᠷᠭᠡᠳᠭᠡᠨ᠂ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ | ᠲᠤᠰᠬᠠᠶ ᠲᠡᠮᠡᠴᠡᠯ ᠢ ᠦᠷᠭᠦᠯᠵᠢᠯᠡᠨ ᠥᠷᠨᠢᠭᠦᠯᠵᠦ᠂ ᠡᠯ᠎ᠡ ᠲᠦᠷᠦᠯ ᠤᠨ ︽ᠦᠮᠦᠭᠯᠡᠭᠴᠢ︾᠂ ︽ᠬᠠᠷᠢᠴᠠᠭᠠᠨ ᠤ ᠲᠣᠤᠷ︾ | ᠲᠤ ᠴᠢᠩᠭ᠎ᠠ ᠴᠣᠬᠢᠯᠲᠠ ᠦᠭᠬᠦᠨ᠎ᠡ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠠ ᠪᠡᠯᠡᠳᠬᠡᠯ | ᠬᠦᠴᠦᠨ ᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠴᠡᠷᠢᠭ ᠠᠷᠠᠳ ᠤᠨ ᠠᠭᠤᠰᠤᠯᠴᠠᠨ | ᠬᠦᠭᠵᠢᠭᠦ ᠶᠠᠰᠤ ᠴᠢᠨᠠᠷ ᠪᠠ ᠳᠡᠰ ᠳᠠᠪᠬᠤᠷᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ︽ᠮᠣᠩᠭᠤᠯ ᠭᠡᠷ ᠪᠣᠯ | ᠬᠠᠷᠠᠭᠤᠯ ᠤᠨ ᠭᠠᠵᠠᠷ᠂ ᠮᠠᠯᠴᠢᠳ ᠪᠣᠯ ᠬᠠᠷᠠᠭᠤᠯ ᠤᠨ ᠴᠡᠷᠢᠭ︾ ᠪᠣᠯᠬᠤ ᠦᠢᠯᠡᠳᠦᠯ ᠢ ᠪᠠᠳᠠᠷᠠᠭᠤᠯᠵᠤ᠂ ᠴᠡᠷᠢᠭ | ᠠᠷᠠᠳ ᠤᠨ ᠬᠢᠯᠢ ᠶᠢᠨ ᠬᠠᠮᠠᠭᠠᠯᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠡᠬᠦᠯᠳᠡᠷᠵᠢᠭᠦᠯᠦᠨ᠂ ᠬᠢᠯᠢ | ᠬᠢᠵᠠᠭᠠᠷ ᠤᠨ ᠶᠡᠷᠦᠩᠭᠡᠶᠢᠯᠡᠨ ᠰᠡᠷᠭᠡᠶᠢᠯᠡᠨ ᠡᠵᠡᠮᠳᠡᠬᠦ ᠴᠢᠳᠠᠪᠦᠷᠢ ᠶᠢ ᠳᠡᠭᠡᠭᠰᠢᠯᠡᠭᠦᠯᠵᠦ᠂ ᠬᠢᠯᠢ ᠬᠢᠵᠠᠭᠠᠷ ᠤᠨ ᠠᠮᠤᠷ | ᠲᠣᠭᠲᠠᠭᠤᠨ ᠪᠠᠶᠢᠳᠠᠯ ᠢ ᠪᠠᠳᠤᠯᠠᠨ᠎ᠠ᠃ | | |