ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠲᠥᠯᠥᠭᠡᠯᠡᠭᠴᠢᠳ ᠤᠨ ᠰᠠᠨᠠᠯ ᠵᠦᠪᠯᠡᠯᠭᠡ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/6/15
      ᠣᠶᠢᠷ᠎ᠠ ᠳᠤ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠲᠥᠯᠥᠭᠡᠯᠡᠭᠴᠢᠳ ᠤᠨ ᠰᠠᠨᠠᠯ ᠵᠦᠪᠯᠡᠯᠭᠡ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠠᠯ ᠤᠨ ᠬᠡᠷ ᠲᠤ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠴᠧᠨ ᠯᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠶᠢᠩ ᠬᠤ᠋ ᠬᠤᠷᠠᠯ ᠳᠤ ᠣᠷᠣᠯᠴᠠᠵᠠᠶ᠃ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠬᠠᠷᠢᠭᠤᠴᠠᠯᠭᠠᠲᠠᠨ ᠵᠢᠴᠢ ᠡᠯ᠎ᠡ ᠰᠤᠮᠤ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠬᠤᠷᠠᠯ ᠳᠤ ᠣᠷᠣᠯᠴᠠᠵᠠᠶ᠃       ᠬᠤᠷᠠᠯ ᠳᠡᠭᠡᠷ᠎ᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠮᠢᠶ᠎ᠠ ᠪᠥᠬᠦᠶ ᠬᠠᠷᠢᠭᠤᠴᠠᠯᠭᠠᠲᠠᠨ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠵᠦᠪᠯᠡᠯᠭᠡ ᠶᠢᠨ ᠲᠣᠳᠣᠷᠬᠠᠶᠢᠯᠠᠯᠲᠠ ᠬᠢᠪᠠ᠃
       ᠣᠶᠢᠯᠠᠭᠠᠭᠰᠠᠨ ᠢᠶᠠᠷ᠂ ᠶᠡᠭᠡ ᠬᠤᠷᠠᠯ ᠤᠨ ᠬᠤᠭᠤᠴᠠᠭᠠᠨ ᠳᠤ ᠨᠡᠶᠢᠲᠡ 88 ᠬᠤᠪᠢ ᠰᠠᠨᠠᠯ ᠵᠦᠪᠯᠡᠯᠭᠡ ᠣᠯᠵᠤ᠂ ᠬᠤᠷᠠᠯ ᠤᠨ ᠳᠠᠷᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠬᠤᠯᠪᠣᠭᠠᠲᠤ ᠵᠥᠪᠯᠡᠯ ᠢ ᠰᠣᠩᠭᠤᠨ ᠲᠣᠮᠢᠯᠠᠵᠤ᠂ ᠤᠯᠠᠮ ᠨᠢᠭᠡ ᠠᠯᠬᠤᠮ ᠡᠮᠬᠢᠯᠡᠨ ᠳᠢᠭᠯᠡᠵᠦ᠂ ᠬᠢᠨᠠᠨ ᠬᠠᠷᠭᠤᠭᠤᠯᠤᠭᠰᠠᠨ ᠤ ᠳᠠᠷᠠᠭ᠎ᠠ 60 ᠬᠤᠪᠢ ᠪᠣᠯᠭᠠᠨ ᠬᠤᠷᠢᠶᠠᠩᠭᠤᠶᠢᠯᠠᠵᠤ᠂ ᠰᠠᠨᠠᠯ ᠵᠦᠪᠯᠡᠯᠭᠡ ᠨᠢ ᠭᠤᠤᠯᠳᠠᠭᠤ ᠲᠠᠷᠢᠶᠠᠯᠠᠩ ᠮᠠᠯ ᠠᠵᠤ ᠠᠬᠤᠶ ᠤᠢ ᠰᠢᠭᠤᠶ ᠤᠰᠤ᠂ ᠨᠡᠶᠢᠭᠡᠮ ᠤᠨ ᠦᠢᠯᠡᠰ᠂ ᠬᠤᠳᠠ ᠪᠠᠯᠭᠠᠰᠤ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠮᠥᠩᠭᠦᠨ ᠭᠦᠢᠯᠭᠡᠭᠡᠨ ᠤ ᠠᠵᠤ ᠠᠬᠤᠶ ᠵᠡᠷᠭᠡ ᠲᠦᠷᠪᠡᠨ ᠶᠡᠭᠡ ᠲᠠᠯ᠎ᠠ ᠳᠤ ᠲᠥᠪᠯᠡᠷᠡᠵᠦ ᠪᠠᠶᠢᠨ᠎ᠠ᠃        ᠴᠧᠨ ᠯᠦᠩ ᠥᠨᠥ ᠵᠢᠯ ᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠯ ᠵᠦᠪᠯᠡᠯᠭᠡ ᠶᠢ ᠰᠢᠢᠳᠪᠦᠷᠢᠯᠡᠬᠦ ᠠᠵᠢᠯ ᠳᠤ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ ᠲᠡᠷᠡ᠂ ᠬᠤᠰᠢᠭᠤᠨ ᠤ ᠵᠠᠰᠠᠭ ᠤᠨ ᠣᠷᠳᠣᠨ ᠰᠠᠨᠠᠯ ᠵᠦᠪᠯᠡᠯᠭᠡ ᠳᠤ ᠨᠠᠷᠢᠨ ᠬᠢᠨᠠᠮᠠᠭᠠᠶ ᠬᠠᠨᠳᠤᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠨ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠰᠠᠨᠠᠯ ᠵᠦᠪᠯᠡᠯᠭᠡ ᠶᠢ ᠰᠢᠢᠳᠪᠦᠷᠢᠯᠡᠬᠦ ᠠᠵᠢᠯ ᠢ ᠢᠳᠡᠪᠬᠢᠲᠡᠢ ᠥᠷᠨᠢᠭᠦᠯᠵᠦ᠂ ᠰᠢᠢᠳᠪᠦᠷᠢᠯᠡᠬᠦ ᠰᠠᠨᠠᠯ ᠵᠦᠪᠯᠡᠯᠭᠡ ᠪᠠᠷ ᠭᠤᠤᠯᠳᠠᠯᠭ᠎ᠠ ᠪᠣᠯᠭᠠᠨ᠂ ᠬᠠᠷᠢᠭᠤᠯᠲᠠ ᠥᠭᠬᠦ ᠶᠢ ᠴᠢᠬᠤᠯᠠᠴᠢᠯᠠᠬᠤ᠂ ᠨᠠᠶᠢᠳᠠᠪᠤᠷᠢᠵᠢᠭᠤᠯᠬᠤ ᠶᠢ ᠬᠥᠩᠭᠡᠪᠴᠢᠯᠡᠬᠦ ᠦᠵᠡᠭᠳᠡᠯ ᠢ ᠡᠷᠡᠰ ᠲᠡᠪᠴᠢᠬᠦ ᠶᠢᠨ ᠬᠠᠮᠲᠤ ᠰᠢᠮᠳᠠᠭᠤᠯᠤᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠴᠠᠭ ᠬᠤᠭᠤᠴᠠᠭ᠎ᠠ ᠶᠢ ᠵᠦᠶ ᠵᠣᠬᠢᠰᠲᠠᠶ ᠲᠣᠬᠢᠷᠠᠭᠤᠯᠵᠤ᠂ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠠᠯᠢ ᠲᠦᠷᠭᠡᠨ ᠢᠶᠠᠷ ᠨᠠᠷᠢᠨ ᠬᠢᠨᠠᠮᠠᠭᠠᠶ ᠬᠠᠷᠢᠭᠤᠯᠲᠠ ᠥᠭᠭᠦᠨ᠎ᠡ ᠭᠡᠰᠡᠨ ᠪᠠᠶᠢᠨ᠎ᠠ᠃        ᠸᠠᠩ ᠶᠢᠩ ᠬᠤ᠋ 2019 ᠣᠨ ᠤ ᠰᠠᠨᠠᠯ ᠵᠦᠪᠯᠡᠯᠭᠡ ᠶᠢ ᠰᠢᠢᠳᠪᠦᠷᠢᠯᠡᠭᠰᠡᠨ ᠠᠵᠢᠯ ᠤᠨ ᠪᠠᠶᠢᠳᠠᠯ ᠢ ᠨᠤᠲᠠᠯᠠᠬᠤ ᠶᠢᠨ ᠬᠠᠮᠲᠤ᠂ ᠥᠨᠥ ᠵᠢᠯ ᠤᠨ ᠠᠵᠢᠯ ᠢ ᠰᠠᠶᠢᠲᠤᠷ ᠬᠢᠬᠦ ᠲᠤᠬᠠᠶ ᠰᠠᠨᠠᠯ ᠳᠤᠷᠠᠳᠪᠠ᠃ ᠲᠡᠷᠡ ᠬᠡᠯᠡᠬᠦ ᠳᠡᠭᠡᠨ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠦᠨ᠂ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠲᠥᠯᠥᠭᠡᠯᠡᠭᠴᠢᠳ ᠤᠨ ᠰᠠᠨᠠᠯ ᠵᠦᠪᠯᠡᠯᠭᠡ ᠶᠢ ᠰᠢᠢᠳᠪᠦᠷᠢᠯᠡᠬᠦ ᠠᠵᠢᠯ ᠢ ᠦᠨᠡᠨᠬᠦ ᠰᠠᠶᠢᠲᠤᠷ ᠬᠢᠵᠦ᠂ ᠬᠠᠷᠢᠭᠤᠴᠠᠯᠭ᠎ᠠ ᠶᠢ ᠲᠣᠳᠣᠷᠬᠠᠶᠢᠯᠠᠨ᠂ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠭᠤᠤᠯᠳᠠᠯᠭ᠎ᠠ ᠶᠢ ᠳᠣᠪᠣᠶᠢᠯᠭᠠᠬᠤ ᠬᠡᠷᠡᠭᠲᠡᠶ᠃ ᠪᠣᠳᠠᠲᠤ ᠦᠢᠯᠡ ᠠᠵᠢᠯᠯᠠᠭ᠎ᠠ ᠪᠠᠷ ᠢᠶᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠠ ᠪᠦᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠢᠲᠡᠭᠡᠯ ᠪᠠ ᠳᠡᠮᠵᠢᠯᠭᠡ ᠶᠢ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠰᠡᠨ ᠪᠠᠶᠢᠨ᠎ᠠ᠃                                  ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号