5 ᠰᠠᠷ᠎ᠠ ᠶᠢᠨ 22 ᠤᠨ ᠡᠳᠦᠷ᠂ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠠᠷᠠᠳ ᠤᠨ ᠶᠡᠭᠡ ᠬᠤᠷᠠᠯ ᠤᠨ ᠲᠠᠩᠬᠢᠮ ᠳᠤ | ᠡᠬᠢᠯᠡᠪᠡ᠃ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠡᠮᠦᠨ᠎ᠡ ᠠᠴᠠ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | ᠬᠢᠪᠡ᠃ ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠶᠠᠮᠠᠷ ᠶᠠᠮᠠᠷ ᠲᠥᠷᠥ ᠶᠢᠨ ᠪᠣᠳᠣᠯᠭ᠎ᠠ ᠶᠢᠨ | ᠳᠣᠬᠢᠶ᠎ᠠ ᠳᠠᠮᠵᠢᠭᠤᠯᠤᠭᠰᠠᠨ ᠪᠣᠶ︖ ᠡᠭᠦᠨ ᠢ ᠣᠶᠢᠯᠠᠭᠠᠬᠤ ᠶᠢᠨ ᠲᠥᠯᠥᠭᠡ ᠠᠷᠠᠳ ᠤᠨ ᠰᠦᠯᠵᠢᠶ᠎ᠡ· ᠳᠤᠮᠳᠠᠳᠤ | ᠤᠯᠤᠰ ᠤᠨ ᠡᠪ ᠬᠠᠮᠲᠤ ᠨᠠᠮ ᠤᠨ ᠰᠣᠨᠢᠨ ᠮᠡᠳᠡᠭᠡᠨ ᠤ ᠰᠦᠯᠵᠢᠶ᠎ᠡ ᠠᠴᠠ ᠳᠤᠮᠳᠠᠳᠤ ᠤᠯᠤᠰ ᠤᠨ ᠬᠦᠳᠡᠭᠡ ᠠᠵᠤ | ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠦᠳᠡᠭᠡ ᠠᠵᠤ ᠠᠬᠤᠢ ᠶᠢᠨ ᠡᠬᠢ ᠪᠠᠶᠠᠯᠢᠭ ᠬᠢᠭᠡᠳ ᠬᠦᠳᠡᠭᠡ | ᠠᠵᠤ ᠠᠬᠤᠢ ᠶᠢᠨ ᠣᠷᠣᠨ ᠬᠤᠪᠢᠶᠠᠷᠢ ᠶᠢᠨ ᠰᠤᠳᠤᠯᠬᠤ ᠭᠠᠵᠠᠷ ᠤᠨ ᠰᠤᠳᠤᠯᠤᠭᠴᠢ ᠵᠢᠶᠠᠩ ᠸᠧᠨ ᠯᠠᠶ ᠶᠢ | ᠲᠤᠰᠬᠠᠶᠢᠯᠠᠨ ᠰᠤᠷᠪᠤᠯᠵᠢᠯᠠᠵᠤ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠬᠠᠮᠢᠶ᠎ᠠ ᠪᠥᠬᠦᠶ ᠠᠭᠤᠯᠭ᠎ᠠ ᠳᠤ | ᠲᠠᠶᠢᠯᠤᠮᠵᠢ ᠬᠢᠯᠭᠡᠪᠡ᠃ | ᠵᠢᠶᠠᠩ ᠸᠧᠨ ᠯᠠᠢ ᠶᠠᠷᠢᠬᠤ ᠳᠠᠭᠠᠨ᠄ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠤ | ᠠᠰᠠᠭᠤᠳᠠᠯ ᠢ ᠰᠢᠢᠳᠪᠦᠷᠢᠯᠡᠬᠦ ᠶᠠᠪᠤᠳᠠᠯ ᠢ ᠪᠦᠬᠦ ᠨᠠᠮ ᠤᠨ ᠠᠵᠢᠯ ᠤᠨ ᠴᠢᠬᠤᠯᠠ ᠠᠴᠠ ᠴᠢᠬᠤᠯᠠ ᠵᠦᠢᠯ ᠪᠣᠯᠭᠠᠵᠤ᠂ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠴᠢᠬᠤᠯᠠ ᠪᠠᠶᠢᠷᠢ ᠰᠠᠭᠤᠷᠢ ᠶᠢ ᠡᠵᠡᠯᠡᠵᠦ ᠪᠠᠶᠢᠨ᠎ᠠ᠃ 2020 | ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠠᠵᠢᠭᠯᠠᠪᠠᠯ᠂ ᠲᠡᠭᠦᠨ ᠤ ᠴᠢᠬᠤᠯᠠ ᠣᠨᠴᠠᠯᠢᠭ ᠪᠣᠯ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢᠰᠢᠢᠳᠪᠦᠷᠢᠯᠡᠬᠦ ᠬᠠᠷᠠᠯᠲᠠ ᠶᠢ ᠰᠤᠯᠠᠷᠠᠭᠤᠯᠤᠯ ᠦᠭᠡᠢ ᠠᠳᠬᠤᠵᠤ᠂ | ᠬᠢᠵᠢᠭ ᠤᠨ ᠪᠠᠶᠢᠳᠠᠯ ᠤᠨ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠳᠤ ᠦᠵᠡᠭᠦᠯᠬᠦ ᠨᠥᠯᠥᠭᠡ ᠶᠢ | ᠦᠨᠳᠦᠰᠦᠯᠡᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ | ᠲᠣᠬᠢᠷᠠᠭᠤᠯᠬᠤ ᠶᠠᠪᠤᠳᠠᠯ ᠪᠣᠯᠤᠨ᠎ᠠ᠃ ︽ᠪᠠᠲᠤᠯᠠᠬᠤ︾᠂ ︽ᠲᠣᠭᠲᠠᠭᠤᠨ ᠪᠠᠶᠢᠯᠭᠠᠬᠤ︾ ᠨᠢ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠤᠨ ᠬᠤᠶᠠᠷ ᠬᠠᠮᠤᠭ ᠤᠨ ᠵᠠᠩᠭᠢᠯᠠᠭ᠎ᠠ ᠶᠢᠨ ᠦᠭᠡ ᠪᠣᠯᠵᠣ᠂︽ᠪᠠᠲᠤᠯᠠᠬᠤ︾᠂ ︽ᠲᠣᠭᠲᠠᠭᠤᠨ | ᠪᠠᠶᠢᠯᠭᠠᠬᠤ︾ ᠪᠠᠷ ᠳᠠᠮᠵᠢᠭᠤᠯᠤᠨ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠠᠭᠤᠷᠢ ᠶᠢ | ᠪᠠᠬᠢᠵᠢᠭᠦᠯᠦᠨ᠎ᠡ ᠭᠡᠯᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢ ᠪᠡᠶᠡᠯᠡᠭᠦᠯᠬᠦ ᠶᠢ ᠪᠠᠲᠤᠯᠠᠵᠤ᠂ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠠᠭᠤᠷᠢ ᠶᠢ ᠪᠠᠬᠢᠵᠢᠭᠦᠯᠦᠨ᠎ᠡ᠃ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠳᠤ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢ ᠪᠡᠶᠡᠯᠡᠭᠦᠯᠬᠦ ᠶᠢ | ᠦᠨᠡᠨᠬᠦ ᠪᠠᠲᠤᠯᠠᠵᠤ᠂ ᠲᠠᠷᠢᠶᠠᠯᠠᠩ ᠤᠨ ᠡᠯᠪᠡᠭ ᠬᠤᠷᠢᠶᠠᠯᠲᠠ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ | ᠠᠬᠢᠭᠤᠯᠤᠨ᠎ᠠ︾᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠵᠠᠪᠠᠯ | ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠡᠭᠦᠷᠭᠡ ᠶᠢ ᠴᠢᠷᠮᠠᠶᠢᠨ ᠪᠡᠶᠡᠯᠡᠭᠦᠯᠦᠨ᠎ᠡ︾ | ᠭᠡᠵᠦ ᠳᠤᠷᠠᠳᠤᠨ ᠭᠠᠷᠭᠠᠪᠠ᠃ ᠵᠢᠶᠠᠩ ᠸᠧᠨ ᠯᠠᠢ ᠬᠡᠯᠡᠬᠦ ᠳᠡᠭᠡᠨ᠂ ᠤᠨᠢᠨ ᠳᠡᠭᠡᠷ᠎ᠡ ᠨᠢ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠣᠯ ᠭᠤᠷᠪᠠᠨᠶᠡᠭᠡ ᠪᠣᠭᠤᠮᠲᠠ ᠰᠢᠪᠲᠤᠯᠬᠤ | ᠳᠠᠶᠢᠯᠠᠯᠳᠤᠭᠠᠨ ᠤ ᠨᠢᠭᠡ ᠪᠣᠯᠤᠨ᠎ᠠ᠃ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠬᠠᠷᠠᠯᠲᠠ ᠪᠣᠯ | ᠳᠤᠮᠳᠠᠳᠤ ᠤᠯᠤᠰ ᠤᠨ ᠡᠪ ᠬᠠᠮᠲᠤ ᠨᠠᠮ ᠤᠨ ᠳᠤᠮᠳᠠᠳᠤ ᠤᠯᠤᠰ ᠤᠨ ᠠᠷᠠᠳ ᠲᠦᠮᠡᠨ ᠳᠤ ᠬᠢᠭᠰᠡᠨ ᠲᠥᠪᠴᠢᠩᠭᠠ | ᠠᠮᠠᠯᠠᠯᠲᠠ ᠮᠦᠨ᠃ ᠭᠠᠭᠴᠠ ᠬᠦ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠳᠤ | ᠡᠷᠡᠰ ᠢᠯᠠᠯᠲᠠ ᠣᠯᠪᠠᠯ ᠰᠠᠶ᠋ᠢ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ | ᠬᠤᠭᠤᠴᠠᠭ᠎ᠠ ᠶᠣᠰᠣᠭᠠᠷ ᠪᠡᠶᠡᠯᠡᠭᠦᠯᠵᠦ ᠴᠢᠳᠠᠨ᠎ᠠ᠃ ᠬᠡᠳᠦ᠋ᠢᠪᠡᠷ 2019 ᠣᠨ ᠳᠤ ᠮᠠᠨ ᠤ ᠤᠯᠤᠰ ᠶᠢᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠰᠢᠢᠳᠪᠦᠷᠢᠯᠡᠭᠴᠢ ᠴᠢᠨᠠᠷᠲᠠᠶ ᠠᠮᠵᠢᠯᠲᠠ ᠣᠯᠵᠤ᠂ | ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨᠠᠮᠠ 1109 ᠲᠦᠮᠡ ᠪᠠᠭᠠᠰᠴᠤ᠂ ᠶᠠᠳᠠᠭᠤᠷᠠᠯ ᠡᠭᠦᠰᠬᠦ | ᠨᠤᠷᠮ᠎ᠠ 0.6% ᠪᠣᠯᠤᠨ ᠪᠠᠭᠤᠷᠠᠭᠰᠠᠨ ᠪᠣᠯᠪᠠᠴᠤ᠂ ᠪᠠᠰᠠ ᠵᠠᠷᠢᠮ ᠶᠠᠳᠠᠭᠤ ᠬᠦᠴᠢᠷᠳᠡᠯᠲᠡᠢ ᠬᠥᠮᠦᠨ ᠠᠮᠠ ᠮᠥᠨ ᠯᠡ | ᠶᠠᠳᠠᠭᠤ ᠠᠴᠠ ᠠᠩᠭᠢᠵᠢᠷᠠᠭᠠᠳᠤᠢ ᠪᠠᠶᠢᠭᠰᠠᠭᠠᠷ᠂ ᠲᠡᠳᠡᠨ ᠤ ᠣᠯᠠᠩᠬᠢ ᠨᠢ ᠨᠥᠬᠦᠴᠡᠯ ᠬᠠᠲᠠᠭᠤ ᠪᠡᠷᠬᠡᠰᠢᠶᠡᠯᠲᠡᠢ ᠬᠢᠯᠢ | ᠬᠢᠵᠠᠭᠠᠷ ᠣᠷᠣᠨ ᠳᠤ ᠠᠮᠢᠳᠤᠷᠠᠨ ᠣᠷᠣᠩᠨᠠᠵᠤ᠂ ᠶᠠᠳᠠᠭᠤ ᠠᠴᠠ ᠠᠩᠭᠢᠵᠢᠷᠠᠭᠤᠯᠬᠤ ᠬᠦᠴᠢᠷᠳᠡᠯ ᠨᠢ | ᠲᠥᠰᠦᠭᠡᠯᠡᠯ ᠠᠴᠠ ᠬᠤᠯᠠ ᠳᠠᠪᠠᠭᠰᠠᠨ ᠪᠠᠶᠢᠨ᠎ᠠ᠃ 2020 ᠣᠨ ᠳᠤ᠂ ᠭᠡᠨᠡᠳᠲᠡ ᠡᠭᠦᠰᠦᠭᠰᠡᠨ ᠠᠭᠤᠰᠬᠢᠨ | ᠦᠷᠪᠢᠰᠦᠯ ᠤᠨ ᠬᠢᠵᠢᠭ ᠤᠨ ᠪᠠᠶᠢᠳᠠᠯ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠨᠢᠭᠡᠨ | ᠬᠡᠮᠵᠢᠶᠡᠨ ᠤ ᠳᠠᠭᠠᠷᠢᠯᠲᠠ ᠪᠣᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠦᠴᠢᠷᠳᠡᠯ ᠢ | ᠨᠡᠮᠡᠭᠳᠡᠭᠦᠯᠵᠡᠶ᠃ ᠬᠡᠳᠦ᠋ᠢᠪᠡᠷ ᠡᠶᠢᠮᠦ ᠪᠣᠯᠪᠠᠴᠤ᠂ ᠪᠢᠳᠡ ᠮᠥᠨ ᠯᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠬᠠᠷᠠᠯᠲᠠ ᠶᠢ ᠰᠤᠯᠠᠷᠠᠭᠤᠯᠤᠯ ᠦᠭᠡᠢ ᠪᠠᠷᠢᠮᠲᠠᠯᠠᠬᠤ ᠬᠡᠷᠡᠭᠲᠡᠶ᠂ ᠡᠨᠡ ᠨᠢ ᠨᠠᠮ ᠪᠠ ᠵᠠᠰᠠᠭ ᠤᠨ ᠣᠷᠳᠣᠨ ᠤ | ᠶᠠᠳᠠᠭᠤ ᠬᠦᠴᠢᠷᠳᠡᠯ ᠢ ᠤᠰᠠᠳᠬᠠᠬᠤ ᠡᠷᠡᠰ ᠵᠣᠷᠢᠭᠪᠠ ᠢᠲᠡᠭᠡᠯ ᠬᠦᠴᠦᠨ ᠢ ᠬᠠᠷᠠᠭᠤᠯᠤᠭᠰᠠᠨ ᠪᠥᠭᠡᠳ ᠳᠤᠮᠳᠠᠳᠤ | ᠤᠯᠤᠰ ᠤᠨ ᠡᠪ ᠬᠠᠮᠲᠤ ᠨᠠᠮ ᠤᠨ ᠠᠮᠠᠯᠠᠯᠲᠠ ᠪᠠᠨ ᠪᠠᠲᠤ ᠰᠠᠬᠢᠨ᠂ ᠠᠷᠠᠳ ᠤᠨ ᠢᠲᠡᠭᠡᠯ ᠢ ᠤᠯᠬᠤ ᠰᠢᠯᠢᠳᠡᠭ ᠵᠠᠩ | ᠴᠢᠨᠠᠷ ᠢ ᠴᠤ ᠲᠣᠳᠣᠷᠬᠠᠢ ᠲᠤᠰᠬᠠᠭᠰᠠᠨ ᠪᠠᠶᠢᠨ᠎ᠠ ᠭᠡᠵᠡᠢ᠃ | ᠠᠮᠤ ᠪᠤᠳᠠᠭᠠᠨ ᠤ ᠠᠮᠤᠷ ᠲᠦᠪᠰᠢᠨ᠂ ᠳᠤᠮᠳᠠᠳᠤᠴᠤᠳ ᠥᠪᠡᠷ ᠤᠨ ᠪᠤᠳᠠᠭᠠᠨ ᠠᠶᠠᠭ᠎ᠠ ᠪᠠᠨ ᠪᠠᠲᠤ | ᠠᠳᠬᠤᠨ᠎ᠠ᠃ᠵᠢᠶᠠᠩ ᠸᠧᠨ ᠯᠠᠶ ᠢᠯᠡᠷᠬᠡᠶᠢᠯᠡᠭᠰᠡᠨ ᠨᠢ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ︽ᠵᠢᠷᠭᠤᠭᠠᠨ ᠪᠠᠲᠤᠯᠠᠭ᠎ᠠ︾ ᠵᠢᠲ᠋ᠤᠷᠠᠳᠴᠤ᠂ ᠡᠭᠦᠨ ᠤ ᠳᠣᠲᠣᠷᠠᠬᠢ ᠳᠥᠷᠪᠡᠳᠦᠭᠡᠷ ᠪᠠᠲᠤᠯᠠᠭ᠎ᠠ ᠨᠢ ᠳᠠᠷᠤᠶ ︽ᠠᠮᠤ | ᠪᠤᠳᠠᠭ᠎ᠠ ᠡᠨᠧᠷᠭᠢ ᠶᠢᠨ ᠰᠤᠷᠪᠤᠯᠵᠢ ᠶᠢᠨ ᠠᠮᠤᠷᠲ᠋ᠦ᠋ᠪᠰᠢᠨ ᠢ ᠪᠠᠲᠤᠯᠠᠬᠤ︾ ᠶᠠᠪᠤᠳᠠᠯ ᠪᠣᠯᠤᠨ᠎ᠠ᠂ ᠡᠭᠦᠨ ᠤ ᠵᠡᠷᠭᠡᠴᠡᠭᠡᠪᠡᠷ | ︽ᠠᠮᠤ ᠪᠤᠳᠠᠭ᠎ᠠ ᠲᠠᠷᠢᠬᠤ ᠲᠠᠯᠠᠪᠠᠢ ᠪᠠ ᠤᠨᠠᠯᠲᠠ ᠵᠢᠲ᠋ᠣᠭᠲᠠᠪᠤᠷᠢᠵᠢᠭᠤᠯᠬᠤ︾ ᠶᠢ ᠳᠤᠷᠠᠳᠤᠨ ᠭᠠᠷᠭᠠᠵᠠᠶ᠃ ᠤᠯᠠᠨ | ᠵᠢᠯ ᠤᠨ ᠲᠤᠷᠰᠢ᠂ ᠤᠯᠤᠰ ᠠᠴᠠ ᠠᠮᠤ ᠪᠤᠳᠠᠭᠠᠨ ᠤ ᠠᠮᠤᠷ ᠲᠦᠪᠰᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ | ᠢᠷᠡᠵᠦ᠂ ᠥᠩᠭᠡᠷᠡᠭᠰᠡᠨ ᠵᠢᠯ ᠤᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠴᠥᠮ ᠠᠳᠠᠯᠢ ᠪᠤᠰᠤ | ᠬᠡᠮᠵᠢᠶ᠎ᠡ ᠪᠠᠷ ᠢᠯᠡᠷᠡᠵᠦ ᠪᠠᠶᠢᠨ᠎ᠠ᠃ 2020 ᠣᠨ ᠳᠤ ︽ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ︾ ᠶᠢ | ᠳᠤᠷᠠᠳᠴᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ ᠶᠢ ᠬᠠᠮᠤᠭ ᠤᠨ ᠴᠢᠬᠤᠯᠠᠪᠠᠶᠢᠷᠢᠨ ᠳᠤ ᠲᠠᠯᠪᠢᠭᠰᠠᠨ | ᠪᠣᠯ ᠳᠡᠯᠡᠬᠡᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠶᠢᠨ ᠠᠬᠤᠶ | ᠪᠠᠶᠢᠳᠠᠯ ᠳᠣᠤᠷ᠎ᠠ ᠳᠤᠮᠳᠠᠳᠤ ᠤᠯᠤᠰ ᠤᠨ ᠬᠥᠮᠦᠨ ᠤ ᠬᠡᠷᠬᠢᠨ ︽ᠪᠤᠳᠠᠭᠠᠨ ᠠᠶᠠᠭ᠎ᠠ ᠶᠢ ᠪᠠᠲᠤᠯᠠᠬᠤ︾ᠲᠤᠬᠠᠶ | ᠲᠠᠨᠢᠯᠲᠠ ᠶᠢ ᠳᠠᠬᠢᠨ ᠨᠣᠲᠠᠯᠠᠵᠤ᠂ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃ ᠬᠢᠵᠢᠭ ᠤᠨ ᠪᠠᠢᠳᠠᠯ | ᠳᠡᠯᠡᠬᠡᠶ ᠶᠢᠨ ᠬᠡᠪᠴᠢᠶᠡᠨ ᠳᠤ ᠳᠡᠯᠭᠡᠷᠡᠬᠦ ᠶᠢ ᠳᠠᠭᠠᠯᠳᠤᠨ᠂ ᠬᠦᠳᠡᠭᠡ ᠠᠵᠤ ᠠᠬᠤᠢ ᠶᠢᠨ ᠦᠢᠯᠡᠳᠪᠦᠷᠢᠯᠡᠯ ᠪᠠ | ᠬᠠᠩᠭᠠᠯᠭ᠎ᠠ ᠶᠢᠨ ᠬᠡᠯᠬᠢᠶ᠎ᠡ ᠡᠪᠳᠡᠭᠳᠡᠵᠦ᠂14 ᠳ᠋ᠦᠩᠰᠢᠭᠤᠷ ᠬᠥᠮᠦᠨ ᠠᠮᠠ ᠲᠠᠢ ᠲᠣᠮᠣ ᠤᠯᠤᠰ ᠪᠣᠯᠤᠭᠰᠠᠨ ᠤ | ᠬᠤᠪᠢ ᠳᠤ᠂ ᠬᠤᠭᠤᠯᠠᠬᠦ᠋ᠨᠡᠰᠦᠨ ᠤ ᠠᠰᠠᠭᠤᠳᠠᠯ ᠨᠢ ᠢᠮᠠᠭᠲᠠ ᠲᠡᠷᠢᠭᠦᠨ ᠴᠢᠬᠤᠯᠠ ᠠᠷᠠᠳ ᠤᠨ ᠠᠮᠢᠳᠤᠷᠠᠯ ᠪᠣᠯᠬᠤ | ᠶᠤᠮ᠂ ᠠᠶᠠᠭᠠᠨ ᠳᠤ ᠪᠠᠨ ᠡᠷᠬᠡᠪᠰᠢᠥᠪᠡᠷ ᠤᠨ ᠠᠮᠤ ᠪᠤᠳᠠᠭ᠎ᠠ ᠪᠠᠨ ᠰᠠᠪᠠᠯᠠᠬᠤ ᠬᠡᠷᠡᠭᠲᠡᠶ᠂ ᠥᠪᠡᠷ ᠤᠨ ᠪᠤᠳᠠᠭᠠᠨ | ᠠᠶᠠᠭ᠎ᠠ ᠪᠠᠨ ᠪᠠᠲᠤ ᠴᠢᠩᠭ᠎ᠠ ᠪᠠᠷᠢᠪᠠᠯ ᠰᠠᠶ᠋ᠢ ᠪᠤᠰᠤᠳ ᠥᠷᠢᠰᠥᠯᠳᠦᠭᠡᠨ ᠢ ᠠᠷᠭᠠᠴᠠᠬᠤ ᠬᠦᠴᠦᠨ ᠴᠢᠳᠠᠯ ᠪᠠ | ᠴᠢᠳᠠᠪᠤᠷᠢ ᠲᠠᠢ ᠪᠤᠯᠵᠤ ᠴᠢᠳᠠᠨ᠎ᠠ᠃ ︽ᠳᠤᠮᠳᠠᠳᠤ ᠤᠯᠤᠰ ᠤᠨ 14 ᠳ᠋ᠦᠩᠰᠢᠭᠤᠷ ᠬᠥᠮᠦᠨ ᠤ ᠪᠤᠳᠠᠭᠠᠨ ᠠᠶᠠᠭ᠎ᠠ ᠶᠢ | ᠪᠢᠳᠡ ᠡᠷᠬᠡᠪᠰᠢ ᠥᠪᠡᠷ ᠤᠨ ᠭᠠᠷ ᠲᠠᠭᠠᠨ ᠪᠠᠲᠤ ᠲᠣᠭᠲᠠᠭᠠᠵᠤ ᠴᠢᠳᠠᠬᠤ ᠴᠢᠳᠠᠪᠤᠷᠢᠲ᠋ᠠᠢ ᠪᠥᠭᠡᠳ ᠡᠷᠬᠡᠪᠰᠢ ᠪᠠᠲᠤ | ᠲᠣᠭᠲᠠᠭᠠᠬᠤ ᠬᠡᠷᠡᠭᠲᠡᠢ︾᠂ ᠡᠨᠡ ᠨᠢ ᠵᠠᠰᠠᠭ ᠤᠨ ᠣᠷᠳᠣᠨ ᠠᠴᠠ ᠠᠷᠠᠳ ᠲᠦᠮᠡᠨ ᠳᠤ ᠬᠠᠷᠢᠭᠤᠴᠠᠵᠤ ᠪᠠᠶᠢᠭ᠎ᠠ ᠶᠢ | ᠬᠠᠷᠠᠭᠤᠯᠵᠤ ᠪᠠᠶᠢᠨ᠎ᠠ᠃ | ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠵᠤ᠂ ᠭᠠᠳᠠᠭᠰᠢ ᠭᠠᠷᠤᠭᠰᠠᠨ | ᠲᠠᠷᠢᠶᠠᠴᠢᠳ ᠤᠨ ᠬᠢᠬᠦ ᠠᠵᠢᠯ ᠲᠠᠢ ᠪᠠᠶᠢᠬᠤ ᠳᠤ ᠰᠠᠭᠤᠷᠢ ᠲᠠᠯᠪᠢᠨ᠎ᠠ᠃ ᠵᠠᠰᠠᠭ ᠤᠨ ᠣᠷᠳᠣᠨ ᠤ ᠠᠵᠢᠯ ᠤᠨ | ᠢᠯᠡᠳᠬᠡᠯ ᠳᠤ ︽ᠦᠯᠡᠭᠦᠤ ᠶᠠᠳᠠᠭᠤ ᠬᠦᠴᠢᠷᠳᠡᠯᠲᠡᠶ ᠰᠢᠶᠠᠨ ᠪᠣᠯᠤᠨ ᠶᠠᠳᠠᠭᠤ ᠬᠦᠴᠢᠷᠳᠡᠯᠲᠡᠢ ᠲᠣᠰᠬᠤᠨ ᠤ ᠪᠡᠷᠬᠡ | ᠰᠡᠳᠦᠪ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠵᠤ᠂ ᠭᠠᠳᠠᠭᠰᠢ ᠭᠠᠷᠴᠤ ᠬᠦᠴᠦ ᠶᠠᠪᠤᠭᠰᠠᠳ ᠤᠨ ᠠᠵᠢᠯ | ᠣᠯᠤᠭᠰᠠᠨ ᠭᠠᠵᠠᠷ ᠲᠠᠭᠠᠨ ᠠᠵᠢᠯ ᠤᠨ ᠪᠠᠶᠢᠷᠢ ᠪᠠᠨᠲ᠋ᠣᠭᠲᠠᠭᠤᠨ ᠪᠠᠶᠢᠯᠭᠠᠵᠤ ᠠᠵᠢᠯ ᠣᠯᠭᠤᠬᠤ ᠬᠡᠷᠡᠭᠲᠡᠶ︾ ᠭᠡᠵᠦ | ᠵᠢᠭᠠᠵᠤ ᠭᠠᠷᠭᠠᠪᠠ᠃ ᠵᠢᠶᠠᠩ ᠸᠧᠨ ᠯᠠᠶ ᠶᠢᠨ ᠦᠵᠡᠬᠦ ᠪᠠᠷ᠂ ︽ᠠᠵᠢᠯ ᠤᠨ ᠪᠠᠶᠢᠷᠢ ᠶᠢ ᠲᠣᠭᠲᠠᠪᠤᠷᠢᠵᠢᠭᠤᠯᠵᠤ | ᠠᠵᠢᠯᠣᠯᠭᠤᠬᠤ︾ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠯᠥᠰᠥᠨ ᠠᠵᠢᠯᠴᠢᠨ ᠤ | ᠣᠷᠣᠯᠭ᠎ᠠ ᠶᠢ ᠲᠣᠭᠲᠠᠪᠤᠷᠢᠵᠢᠭᠤᠯᠬᠤ ᠳᠤ ᠴᠢᠬᠤᠯᠠ ᠪᠣᠳᠠᠲᠤ ᠠᠴᠢ ᠬᠤᠯᠪᠣᠭᠳᠠᠯ ᠲᠠᠢ ᠶᠤᠮ᠃ ᠳᠤᠮᠳᠠᠳᠤ | ᠤᠯᠤᠰ ᠤᠨ ᠠᠵᠤ ᠠᠬᠤᠶ ᠶᠢᠨ ᠠᠮᠰᠠᠭᠰᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ | ᠬᠢᠵᠢᠭ ᠤᠨᠲ᠋ᠠᠭᠠᠷᠢᠯᠲᠠ ᠶᠢ ᠴᠢᠮᠠᠯᠠᠵᠤ ᠪᠣᠯᠬᠤ ᠦᠭᠡᠶ᠂ ᠲᠡᠷᠡ ᠨᠢ ᠬᠥᠯᠥᠰᠥᠨ ᠠᠵᠢᠯᠴᠢᠨ ᠤ ᠠᠵᠢᠯ ᠣᠯᠭᠤᠯᠲᠠ ᠳᠤ | ᠴᠤ ᠴᠢᠬᠤᠯᠠᠨᠥ᠋ᠯᠥᠭᠡ ᠦᠵᠡᠭᠦᠯᠦᠭᠰᠡᠨ ᠨᠢ ᠳᠠᠮᠵᠢᠭ ᠦᠭᠡᠶ᠃ ᠭᠠᠳᠠᠭᠰᠢ ᠭᠠᠷᠴᠤ ᠬᠥᠯᠥᠰᠥᠨ ᠠᠵᠢᠯ ᠬᠢᠵᠦ | ᠪᠠᠶᠢᠭ᠎ᠠ ᠬᠥᠳᠡᠯᠮᠦᠷᠢ ᠬᠦᠴᠦ ᠶᠢᠨ ︽ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠵᠤ︾᠂ | ᠬᠦᠯᠦᠰᠦᠨ ᠲᠠᠷᠢᠶᠠᠴᠢᠳ ᠤᠨ ᠰᠠᠨᠳᠤᠷᠬᠤ ᠳᠤ ᠰᠠᠨᠳᠤᠷᠤᠨ᠂ ᠰᠠᠨᠠᠭᠠᠰᠢᠷᠠᠬᠤ ᠳᠤ ᠨᠢ ᠰᠠᠨᠠᠭᠠᠰᠢᠷᠠᠵᠤ᠂ ᠲᠡᠳᠡᠨ ᠤ | ᠰᠡᠳᠬᠢᠯ ᠢ ᠳᠤᠯᠠᠭᠠᠴᠠᠭᠤᠯᠤᠨ᠂ ᠭᠠᠳᠠᠭᠰᠢ ᠭᠠᠷᠤᠭᠰᠠᠨ ᠬᠦᠯᠦᠰᠦᠨ ᠲᠠᠷᠢᠶᠠᠴᠢᠨ ᠢ ᠬᠢᠬᠦ ᠠᠴᠠ ᠠᠵᠢᠯ ᠲᠠᠢ | ᠪᠣᠯᠭᠠᠬᠤ ᠨᠢ ᠬᠥᠯᠥᠰᠥᠨ ᠲᠠᠷᠢᠶᠠᠴᠢᠳ ᠤᠨ ᠠᠮᠢᠳᠤᠷᠠᠯ ᠢ ᠪᠠᠲᠤᠯᠠᠵᠤ ᠣᠷᠣᠯᠭ᠎ᠠ ᠶᠢ ᠨᠡᠮᠡᠭᠳᠡᠭᠦᠯᠬᠦ ᠳᠤ ᠲᠤᠩ | ᠠᠰᠢᠭᠲᠠᠶ᠂ ᠡᠨᠡ ᠨᠢ ᠵᠠᠰᠠᠭ ᠤᠨ ᠣᠷᠳᠣᠨ ᠠᠴᠠ ᠬᠦᠯᠦᠰᠦᠨ ᠲᠠᠷᠢᠶᠠᠴᠢᠳ ᠢᠬᠠᠯᠠᠮᠵᠢᠯᠠᠵᠤ ᠪᠠᠶᠢᠬᠤ ᠶᠢ ᠬᠠᠷᠠᠭᠤᠯᠵᠠᠶ᠃ | ᠨᠡᠩ ᠴᠤ ᠨᠠᠮ ᠪᠣᠯᠤᠨ ᠵᠠᠰᠠᠭ ᠤᠨ ᠣᠷᠳᠣᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ | ᠪᠠᠶᠢᠳᠠᠯ ᠤᠨ ᠪᠤᠳᠤᠯᠢᠶᠠᠨᠲᠠᠶ ᠨᠥᠯᠥᠭᠡ ᠳᠣᠣᠷ᠎ᠠ ᠴᠤ ᠬᠥᠯᠥᠰᠥᠨ ᠲᠠᠷᠢᠶᠠᠴᠢᠳ ᠢ ᠰᠡᠳᠬᠢᠯ ᠳᠤ ᠪᠠᠨ ᠪᠣᠳᠣᠨ᠂ | ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ | ᠪᠠᠶᠢᠭ᠎ᠠ ᠶᠢ ᠬᠠᠷᠠᠭᠤᠯᠵᠤ ᠪᠠᠶᠢᠨ᠎ᠠ ᠭᠡᠪᠡ᠃ | ᠣᠯᠠᠨ ᠠᠷᠭ᠎ᠠ ᠵᠠᠮ ᠢᠶᠠᠷ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠵᠤ᠂ ᠲᠠᠷᠢᠶᠠᠴᠢᠳ ᠤᠨ ᠵᠣᠭᠤᠰᠣᠨ | ᠴᠦᠩᠬᠦ ᠶᠢ ᠵᠤᠵᠠᠭᠠᠷᠠᠭᠤᠯᠬᠤ ᠰᠠᠭᠤᠷᠢ ᠶᠢ ᠪᠠᠬᠢᠵᠢᠭᠦᠯᠦᠨ᠎ᠡ᠃ ᠵᠢᠶᠠᠩ ᠸᠧᠨ ᠯᠢ ᠶᠠᠷᠢᠬᠤ ᠳᠠᠭᠠᠨ᠄ ᠲᠠᠷᠢᠶᠠᠴᠢᠳ ᠤᠨ | ᠣᠷᠣᠯᠭ᠎ᠠ ᠵᠢᠨᠡᠮᠡᠭᠳᠡᠭᠦᠯᠬᠦ ᠪᠣᠯ ᠬᠦᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠳ ᠤᠨ ᠠᠰᠠᠭᠤᠳᠠᠯ ᠢ | ᠰᠢᠢᠳᠪᠦᠷᠢᠯᠡᠬᠦ ᠦᠨᠳᠦᠰᠦᠨ ᠵᠣᠷᠢᠯᠭ᠎ᠠ ᠪᠣᠯᠤᠨ᠎ᠠ᠃ ᠲᠡᠭᠦᠨ ᠤ ᠭᠤᠤᠯ ᠠᠰᠠᠭᠤᠳᠠᠯ ᠨᠢ ᠴᠥᠮ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠵᠦ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠨᠥᠬᠦᠴᠡᠯ ᠢ ᠦᠷᠭᠦᠯᠵᠢᠯᠡᠨ | ᠰᠠᠶᠢᠵᠢᠷᠠᠭᠤᠯᠬᠤ ᠪᠠᠷ ᠭᠤᠤᠯᠯᠠᠭᠤᠯᠤᠨ ᠥᠷᠨᠢᠵᠦ ᠪᠠᠶᠢᠨ᠎ᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ︽ᠲᠠᠷᠢᠶᠠᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠎ᠡ᠃ ᠲᠠᠷᠢᠶᠠᠴᠢᠳ ᠤᠨ | ᠣᠶᠢᠷ᠎ᠠ ᠬᠠᠪᠢ ᠳᠠᠭᠠᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠳᠠᠮᠵᠢᠵᠤ᠂ ᠠᠵᠢᠯ ᠣᠯᠭᠤᠬᠤ ᠪᠠᠷ | ᠲᠡᠳᠬᠦᠮᠵᠢ ᠶᠢ ᠣᠷᠣᠯᠠᠭᠤᠯᠬᠤ ᠬᠡᠪᠴᠢᠶ᠎ᠡ ᠶᠢ ᠥᠷᠭᠡᠳᠬᠡᠨ᠂ ᠨᠤᠲᠤᠭ ᠲᠠᠭᠠᠨ ᠪᠤᠴᠠᠭᠰᠠᠨ ᠬᠦᠯᠦᠰᠦᠨ | ᠲᠠᠷᠢᠶᠠᠴᠢᠳ ᠢ ᠬᠢᠬᠦ ᠠᠵᠢᠯ ᠲᠠᠢ᠂ ᠣᠷᠣᠯᠭ᠎ᠠ ᠲᠠᠢ ᠪᠣᠯᠭᠠᠨ᠎ᠠ᠃ ᠵᠣᠬᠢᠬᠤ ᠬᠡᠪᠴᠢᠶᠡᠲᠦᠡᠵᠡᠩᠨᠡᠯᠲᠡ ᠶᠢᠨ ᠭᠤᠤᠯ | ᠴᠣᠭᠴᠠ ᠶᠢ ᠲᠡᠳᠬᠦᠵᠦ᠂ ᠲᠠᠷᠢᠶᠠᠯᠠᠬᠤ ᠡᠷᠦᠬᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠢ ᠴᠢᠩᠭᠠᠳᠬᠠᠬᠤ ᠬᠡᠷᠡᠭᠲᠡᠶ᠃ | ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠣᠳᠣ ᠦᠶ᠎ᠡ ᠶᠢᠨ | ᠲᠠᠷᠢᠶᠠᠯᠠᠩ ᠤᠨ ᠪᠡᠯᠡᠳᠬᠡᠮᠵᠢ᠂ ᠤᠤᠭᠤᠬᠤ ᠤᠰᠤᠨ ᠤ ᠠᠮᠤᠷ ᠲᠦᠪᠰᠢᠨ ᠤ ᠢᠨᠵᠧᠨᠧᠷᠢᠩ ᠪᠣᠯᠤᠨ ᠣᠷᠣᠨ | ᠰᠠᠭᠤᠴᠠ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠳᠡᠮᠵᠢᠨ᠎ᠡ︾ ᠭᠡᠵᠦ᠂ ᠣᠷᠣᠯᠭ᠎ᠠ ᠪᠠᠨ ᠨᠡᠮᠡᠭᠳᠡᠭᠦᠯᠬᠦ | ᠴᠢᠬᠤᠯᠠᠠᠷᠭ᠎ᠠ ᠵᠠᠮ ᠪᠠ ᠪᠣᠳᠠᠲᠠᠶ ᠠᠵᠢᠯ ᠤᠨ ᠡᠭᠦᠷᠭᠡ ᠶᠢ ᠭᠠᠷᠭᠠᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ᠂ | ᠲᠠᠷᠢᠶᠠᠴᠢᠳ ᠤᠨ ᠵᠣᠭᠤᠰᠣᠨ ᠴᠦᠩᠬᠦ ᠪᠠᠨ ᠲᠦᠨᠲᠡᠶᠢᠯᠭᠡᠬᠦ ᠰᠠᠭᠤᠷᠢ ᠶᠢ ᠪᠠᠬᠢᠵᠢᠭᠦᠯᠬᠦ ᠳᠤ ᠦᠨᠡᠨ ᠬᠦ ᠪᠣᠳᠠᠳᠤ | ᠠᠰᠢᠭᠲᠠᠢ ᠪᠣᠯᠬᠤᠷ᠂ ᠲᠠᠷᠢᠶᠠᠴᠢᠳ ᠲᠤ ᠠᠷᠠᠳ ᠤᠨ ᠠᠮᠢᠳᠤᠷᠠᠯ ᠤᠨ ︽ᠤᠯᠠᠭᠠᠨ ᠪᠠᠭᠯᠠᠭ᠎ᠠ︾ ᠶᠢ ᠬᠦᠷᠭᠡᠪᠡ ᠭᠡᠵᠡᠢ᠃ | | | |