ᠬᠤᠰᠢᠭᠤᠨ ᠤ ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ ᠪᠦᠯᠬᠦᠮ ᠮᠠᠯᠵᠢᠬᠤ ᠡᠷᠦᠬᠡ ᠳᠤ ᠬᠦᠷᠴᠦ ᠮᠠᠰᠢᠨ ᠮᠧᠬᠠᠨᠢᠭ ᠢᠶᠠᠷ ᠬᠤᠨᠢ ᠬᠠᠶᠢᠴᠢᠯᠠᠬᠤ ᠮᠡᠷᠭᠡᠵᠢᠯ ᠤᠨ ᠪᠣᠯᠪᠠᠰᠤᠷᠠᠯ ᠬᠢᠪᠡ
ᠨᠡᠶᠢᠲᠡᠯᠡᠭᠰᠡᠨ ᠴᠠᠭ᠄
2020/6/10
       6 ᠰᠠᠷ᠎ᠠ ᠶᠢᠨ 8 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠲᠦᠭᠡᠮᠡᠯᠵᠢᠭᠦᠯᠬᠦ ᠲᠤᠰᠬᠠᠶ ᠮᠡᠷᠭᠡᠵᠢᠯᠲᠡᠨ ᠤ ᠪᠦᠯᠬᠦᠮ ︽ᠳᠡᠰᠪᠦᠷᠢ ᠬᠠᠳᠠᠭᠤᠵᠢᠯᠳᠠᠢ ᠪᠠᠶᠢᠵᠦ᠂ ᠴᠤᠴᠠᠯᠲᠠ ᠦᠭᠡᠶ ᠤᠷᠤᠭᠰᠢᠯᠠᠨ᠂ ᠵᠣᠷᠢᠯᠭ᠎ᠠ ᠳᠠᠭᠠᠨ ᠬᠦᠷᠬᠦ ᠦᠭᠡᠢ ᠪᠣᠯ ᠶᠠᠭᠠᠬᠢᠭᠰᠠᠨ ᠴᠤ ᠵᠣᠭᠰᠣᠬᠤ ᠦᠭᠡᠢ︾ ᠭᠡᠰᠡᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠤᠨ᠂ ᠰᠢᠨ᠎ᠡ ᠮᠠᠶ᠋ᠢᠭ ᠤᠨ ᠲᠠᠷᠢᠶᠠᠯᠠᠩ ᠤᠨ ᠮᠠᠰᠢᠨ ᠪᠠᠭᠠᠵᠢ ᠶᠢ ᠳᠡᠯᠭᠡᠷᠡᠭᠦᠯᠬᠦ ᠵᠢᠴᠢ ᠮᠠᠰᠢᠨ ᠮᠧᠬᠠᠨᠢᠭ ᠢᠶᠠᠷ ᠬᠤᠨᠢ ᠬᠠᠶᠢᠴᠢᠯᠠᠬᠤ ᠮᠡᠷᠭᠡᠵᠢᠯ ᠤᠨ ᠬᠡᠷᠡᠭᠯᠡᠯᠲᠡ ᠶᠢ ᠲᠦᠷᠭᠡᠳᠬᠡᠨ ᠠᠬᠢᠭᠤᠯᠵᠤ᠂ ᠳᠠᠯᠠᠢ ᠰᠤᠮᠤ ᠶᠢᠨ ᠪᠦᠷᠢᠳᠦ ᠭᠠᠴᠠᠭ᠎ᠠ ᠶᠢᠨ ᠮᠠᠯᠵᠢᠬᠤ ᠡᠷᠦᠬᠡ ᠳᠤ ᠬᠦᠷᠴᠦ ᠮᠠᠰᠢᠨ ᠮᠧᠬᠠᠨᠢᠭ ᠢᠶᠠᠷ ᠬᠤᠨᠢ ᠬᠠᠶᠢᠴᠢᠯᠠᠬᠤ ᠮᠡᠷᠭᠡᠵᠢᠯ ᠤᠨ ᠪᠤᠯᠪᠠᠰᠤᠷᠠᠯ ᠬᠢᠵᠠᠢ᠃
               ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠮᠠᠰᠢᠨ ᠮᠧᠬᠠᠨᠢᠭ ᠤᠨ ᠮᠡᠷᠭᠡᠵᠢᠯ ᠳᠡᠯᠭᠡᠷᠡᠭᠦᠯᠬᠦ ᠥᠷᠲᠡᠭᠡ ᠶᠢᠨ ᠮᠡᠷᠭᠡᠵᠢᠯᠲᠡᠨ ᠢ ᠳᠠᠭᠠᠭᠤᠯᠤᠨ ᠮᠠᠯᠴᠢᠳ ᠤᠨ ᠭᠡᠷ ᠤᠨ ᠡᠭᠦᠳᠡᠨ ᠳᠤ ᠬᠦᠷᠴᠦ ᠮᠡᠷᠭᠡᠵᠢᠯ ᠤᠨ ᠪᠣᠯᠪᠠᠰᠤᠷᠠᠯ ᠪᠠ ᠲᠠᠷᠢᠶᠠᠯᠠᠩ ᠤᠨ ᠮᠠᠰᠢᠨ ᠤ ᠦᠵᠡᠭᠦᠯᠦᠯᠭᠡ ᠬᠢᠵᠦ᠂ ᠮᠠᠯᠴᠢᠳ ᠤᠨ ᠰᠢᠨ᠎ᠡ ᠮᠠᠶ᠋ᠢᠭ ᠤᠨ ᠮᠠᠯ ᠠᠵᠤ ᠠᠬᠤᠶ ᠶᠢᠨ ᠮᠠᠰᠢᠨ ᠮᠧᠬᠠᠨᠢᠭ ᠢ ᠬᠡᠷᠡᠭᠯᠡᠬᠦ ᠮᠡᠷᠭᠡᠵᠢᠯ ᠢ ᠣᠶᠢᠯᠠᠭᠠᠬᠤ ᠪᠠ ᠡᠵᠡᠮᠰᠢᠬᠦ ᠳᠤ ᠳᠥᠭᠦᠮ ᠦᠵᠡᠬᠦᠯᠵᠡᠢ᠃ ᠭᠠᠴᠠᠭᠠᠨ ᠤ ᠣᠶᠢᠷᠠᠯᠴᠠᠭᠠᠬᠢ 20 ᠭᠠᠷᠤᠶ ᠮᠠᠯᠴᠢᠨ ᠣᠷᠣᠯᠴᠠᠵᠠᠶ᠃ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠷᠭᠡᠵᠢᠯᠲᠡᠨ ᠤ ᠪᠦᠯᠬᠦᠮ ᠤᠨ ᠪᠦᠷᠢᠯᠳᠦᠬᠦᠨ ᠬᠤᠨᠢ ᠬᠠᠶᠢᠴᠢᠯᠠᠬᠤ ᠮᠠᠰᠢᠨ ᠤ ᠪᠦᠲᠦᠴᠡ᠂ ᠮᠧᠬᠠᠨᠢᠭ ᠤᠨ ᠦᠨᠳᠦᠰᠦᠯᠡᠯ᠂ ᠬᠡᠷᠡᠭᠯᠡᠬᠦ ᠠᠷᠭ᠎ᠠ᠂ ᠠᠷᠠᠴᠢᠯᠠᠨ ᠬᠠᠮᠠᠭᠠᠯᠠᠬᠤ᠂ ᠬᠢᠲᠤᠭ᠎ᠠ ᠪᠢᠯᠡᠭᠦᠳᠡᠬᠦ ᠮᠡᠷᠭᠡᠵᠢᠯ ᠵᠡᠷᠭᠡ ᠲᠤᠰᠬᠠᠶ ᠮᠡᠷᠭᠡᠵᠢᠯ ᠤᠨ ᠮᠡᠳᠡᠯᠭᠡ ᠶᠢ  ᠵᠢᠭᠠᠵᠦ ᠦᠭᠬᠦᠭᠰᠡᠨ ᠮᠥᠷᠲᠡᠭᠡᠨ ᠪᠠᠰᠠ ᠲᠤᠬᠠᠶ ᠶᠢᠨ ᠳᠠᠯᠠᠪᠤᠷ ᠤᠨ ᠪᠣᠳᠠᠲᠠᠶ ᠠᠵᠢᠯᠯᠠᠬᠤ ᠶᠠᠪᠤᠴᠠ ᠳᠤ᠂ ᠮᠠᠯᠴᠢᠳ ᠢ ᠪᠡᠶ᠎ᠡ ᠪᠠᠷ ᠢᠶᠠᠨ ᠵᠢᠯᠣᠭᠤᠳᠤᠨ ᠠᠵᠢᠯᠯᠠᠭᠤᠯᠵᠤ᠂ ᠮᠠᠰᠢᠨ ᠮᠧᠬᠠᠨᠢᠭ ᠭᠡᠷᠡᠭᠯᠡᠬᠦ ᠶᠠᠪᠤᠴᠠ ᠳᠤᠮᠳᠠ ᠣᠷᠣᠰᠢᠵᠤ ᠪᠠᠶᠢᠭ᠎ᠠ ᠵᠠᠷᠢᠮ ᠠᠰᠠᠭᠤᠳᠠᠯ ᠳᠤ ᠴᠢᠭᠯᠡᠭᠦᠯᠦᠨ ᠵᠢᠭᠠᠨ ᠵᠢᠯᠤᠭᠤᠳᠪᠠ᠃
             ᠣᠶᠢᠯᠠᠭᠠᠭᠰᠠᠨ ᠢᠶᠠᠷ᠂ ᠬᠦᠮᠦᠨ ᠤ ᠬᠦᠴᠦ ᠪᠠᠷ ᠨᠢᠭᠡ ᠬᠤᠨᠢ ᠬᠠᠶᠢᠴᠢᠯᠠᠬᠤ ᠳᠤ 10 — 15 ᠮᠢᠨᠦ᠋ᠲ ᠤᠨ ᠴᠠᠭ ᠬᠡᠷᠡᠭᠰᠡᠨ᠎ᠡ᠂ ᠬᠤᠨᠢ ᠬᠠᠶᠢᠴᠢᠯᠠᠬᠤ ᠮᠠᠰᠢᠨ ᠢ ᠭᠡᠷᠡᠭᠯᠡᠪᠡᠯ ᠵᠥᠪᠬᠡᠨ 3 — 5 ᠮᠢᠨᠦ᠋ᠲ ᠭᠡᠷᠡᠭᠰᠡᠨ᠎ᠡ᠃ ᠮᠠᠰᠢᠨ ᠢᠶᠠᠷ ᠨᠣᠤᠰᠣ ᠬᠠᠶᠢᠴᠢᠯᠠᠬᠤ ᠮᠡᠷᠭᠡᠵᠢᠯ ᠢ ᠪᠤᠯᠪᠠᠰᠤᠷᠠᠩᠭᠤᠢ ᠡᠵᠡᠮᠰᠢᠭᠰᠡᠨ ᠬᠦᠮᠦᠨ ᠪᠤᠯ ᠡᠳᠦᠷ ᠲᠤ 80-100 ᠬᠤᠨᠢ ᠬᠠᠶᠢᠴᠢᠯᠠᠨ᠎ᠠ᠃ ᠡᠨᠡ ᠨᠢ ᠮᠠᠯᠴᠢᠳ ᠤᠨ ᠬᠤᠨᠢ ᠬᠠᠶᠢᠴᠢᠯᠠᠬᠤ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠵᠦ᠂ ᠬᠥᠳᠡᠯᠮᠦᠷᠢ ᠶᠢᠨ ᠬᠦᠴᠦᠯᠡᠴᠡ ᠶᠢ ᠪᠠᠭᠠᠰᠬᠠᠨ᠂ ᠬᠥᠮᠦᠨ ᠤ ᠬᠦᠴᠦᠨ ᠤ ᠥᠪᠡᠷ ᠤᠨ ᠥᠷᠲᠡᠭ ᠢ ᠶᠡᠬᠡᠪᠡᠷ ᠠᠷᠪᠢᠯᠠᠬᠤ ᠪᠤᠯᠤᠨ᠎ᠠ᠃                            ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号