2020 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ︵ᠭᠤᠷᠪᠠ︶
ᠨᠡᠶᠢᠲᠡᠯᠡᠭᠰᠡᠨ ᠴᠠᠭ᠄
2020/5/22
      ᠭᠤᠷᠪᠠ᠂ ᠵᠠᠰᠠᠭ ᠤᠨ ᠣᠷᠳᠣᠨ ᠤ ᠲᠤᠰ ᠪᠠᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠎ᠠ        ᠲᠥᠯᠥᠭᠡᠯᠡᠭᠴᠢᠳ ᠡ᠂ ︽ᠬᠡᠳᠦᠶ ᠬᠦᠴᠢᠷ ᠪᠡᠷᠬᠡᠰᠢᠶᠡᠯ ᠲᠠᠢ ᠪᠣᠯ ᠲᠡᠳᠦᠶ ᠰᠡᠳᠬᠢᠯ ᠵᠠᠰᠠᠬᠤ ᠦᠶ᠎ᠡ ᠪᠣᠯᠣᠨ᠎ᠠ︾᠃ ᠨᠡᠩ ᠲᠦᠪᠡᠭ ᠪᠤᠳᠤᠯᠢᠶᠠᠨᠳᠦ ᠠᠬᠤᠢ ᠪᠠᠶᠢᠳᠡᠯ ᠪᠠ ᠬᠦᠨᠳᠦ ᠭᠡᠴᠡᠬᠦᠦ ᠡᠬᠦᠷᠭᠡ ᠶᠢᠨ ᠡᠮᠦᠨ᠎ᠡ᠂ ᠪᠢᠳᠡ ᠴᠡᠭᠴᠡᠯᠡᠨ ᠵᠠᠰᠠᠯᠳᠠ ᠶᠢᠨ ᠴᠢᠳᠠᠪᠦᠷᠢ ᠶᠢᠨ ᠤᠳᠤᠬᠢᠴᠢᠯᠠᠯᠳᠠ ᠪᠣᠯᠣᠨ ︽ᠲᠡᠪᠦᠨ ᠭᠡᠯᠪᠡᠷᠢ︾ ᠶᠢᠨ ᠵᠠᠰᠠᠭ ᠤᠨ ᠤᠷᠳᠤᠨ ᠤ ᠪᠦᠳᠤᠭᠡᠨ ᠪᠠᠶᠢᠭᠤᠯᠤᠯᠳᠠ ᠶᠢ ᠦᠷᠬᠦᠯᠵᠢᠯᠡᠨ ᠲᠦᠯᠬᠢᠨ ᠠᠬᠢᠭᠤᠯᠵᠤ᠂ ᠠᠷᠠᠳ ᠲᠦᠮᠡᠨ ᠨᠡᠩ ᠬᠠᠨᠤᠮᠵᠢᠳᠡᠢ ᠵᠠᠰᠠᠭ ᠤᠨ ᠤᠷᠳᠤᠨ ᠢ ᠴᠤᠭᠴᠠᠯᠠᠬᠤ ᠪᠠᠷ ᠴᠢᠷᠮᠠᠶᠢᠬᠤ ᠭᠡᠷᠡᠭᠳᠡᠢ᠃        ︵ᠨᠢᠭᠡ︶ ᠶᠣᠰᠣ ᠰᠤᠷᠲᠠᠬᠤᠨ ᠢᠶᠠᠷ ᠵᠠᠰᠠᠭ ᠪᠠᠷᠢᠬᠤ ᠶᠢ ᠪᠠᠷᠢᠮᠲᠠᠯᠠᠨ᠎ᠠ᠃ ᠪᠢᠳᠡ ᠤᠯᠤᠰ ᠲᠦᠷᠦ ᠶᠢᠨ ᠪᠠᠶᠢᠭᠤᠯᠤᠯᠲᠠ ᠶᠢ ᠴᠢᠩᠭᠠᠳᠬᠠᠵᠤ᠂ ᠦᠨᠡᠨᠴᠢ ᠰᠢᠳᠤᠷᠭᠤ ᠠᠮᠢᠨ ᠰᠦᠨᠡᠰᠦ ᠶᠢ ᠪᠠᠲᠤ ᠪᠠᠬᠢ ᠪᠣᠢ ᠪᠣᠯᠭᠠᠨ᠂ ᠤᠯᠤᠰ ᠲᠦᠷᠦ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠲᠦᠷᠪᠡᠨ ᠤᠬᠠᠮᠰᠠᠷ︾ ᠢ ᠪᠠᠬᠢᠵᠢᠭᠦᠯᠦᠨ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠡᠷᠡᠰ ᠪᠠᠶᠡᠯᠡᠬᠦᠯᠦᠨ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠨᠢᠭᠡᠳᠦᠯᠲᠡᠢ ᠪᠠᠶᠢᠯᠭᠠᠵᠦ᠂ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠡᠪᠦᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠳᠤᠯᠠᠨ᠎ᠠ᠃ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠦᠢᠯᠡᠳᠤᠯᠭᠡ ᠪᠣᠯᠭᠠᠨ ᠬᠤᠪᠢᠷᠠᠭᠤᠯᠵᠤ᠂ ᠨᠠᠷᠢᠨ ᠪᠤᠳᠤᠯᠢᠶᠠᠨᠲᠠᠶ ᠪᠠᠶᠢᠳᠠᠯ ᠢ ᠡᠵᠡᠮᠳᠡᠭᠰᠡᠨ᠂ ᠪᠤᠳᠠᠳᠦ ᠠᠰᠠᠭᠤᠳᠠᠯ ᠢ ᠰᠢᠢᠳᠪᠦᠷᠢᠯᠡᠬᠦ ᠴᠢᠳᠠᠪᠤᠷᠢᠲᠠᠨ ᠪᠤᠯᠭᠠᠬᠤ ᠪᠠᠷ ᠴᠢᠷᠮᠠᠶᠢᠨ᠎ᠠ᠃ ᠤᠯᠤᠰ ᠣᠷᠣᠨ ᠤ ᠪᠠᠨ ᠲᠥᠯᠥᠭᠡ ᠵᠢᠳᠬᠦᠬᠦ ᠵᠣᠷᠢᠭ ᠢ ᠦᠷᠭᠦᠯᠵᠢ ᠡᠪᠦᠷᠯᠡᠨ᠂ ︽ᠭᠠᠪᠢᠶ᠎ᠠ ᠵᠢᠳᠬᠦᠯ ᠮᠢᠨᠦ ᠪᠡᠶ᠎ᠡ ᠳᠤ ᠪᠠᠶᠢᠬᠤ ᠪᠢᠰᠢ︾ ᠭᠡᠬᠦ ᠬᠡᠬᠦᠳᠡᠭ ᠴᠡᠭᠡᠵᠢ ᠲᠠᠢ ᠪᠠᠶᠢᠬᠤ ᠪᠠ ︽ᠭᠠᠪᠢᠶ᠎ᠠ ᠪᠠᠶᠢᠭᠤᠯᠪᠠᠯ ᠯᠠᠪᠲᠠᠶ ᠮᠢᠨᠦ ᠪᠡᠶ᠎ᠡ ᠪᠠᠶᠢᠬᠤ︾ ᠰᠡᠳᠬᠢᠯᠭᠡ ᠶᠢ ᠲᠠᠰᠤᠷᠠᠯᠳᠠ ᠦᠭᠡᠢ ᠬᠠᠳᠠᠭᠠᠯᠠᠵᠤ᠂ ᠳᠤᠷᠠᠲᠠᠶ᠎ᠠ ᠪᠠᠭ᠎ᠠ ᠰᠠᠭ᠎ᠠ ᠶᠠᠪᠣᠳᠠᠯ ᠠᠴᠠ ᠭᠠᠷᠳᠠᠨ ᠬᠢᠵᠦ ᠬᠦᠴᠦ ᠪᠠᠨ ᠬᠤᠷᠠᠮᠳᠤᠭᠤᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠠᠯᠡᠬᠦᠯᠬᠦ ᠳᠤ ᠪᠦᠬᠦᠶᠢᠯᠡ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠬᠦᠨ᠎ᠡ᠃        ︵ᠬᠤᠶᠠᠷ︶ ᠰᠢᠨᠵᠢᠯᠡᠬᠦ ᠤᠬᠠᠭᠠᠨᠴᠢ ᠪᠠᠷ ᠵᠠᠰᠠᠭ ᠶᠠᠪᠤᠭᠤᠯᠬᠤ ᠶᠢ ᠴᠢᠩᠭᠠᠷᠠᠭᠤᠯᠤᠨ᠎ᠠ᠃ ᠪᠢᠳᠡ ᠦᠨᠡᠨ ᠪᠣᠳᠠᠲᠠᠶ᠂ ᠰᠢᠷᠭᠠᠭᠤ ᠬᠠᠲᠠᠭᠤᠵᠢᠯᠲᠠᠶ ᠪᠦᠭᠡᠳ ᠰᠢᠨᠵᠢᠯᠡᠬᠦ ᠣᠬᠠᠭᠠᠨᠴᠢ ᠪᠠᠷ ᠠᠵᠢᠯᠯᠠᠵᠤ᠂ ︽ᠲᠤᠰᠠ ᠦᠭᠡᠢ ᠠᠵᠢᠯ ᠬᠢᠬᠦ ᠦᠭᠡᠢ᠂ ᠠᠰᠢᠭ ᠦᠭᠡᠢ ᠶᠠᠪᠤᠳᠠᠯ ᠢ ᠬᠢᠬᠦ ᠦᠭᠡᠢ︾ ᠪᠠᠶᠢᠬᠤ ᠬᠡᠷᠡᠭᠲᠡᠶ᠃ ᠰᠢᠢᠳᠪᠦᠷᠢᠳᠦ ᠪᠣᠳᠣᠯᠭ᠎ᠠ ᠶᠢᠨ ᠰᠢᠨᠵᠢᠯᠡᠬᠦ ᠤᠬᠠᠭᠠᠨᠴᠢ ᠴᠢᠨᠠᠷ ᠢ ᠪᠥᠬᠦ ᠲᠠᠯ᠎ᠠ ᠪᠠᠷ ᠲᠡᠭᠡᠭᠰᠢᠯᠡᠬᠦᠯᠵᠦ᠂ ᠪᠠᠶᠢᠴᠠᠭᠠᠨ ᠰᠤᠳᠤᠯᠤᠯᠲᠠ ᠶᠢ ᠴᠢᠩᠭᠠᠳᠬᠠᠨ᠂ ᠠᠷᠠᠳᠴᠢᠯᠠᠯ ᠲᠥᠪᠯᠡᠷᠡᠯ ᠤᠨ ᠶᠣᠰᠣ ᠶᠢ ᠪᠠᠷᠢᠮᠲᠠᠯᠠᠵᠤ᠂ ᠰᠢᠢᠳᠪᠦᠷᠢᠳᠤ ᠪᠣᠳᠣᠯᠭ᠎ᠠ ᠶᠢᠨ ᠲᠠᠰ ᠳᠠᠷᠠᠭᠠᠯᠠᠯ ᠢ ᠲᠦᠷᠢᠮᠵᠢᠭᠦᠯᠦᠨ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠶᠢ ᠴᠢᠩᠭᠠᠳᠬᠠᠵᠦ᠂ ᠨᠡᠶᠢᠭᠡᠮ ᠤᠨ ᠬᠠᠯᠠᠮᠵᠢᠯᠠᠵᠤ ᠪᠠᠶᠢᠬᠤ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤ ᠦᠭᠬᠦᠨ᠎ᠡ᠃ ᠠᠵᠢᠯ ᠤᠨ ᠪᠤᠳᠠᠳᠦ ᠦᠷ᠎ᠠ ᠪᠦᠲᠦᠮᠵᠢᠲᠦ ᠴᠢᠨᠠᠷ ᠢ ᠴᠢᠷᠮᠠᠶᠢᠨ ᠳᠡᠭᠡᠭᠰᠢᠯᠡᠭᠦᠯᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠲᠤᠪᠣᠶᠢᠯᠭᠠᠨ᠂ ᠶᠠᠪᠤᠴᠠ ᠲᠣᠮᠳᠡ ︽ᠳᠤᠰᠤᠯ ᠤᠰᠤ ᠶᠢ ᠴᠤ ᠭᠤᠭᠤᠵᠢᠭᠤᠯᠬᠤ ᠥᠬᠡᠶ︾ ᠪᠠᠶᠢᠭᠰᠠᠨ ᠴᠦ᠂ ︽ᠬᠦᠮᠦᠨ ᠤ ᠰᠠᠨᠠᠭᠠᠨ ᠳᠤ ᠬᠥᠷᠬᠦ ᠥᠬᠡᠶ︾ ᠦᠷ᠎ᠡ ᠳ᠋ᠦᠩ ᠤᠯᠬᠤ ᠠᠴᠠ ᠡᠷᠡᠰ ᠰᠡᠷᠭᠡᠶᠢᠯᠡᠨ᠎ᠡ᠃ ᠬᠢᠨᠠᠨ ᠰᠢᠯᠭᠠᠵᠤ ᠱᠠᠯᠠᠪᠳᠠᠭᠤᠯᠤᠨ ᠪᠠᠶᠢᠴᠠᠭᠠᠬᠤ ᠵᠦᠶ ᠵᠣᠬᠢᠰᠲᠠᠶ ᠴᠢᠨᠠᠷ ᠢ ᠴᠢᠬᠤᠯᠠᠴᠢᠯᠠᠵᠤ᠂ ᠱᠠᠯᠠᠪᠳᠠᠭᠤᠯᠤᠨ ᠪᠠᠶᠢᠴᠠᠭᠠᠬᠤ ᠶᠡᠷᠦᠩᠭᠡᠢ ᠲᠤᠭ᠎ᠠ ᠦᠶᠡᠯᠡᠯ ᠢ ᠴᠢᠩᠭ᠎ᠠ ᠡᠵᠡᠮᠳᠡᠨ᠂ ᠬᠥᠳᠡᠯᠭᠡᠭᠡᠨ ᠤ ᠮᠠᠶ᠋ᠢᠭ ᠪᠠ ᠮᠧᠬᠠᠨᠢᠭ ᠮᠠᠶ᠋ᠢᠭ ᠤᠨ ᠱᠠᠯᠠᠪᠳᠠᠭᠤᠯᠤᠨ ᠪᠠᠶᠢᠴᠠᠭᠠᠬᠤ ᠠᠵᠢᠯ ᠢ ᠬᠤᠷᠢᠭᠯᠠᠨ ᠵᠣᠭᠰᠣᠭᠠᠵᠤ᠂ ︽ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠣᠨ︾ ᠤ ᠦᠷ᠎ᠡ ᠪᠦᠲᠦᠮᠵᠢ ᠶᠢ ᠪᠠᠬᠢᠵᠢᠭᠦᠯᠦᠨ᠂ ᠪᠢᠴᠢᠭ ᠮᠠᠲ᠋ᠧᠷᠢᠶᠠᠯ ᠪᠤᠯᠤᠨ ᠬᠤᠷᠠᠯ ᠣᠪᠣᠭᠠᠷᠠᠵᠤ ᠪᠠᠶᠢᠭ᠎ᠠ ᠪᠠᠶᠢᠳᠠᠯ ᠢ ᠪᠠᠭᠠᠰᠬᠠᠵᠦ᠂ ︽ᠦᠩᠭᠡᠨ ᠲᠠᠯ᠎ᠠ︾ ᠶᠢ ᠯᠠ ᠴᠢᠬᠤᠯᠠᠴᠢᠯᠠᠭᠠᠳ ︽ᠦᠷ᠎ᠠ ᠪᠦᠲᠦᠮᠵᠢ︾ ᠶᠢ ᠴᠢᠬᠤᠯᠠᠴᠢᠯᠠᠬᠤ ᠦᠬᠡᠢ᠂ ᠬᠤᠭᠤᠰᠤᠨ ᠶᠠᠩᠵᠤᠯᠠᠭᠠᠳ ᠰᠡᠳᠬᠢᠯ ᠳᠠᠯᠪᠢᠬᠤ ᠦᠬᠡᠢ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ ᠺᠠᠳ᠋ᠷ ᠠᠵᠢᠯᠲᠠᠨ ᠤ ᠨᠠᠩ ᠣᠯᠠᠨ ᠴᠠᠭ ᠪᠣᠯᠣᠨ ᠬᠦᠴᠦ ᠴᠢᠳᠠᠯ ᠢᠶᠠᠨ ᠦᠨᠡᠨᠬᠦ ᠨᠠᠶᠢᠳᠠᠪᠦᠷᠢᠵᠢᠭᠤᠯᠤᠯᠳᠠ ᠶᠢ ᠠᠳᠬᠤᠬᠤ ᠳᠡᠭᠡᠷ᠎ᠡ ᠲᠠᠯᠪᠢᠬᠤ ᠪᠣᠯᠭᠠᠨ᠎ᠠ᠃        ︵ᠭᠤᠷᠪᠠ︶ ᠢᠯᠡ ᠪᠠᠷ ᠵᠠᠰᠠᠭ ᠡᠷᠬᠢᠯᠡᠬᠦ ᠶᠢ ᠲᠦᠯᠬᠢᠨ ᠠᠬᠢᠭᠤᠯᠤᠨ᠎ᠠ᠃ ᠪᠢᠳᠡ ᠡᠷᠬᠡ ᠶᠢ ᠢᠮᠠᠭᠲᠠ ︽ᠨᠡᠷᠡᠨ ᠤ ᠭᠡᠷᠡᠯ︾ ᠲᠣᠣᠷ᠎ᠠ ᠡᠭᠡᠭᠡᠵᠦ᠂ ᠣᠯᠠᠨ ᠲᠦᠮᠡᠨ ᠤ ᠰᠢᠯᠢᠳᠡᠭ ︽ᠦᠢᠯᠡᠴᠢᠯᠡᠭᠴᠢ︾ ᠪᠣᠯᠬᠤ ᠪᠠᠷ ᠴᠢᠷᠮᠠᠶᠢᠬᠤ ᠭᠡᠷᠡᠭᠳᠡᠢ᠃ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠳᠦᠷᠢᠮ︾ ᠢ ᠲᠣᠭᠲᠠᠭᠠᠵᠤ᠂ ᠠᠷᠠᠳ ᠲᠤ ᠦᠢᠯᠡᠴᠢᠯᠡᠬᠦ ᠵᠤᠷᠢᠯᠳᠠᠳᠦ ᠤᠬᠠᠮᠰᠠᠷ ᠢ ᠪᠤᠢ ᠪᠤᠯᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠡ ᠶᠢᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠦ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠰᠠᠨᠠᠯ ᠵᠦᠪᠯᠡᠯᠭᠡ ᠪᠤᠯᠤᠨ ᠤᠯᠤᠰ ᠲᠥᠷᠦ ᠶᠢᠨ ᠵᠥᠪᠯᠡᠯᠭᠡᠨ ᠤ ᠭᠡᠰᠢᠬᠦᠳ ᠤᠨ ᠰᠠᠨᠠᠯ ᠳᠤᠷᠠᠳᠤᠯᠭ᠎ᠠ ᠶᠢ ᠥᠨᠳᠥᠷ ᠪᠦᠲᠦᠮᠵᠢᠲᠡᠢ ᠰᠢᠢᠳᠪᠦᠷᠢᠯᠡᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠶᠡᠬᠡᠪᠡᠷ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠰᠡᠳᠬᠢᠬᠦᠶ ᠪᠣᠯᠣᠨ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ︽ᠦᠵᠡᠭᠳᠡᠬᠦ ᠭᠠᠷ︾ ᠢ ᠰᠠᠶᠢᠲᠤᠷ ᠭᠡᠷᠡᠭᠯᠡᠨ᠂ ︽ᠬᠡᠢ ᠭᠤᠷᠢᠳᠠᠬᠤ ᠠᠵᠢᠯᠯᠠᠭ᠎ᠠ︾ ᠶᠢ ᠰᠠᠶᠢᠲᠤᠷ ᠬᠠᠮᠢᠶᠠᠷᠴᠤ᠂ ᠡᠯ᠎ᠡ ᠲᠦᠷᠦᠯ ᠤᠨ ᠵᠠᠭᠤᠴᠢᠯᠠᠭᠤᠷ ᠤᠨ ᠦᠢᠯᠡᠳᠤᠯ ᠢ ᠬᠦᠢᠴᠡᠳ ᠪᠠᠳᠠᠷᠠᠭᠤᠯᠤᠨ᠂ ᠵᠠᠰᠠᠭ ᠤᠨ ᠣᠷᠳᠣᠨ ᠪᠣᠯᠤᠨ ᠤᠯᠠᠨ ᠲᠦᠮᠡᠨ ᠤ ᠬᠠᠷᠢᠯᠴᠠᠨ ᠬᠦᠳᠡᠯᠤᠯᠴᠡᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠤᠯᠠᠨ ᠲᠦᠮᠡᠨ ᠤ ᠦᠨᠡᠨ ᠦᠭᠡ ᠶᠢ ᠭᠡᠯᠡᠬᠦᠯᠦᠨ᠂ ᠤᠯᠠᠨ ᠲᠦᠮᠡᠨ ᠢ ᠬᠠᠪᠰᠣᠷᠣᠨ ᠰᠡᠵᠢᠭ ᠲᠥᠭᠡᠷᠢᠭᠳᠡᠯ ᠢ ᠨᠢ ᠰᠢᠢᠳᠪᠦᠷᠢᠯᠡᠨ ᠥᠭᠴᠦ᠂ ᠤᠯᠠᠨ ᠲᠦᠮᠡᠨ ᠳᠤ ᠪᠤᠳᠠᠳᠦ ᠶᠠᠪᠤᠳᠠᠯ ᠬᠢᠵᠦ ᠦᠭᠬᠦᠨ᠂ ᠯᠠᠪᠳᠠᠭᠤᠨ ᠪᠠᠲᠤᠲᠠᠶ ᠠᠵᠢᠯ ᠤᠨ ᠦᠷ᠎ᠡ ᠪᠦᠲᠦᠮᠵᠢ ᠪᠠᠷ ᠢᠶᠠᠨ ᠠᠷᠠᠳ ᠤᠯᠠᠨ ᠳᠤ ᠬᠠᠨᠤᠮᠵᠢᠲᠠᠶ ᠬᠠᠷᠢᠭᠤᠯᠲᠠ ᠦᠭᠬᠦᠨ᠎ᠡ᠃        ︵ᠲᠦᠷᠪᠡ︶ ᠰᠤᠷᠲᠠᠯ ᠢ ᠴᠡᠭᠴᠡᠯᠡᠨ ᠵᠠᠰᠠᠬᠤ ᠶᠢ ᠦᠷᠭᠦᠯᠵᠢᠯᠡᠨ ᠴᠢᠩᠳᠠᠯᠠᠨ᠎ᠠ᠃ ᠪᠢᠳᠡ ᠵᠠᠰᠠᠭ ᠤᠨ ᠣᠷᠳᠣᠨ ᠤ ᠰᠢᠰᠲ᠋ᠧᠮ ᠤᠨ ᠪᠠᠲᠤ ᠴᠢᠩᠭ᠎ᠠ ᠰᠤᠷᠲᠠᠯ ᠢ ᠪᠤᠢ ᠪᠣᠯᠭᠠᠵᠤ᠂ ᠪᠢᠰᠢᠷᠡᠨ ᠵᠢᠷᠦᠭᠡᠰᠢᠶᠠᠬᠦ ᠦᠭᠡᠢ᠂ ᠬᠠᠶᠢᠬᠤᠷᠬᠤ ᠦᠭᠡᠢ᠂ ᠤᠷᠢᠶ᠎ᠠ ᠬᠠᠰᠬᠢᠷᠤᠭᠠᠳ ᠶᠠᠩᠵᠤ ᠭᠠᠷᠭᠠᠬᠤ ᠠᠰᠠᠭᠤᠳᠠᠯ ᠢ ᠴᠢᠩᠭ᠎ᠠ ᠠᠩᠬᠠᠷᠤᠨ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠡᠷᠡᠰ ᠠᠷᠢᠯᠭᠠᠵᠤ᠂ ︽ᠶᠠᠪᠣᠳᠠᠯ ᠰᠢᠢᠳᠪᠦᠷᠢᠯᠡᠬᠦ ᠳᠤ ᠬᠦᠴᠢᠷ ᠭᠡᠳ ᠰᠢᠯᠲᠠᠭ ᠡᠷᠢᠬᠦ ᠦᠬᠡᠢ᠂ ᠵᠥᠪᠬᠡᠨ ᠰᠠᠶᠢᠨ ᠬᠢᠬᠦ ᠶᠢᠨ ᠲᠥᠯᠥᠭᠡ ᠠᠷᠭ᠎ᠠ ᠪᠦᠬᠦᠨ ᠢ ᠰᠦᠪᠡᠭᠴᠢᠯᠡᠬᠦ︾ ᠶᠢ ᠬᠠᠤᠯᠢ ᠶᠣᠰᠣᠭᠠᠷ ᠵᠠᠰᠠᠭ ᠶᠠᠪᠤᠭᠤᠯᠬᠤ ᠠᠵᠢᠯ ᠤᠨ ᠢᠯᠡ ᠲᠣᠳᠣ ᠣᠨᠴᠠᠯᠢᠭ ᠪᠤᠯᠭᠠᠨ᠂ ᠶᠠᠪᠤᠳᠠᠯ ᠪᠦᠬᠦᠨ ᠳᠤ ᠪᠤᠰᠢᠭᠤ ᠱᠠᠯᠠᠮᠠᠭᠠᠶ ᠪᠠᠶᠢᠵᠦ᠂ ᠬᠥᠮᠦᠨ ᠪᠦᠬᠦᠨ ᠵᠠᠶᠢᠯᠠᠭᠤᠯᠵᠤ ᠪᠣᠯᠤᠰᠢ ᠦᠭᠡᠢ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠬᠦ ᠠᠭᠤᠷ ᠠᠮᠢᠰᠬᠤᠯ ᠢ ᠪᠤᠢ ᠪᠤᠯᠭᠠᠨ᠎ᠠ᠃ ᠦᠵᠡᠯ ᠰᠠᠨᠠᠭ᠎ᠠ ᠪᠠᠨ ᠤᠯᠠᠮ ᠴᠢᠨᠠᠭᠰᠢᠳᠠ ᠴᠢᠯᠤᠭᠡᠯᠡᠨ᠂ ᠵᠠᠮ ᠨᠡᠭᠡᠭᠡᠨ ᠰᠢᠨ᠎ᠡ ᠶᠢ ᠡᠭᠦᠳᠴᠦ᠂ ᠥᠷᠭᠡᠨ ᠣᠯᠠᠨ ᠺᠠᠳ᠋ᠷ ᠠᠵᠢᠯᠲᠠᠨ ᠤ ᠢᠳᠡᠪᠬᠢᠵᠢᠯ ᠢ ᠬᠦᠢᠴᠡᠳ ᠳᠠᠶᠢᠴᠢᠯᠠᠨ᠂ ᠪᠣᠳᠠᠲᠠᠶ ᠠᠵᠢᠯᠯᠠᠬᠤ ᠪᠠ ᠪᠣᠳᠠᠲᠤ ᠠᠮᠵᠢᠯᠲᠠ ᠶᠢ ᠴᠢᠬᠤᠯᠠᠴᠢᠯᠠᠬᠤ ᠬᠥᠮᠦᠨ ᠬᠡᠷᠡᠭᠯᠡᠬᠦ ᠤᠳᠤᠷᠢᠳᠤᠮᠵᠢ ᠶᠢ ᠪᠣᠶ ᠪᠣᠯᠭᠠᠵᠤ᠂ ᠬᠠᠷᠢᠭᠤᠴᠠᠯᠭ᠎ᠠ ᠡᠭᠦᠷᠭᠡᠯᠡᠭᠴᠢ᠂ ᠪᠣᠳᠠᠲᠠᠶ ᠪᠠᠷ ᠠᠵᠢᠯᠯᠠᠭᠴᠢ ᠪᠠ ᠰᠢᠨ᠎ᠡ ᠶᠢ ᠡᠭᠦᠳᠦᠭᠴᠢ ᠳᠤ ᠬᠠᠷᠢᠭᠤᠴᠠᠨ᠂ ᠠᠵᠢᠯ ᠬᠢᠵᠦ ᠠᠳᠠᠯ ᠦᠢᠯᠡᠰ ᠪᠣᠰᠬᠠᠭᠴᠢ ᠶᠢ ᠰᠡᠳᠬᠢᠯ ᠤᠨ ᠲᠡᠷᠤᠭᠠᠰᠦ ᠦᠬᠡᠢ ᠪᠠᠶᠢᠯᠭᠠᠵᠦ᠂ ᠨᠠᠩ ᠣᠯᠠᠨ ᠵᠣᠷᠢᠭᠲᠠᠶ ᠪᠠᠷ ᠠᠵᠢᠯ ᠬᠢᠬᠦ᠂ ᠠᠵᠢᠯ ᠬᠢᠵᠦ ᠴᠢᠳᠠᠬᠤ᠂ ᠠᠵᠢᠯ ᠶᠠᠪᠤᠳᠠᠯ ᠪᠦᠲᠦᠭᠡᠵᠦ ᠴᠢᠳᠠᠬᠤ ᠰᠢᠯᠢᠳᠡᠭ ᠴᠢᠳᠠᠪᠤᠷᠢᠲᠠᠨ ᠢ ᠬᠥᠮᠦᠵᠢᠭᠦᠯᠦᠨ᠎ᠡ᠃         ︵ᠲᠠᠪᠤ︶ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠬᠢᠴᠢᠶᠡᠩᠭᠦ᠋ᠢᠯᠡᠨ ᠪᠠᠷᠢᠮᠲᠠᠯᠠᠨ᠎ᠠ᠃ ᠪᠢᠳᠡ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠳᠠᠯᠠᠨ᠂ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠨᠢᠭᠡ ᠠᠵᠢᠯ ᠤᠨ ᠪᠠᠶᠢᠷᠢᠨ ᠳᠤ ᠬᠤᠶᠠᠷ ᠬᠠᠷᠢᠭᠤᠴᠠᠯᠭ᠎ᠠ ᠡᠬᠦᠷᠭᠡᠯᠡᠬᠦ︾ ᠶᠢ ᠦᠨᠡᠨ ᠬᠦ ᠬᠦᠢᠴᠡᠳᠭᠡᠨ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠳᠠ ᠶᠢ ᠴᠢᠩᠭᠠᠳᠬᠠᠵᠦ᠂ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠨ᠂ ᠲᠥᠪ ᠤᠨ ᠨᠠᠢᠮᠠᠨ ᠵᠤᠷᠪᠤᠰ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠯᠢᠭ ᠲᠦᠷᠢᠮ ᠤᠨ ᠵᠣᠷᠢᠭ ᠰᠠᠨᠠᠭ᠎ᠠ ᠶᠢ ᠰᠢᠨᠳᠠᠷᠠᠰᠢ ᠦᠬᠡᠢ ᠨᠠᠶᠢᠳᠡᠪᠦᠷᠢᠵᠢᠭᠤᠯᠵᠤ᠂ ᠠᠷᠪᠢᠯᠠᠨ ᠭᠠᠮᠨᠠᠬᠤ ᠶᠢ ᠲᠦᠷᠦᠬᠦᠯᠡᠨ ᠬᠢᠵᠦ᠂ ᠡᠩ ᠤᠨ ᠴᠢᠨᠠᠷᠲᠠᠶ ᠵᠠᠷᠤᠯᠭ᠎ᠠ ᠶᠢ ᠶᠡᠬᠡᠪᠡᠷ ᠪᠠᠭᠠᠰᠬᠠᠨ᠂ ︽ᠠᠯᠪᠠᠨ ᠤ ᠭᠤᠷᠪᠠᠨ ᠵᠠᠷᠤᠳᠠᠯ︾ ᠢ ᠴᠢᠩᠭ᠎ᠠ ᠡᠵᠡᠮᠳᠡᠵᠦ᠂ ᠬᠢᠵᠠᠭᠠᠷᠲᠠᠶ ᠪᠠᠯᠠ ᠮᠥᠩᠭᠦ ᠶᠢ ᠦᠨᠡᠨ ᠬᠦ ᠵᠠᠩᠬᠢᠯᠠᠭ᠎ᠠ ᠶᠢᠨ ᠭᠠᠵᠠᠷ ᠲᠤ ᠭᠡᠷᠡᠭᠯᠡᠨ᠎ᠡ᠃ ᠴᠠᠭᠳᠠᠨ ᠪᠠᠶᠢᠴᠠᠭᠠᠬᠤ ᠪᠠ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠣᠯᠠᠨ ᠨᠡᠶᠢᠲᠡ ᠶᠢᠨ ᠪᠡᠯᠡ ᠮᠥᠩᠭᠦ᠂ ᠤᠯᠤᠰ ᠤᠨ ᠦᠮᠴᠢᠯᠡᠯ ᠤᠨ ᠬᠥᠷᠥᠩᠭᠡ᠂ ᠤᠯᠤᠰ ᠤᠨ ᠦᠮᠴᠢᠯᠡᠯ ᠤᠨ ᠡᠬᠢ ᠪᠠᠶᠠᠯᠢᠭ ᠢ ᠬᠢᠨᠠᠨ ᠬᠠᠮᠢᠶᠠᠷᠬᠤ ᠡᠷᠴᠢᠮ ᠢ ᠴᠢᠩᠭᠠᠷᠠᠭᠤᠯᠤᠨ᠂ ᠥᠴᠦᠬᠡᠨ ᠴᠦ ᠬᠦᠯᠢᠴᠡᠬᠦ ᠥᠬᠡᠶ ᠣᠪᠣᠷ ᠢᠶᠠᠷ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠣᠭᠰᠠᠨ ᠲᠦᠪ ᠪᠣᠰᠦ ᠰᠤᠷᠲᠠᠯ ᠢ ᠪᠠᠶᠢᠴᠠᠭᠠᠨ ᠰᠢᠢᠳᠪᠦᠷᠢᠯᠡᠵᠦ᠂ ᠲᠦᠷᠢᠮ ᠤᠨ ᠬᠦᠯᠢᠶᠠᠰᠤᠯᠠᠯ ᠢ ᠨᠠᠩ ᠴᠢᠩᠭᠠᠯᠠᠨ᠂ ᠲᠥᠪ ᠰᠢᠳᠤᠷᠭᠤ᠂ ᠠᠷᠢᠭᠤᠨ ᠴᠢᠬᠡᠴᠢ ᠶᠢ ᠵᠠᠰᠠᠭ ᠤᠨ ᠣᠷᠳᠣᠨ ᠤ ᠤᠭ ᠴᠢᠨᠠᠷ ᠪᠣᠯᠭᠠᠨ᠎ᠠ᠃        ᠲᠥᠯᠥᠭᠡᠯᠡᠭᠴᠢᠳ ᠡ︕ ᠰᠢᠨ᠎ᠡ ᠴᠠᠭ ᠦᠶ᠎ᠡ ᠶᠢᠨ ᠶᠡᠭᠡ ᠤᠷᠤᠰᠬᠠᠯ ᠳᠠᠪᠠᠯᠭᠠᠯᠠᠭᠰᠠᠭᠠᠷ᠂ ᠬᠦᠯᠢᠶᠡᠭᠡᠳ ᠤᠯᠤᠭᠰᠠᠨ ᠠᠮᠵᠢᠯᠲᠠ ᠭᠡᠵᠦ ᠦᠭᠡᠢ᠂ ᠭᠠᠭᠴᠠᠬᠦ ᠪᠣᠳᠠᠲᠠᠢ ᠪᠠᠷ ᠠᠵᠢᠯᠯᠠᠪᠠᠯ ᠰᠠᠶ᠋ᠢ ᠰᠠᠷᠠᠭᠤᠯ ᠢᠷᠡᠭᠡᠳᠤᠢ ᠪᠠᠨ ᠴᠣᠭᠴᠠᠯᠠᠵᠤ ᠴᠢᠳᠠᠨ᠎ᠠ᠃ ᠡᠷᠡᠭᠡᠯᠵᠡᠭᠡᠳ ᠪᠠᠶᠢᠪᠠᠯ ᠭᠠᠷᠬᠤ ᠵᠠᠮ ᠭᠡᠵᠦ ᠦᠭᠡᠢ᠂ ᠭᠠᠭᠴᠠᠬᠦ ᠬᠦᠴᠦᠯᠡᠨ ᠳᠡᠮᠡᠴᠡᠪᠡᠯ ᠰᠠᠶ᠋ᠢ ᠬᠦᠰᠡᠯ ᠢᠶᠠᠨ ᠲᠡᠷᠭᠡᠯᠰᠢᠬᠦᠯᠵᠦ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠪᠠᠨ ᠡᠭᠦᠷᠭᠡᠯᠡᠵᠦ᠂ ᠢᠳᠡᠪᠬᠢᠲᠡᠢ ᠪᠠᠷ ᠠᠵᠢᠯᠯᠠᠨ᠂ ᠴᠢᠷᠮᠠᠶᠢᠨ ᠲᠡᠮᠡᠴᠡᠵᠦ᠂ ᠦᠨᠡᠨ ᠰᠡᠳᠬᠢᠯ ᠠᠴᠠ ᠪᠠᠨ ᠬᠦᠰᠡᠯ ᠵᠡᠭᠦᠳᠦ ᠪᠠᠨ ᠡᠷᠢᠯᠬᠢᠯᠡᠨ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠠᠷᠠᠳ ᠣᠯᠠᠨ ᠤ ᠰᠠᠶᠢᠨ ᠰᠠᠶᠢᠬᠠᠨ ᠠᠮᠢᠳᠤᠷᠠᠯ ᠤᠨ ᠲᠣᠬᠠᠢ ᠬᠦᠰᠡᠯ ᠡᠷᠡᠮᠡᠯᠵᠡᠯ ᠢ ᠪᠠᠶᠡᠯᠡᠬᠦᠯᠦᠨ᠂ ᠨᠠᠩ ᠴᠢᠨᠠᠷᠯᠢᠭ ᠦᠵᠡᠰᠬᠦᠯᠠᠩᠳᠦ ᠰᠠᠶᠢᠬᠠᠨ ᠰᠢᠨ᠎ᠡ ᠪᠠᠷᠭᠤ ᠪᠠᠷᠠᠭᠤᠨ ᠬᠤᠰᠢᠭᠤ ᠶᠢ ᠪᠦᠲᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠵᠡᠭᠡᠶ᠎ᠡ︕
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号