ᠰᠢᠨ᠎ᠠ ᠴᠠᠬ ᠦᠶ᠎ᠠ ᠳᠤ ᠡᠷᠳᠡᠨ ᠤ ᠨᠤᠮ ᠰᠤᠳᠤᠷ ᠢ ᠬᠡᠷᠬᠢᠨ ᠤᠯᠠᠮᠵᠢᠯᠠᠨ ᠬᠠᠮᠠᠭᠠᠯᠠᠬᠤ ᠪᠤᠢ︖
ᠨᠡᠶᠢᠲᠡᠯᠡᠭᠰᠡᠨ ᠴᠠᠭ᠄
2020/6/2
      ᠮᠤᠩᠭᠤᠯ ᠨᠤᠮ ᠰᠤᠳᠤᠷ ᠪᠤᠯ ᠮᠤᠩᠭᠤᠯᠴᠤᠳ ᠤᠨ ᠤᠶᠤᠨ ᠤ ᠪᠤᠶᠤ ᠲᠡᠤᠭᠡ ᠶᠢᠨ ᠬᠠᠮᠤᠭ ᠤᠨ ᠪᠡᠶᠠᠨ ᠲᠠᠩᠰᠤᠭ ᠰᠠᠩ ᠬᠦᠮᠦᠷᠭᠡ ᠮᠦᠨ᠃ ᠲᠡᠷᠡ ᠨᠢ ᠬᠡᠳᠦᠨ ᠮᠢᠩᠭᠠᠨ ᠤ ᠲᠤᠷᠰᠢᠬᠢ ᠮᠤᠩᠭᠤᠯᠴᠤᠳ ᠤᠨ ᠬᠡᠯᠡ ᠰᠤᠶᠤᠯ᠂ ᠵᠡᠩ ᠦᠢᠯᠡ᠂ ᠱᠠᠰᠢᠨ ᠰᠢᠳᠦᠯᠬᠡ᠂ ᠠᠵᠦ ᠠᠮᠢᠳᠤᠷᠠᠯ ᠵᠡᠷᠭᠡ ᠪᠦᠬᠦ ᠲᠠᠯ᠎ᠠ ᠶᠢᠨ ᠰᠤᠶᠤᠯ ᠤᠨ ᠤᠤᠭᠠᠯ ᠲᠦᠷᠬᠦ ᠶᠢ ᠠᠴᠢᠶᠠᠯᠠᠵᠦ ᠢᠷᠡᠭᠰᠡᠨ ᠢᠶᠠᠷ ᠢᠶᠠᠨ ᠮᠤᠩᠭᠤᠯ ᠰᠤᠳᠤᠯᠤᠯ ᠤᠨ ᠬᠠᠮᠤᠭ ᠤᠨ ᠦᠨᠳᠦᠰᠦ ᠰᠠᠭᠤᠷᠢ᠂ ᠠᠮᠢᠨ ᠰᠤᠳᠠᠰᠦ ᠪᠤᠯᠤᠭᠰᠠᠭᠠᠷ ᠢᠷᠡᠵᠡᠢ᠃       ᠮᠤᠩᠭᠤᠯᠴᠤᠳ ᠲᠡᠤᠬᠡᠨ ᠠᠴᠠ ᠪᠠᠨ ᠠᠪᠤᠭᠠᠳ ᠨᠤᠮ ᠪᠢᠴᠢᠭ ᠢ ᠬᠠᠳᠠᠭᠠᠯᠠᠬᠤ ᠵᠠᠩᠰᠢᠯ ᠲᠠᠢ ᠪᠠᠶᠢᠳᠠᠭ᠃ 13 —14 ᠳ᠋ᠦ᠋ᠬᠡᠷ ᠵᠠᠭᠤᠨ ᠤ ᠦᠶ᠎ᠠ ᠶᠢᠨ ᠤᠯᠠᠨ ᠬᠡᠯᠡᠨ ᠤ ᠰᠤᠷᠪᠤᠯᠵᠢ ᠪᠢᠴᠢᠭ ᠢ ᠦᠨᠳᠦᠰᠦᠯᠡᠪᠡᠯ᠂ ᠮᠤᠩᠭᠤᠯ ᠤᠨ ᠤᠯᠠᠨ ᠬᠠᠭᠠᠳ ᠪᠦᠷ ᠲᠤᠰᠬᠠᠢ ᠨᠤᠮ ᠤᠨ ᠰᠠᠩ ᠲᠠᠢ ᠪᠠᠶᠢᠵᠦ᠂ ᠮᠤᠩᠭᠤᠯ ᠨᠤᠮ ᠰᠤᠳᠤᠷ ᠠᠴᠠ ᠭᠠᠳᠠᠨ᠎ᠠ᠂ ᠲᠡᠯᠡᠬᠡᠢ ᠶᠢᠨ ᠤᠯᠠᠨ ᠦᠨᠳᠦᠰᠦᠳᠡᠨ ᠤ ᠨᠤᠮ ᠰᠤᠳᠤᠷ ᠢ ᠬᠠᠳᠠᠭᠠᠯᠠᠵᠦ ᠪᠠᠶᠢᠬᠰᠠᠨ ᠬᠡᠵᠦ ᠮᠢᠩᠭᠠᠳ ᠡᠷᠳᠡᠮᠳᠦ ᠫᠷᠤᠹᠧᠰᠰᠤᠷ ᠶᠡᠷᠢᠵᠦ  ᠪᠠᠶᠢᠬᠰᠠᠨ‌‍ᠶᠤᠮ᠃ ᠲᠤᠷᠭᠤᠳᠴᠤᠳ ᠤᠨ ᠶᠡᠭᠡ ᠨᠡᠬᠦᠳᠡᠯ ᠤᠨ ᠲᠤᠮᠳᠠ  ᠬᠠᠭᠠᠰ ᠢᠯᠡᠬᠦᠦ ᠬᠦᠮᠦᠨ ᠦᠬᠦᠵᠦ ᠰᠢᠷᠬᠠᠳᠤᠬᠰᠠᠨ ᠴᠤ᠂ ᠲᠡᠳᠡᠨᠤᠰ ᠨᠤᠮ ᠰᠤᠳᠤᠷ ᠢᠶᠠᠨ ᠬᠠᠶᠠᠬᠰᠠᠨ ᠦᠬᠡᠢ᠂ ᠲᠡᠷ᠎ᠠ᠂ ᠭᠡᠤᠭᠡᠳ ᠤᠨ ᠦᠯᠦᠬᠡᠢ᠂ ᠵᠤᠤᠬ᠎ᠠ᠂ ᠤᠢ ᠮᠤᠳᠦ ᠳᠤ ᠨᠢᠭᠤᠵᠦ ᠨᠤᠮ ᠰᠤᠳᠤᠷ ᠢᠶᠠᠨ ᠤᠬᠠᠮᠰᠠᠷ ᠲᠠᠢ ᠪᠠᠷ ᠬᠠᠳᠠᠭᠠᠯᠠᠵᠦ ᠢᠷᠡᠭᠰᠡᠨ ᠢᠶᠠᠷ ᠠᠯᠳᠠ ᠪᠠᠷ ᠦᠨᠡᠯᠡᠰᠢ ᠦᠬᠡᠢ ᠬᠤᠪᠤᠷ ᠨᠠᠨᠳᠢᠨ ᠨᠤᠮ ᠰᠤᠳᠤᠷ ᠤᠳ ᠰᠠᠶ᠋ᠢ ᠮᠠᠨ ᠤ ᠦᠶ᠎ᠠ ᠶᠢᠨ ᠬᠢᠨ ᠳᠤ ᠤᠯᠠᠮᠵᠢᠯᠠᠬᠳᠠᠨ ᠬᠦᠷᠴᠦ ᠢᠷᠡᠭᠰᠡᠨ ᠶᠤᠮ᠃ ᠬᠡᠬᠦ ᠳᠡᠭᠡᠨ᠂ ᠦᠨᠦᠳᠦᠷ ᠪᠢᠳᠡ ᠮᠤᠩᠭᠤᠯ ᠠᠷᠠᠳ ᠲᠦᠮᠡᠨ ᠤ ᠬᠢ ᠪᠠᠨ ᠠᠮᠢ ᠭᠤᠤᠯ ᠢᠶᠠᠨ ᠰᠢᠬ ᠬᠠᠶᠢᠷᠠᠯᠠᠵᠦ ᠨᠠᠨᠳᠢᠩᠨᠠᠵᠦ ᠬᠠᠳᠠᠭᠠᠯᠠᠵᠦ ᠢᠷᠡᠭᠰᠡᠨ ᠨᠤᠮ ᠰᠤᠳᠤᠷ ᠢ ᠡᠮᠬᠢᠳᠬᠡᠨ ᠴᠤᠭᠯᠠᠭᠤᠯᠵᠦ᠂ ᠲᠤᠭᠠᠴᠢᠯᠠᠭᠤᠯᠤᠨ ᠬᠠᠳᠠᠭᠠᠯᠠᠵᠦ᠂ ᠰᠢᠨᠵᠢᠯᠠᠨ ᠰᠤᠳᠤᠯᠬᠤ ᠨᠢ ᠴᠢᠬᠤᠯᠠ ᠱᠠᠭᠠᠷᠳᠠᠭᠳᠠᠵᠦ ᠪᠠᠶᠢᠨ᠎ᠠ᠃          ᠲᠡᠤᠭᠡ ᠶᠢᠨ ᠤᠯᠠᠨ ᠰᠢᠯᠳᠠᠭᠠᠨ ᠢᠶᠠᠷ᠂ ᠮᠤᠩᠭᠤᠯᠴᠤᠳ ᠤᠨ ᠨᠤᠮ ᠰᠤᠳᠤᠷ ᠶᠡᠭᠡ ᠬᠡᠮᠵᠢᠶ᠎ᠠ ᠪᠠᠷ ᠬᠡᠭᠡᠭᠳᠡᠨ ᠤᠷᠬᠢᠭᠳᠠᠵᠦ᠂ ᠠᠷᠠᠳ ᠲᠦᠮᠡᠨ ᠤ ᠲᠤᠮᠳᠠ  ᠲᠠᠰᠤᠭ ᠪᠤᠰᠠᠭ ᠢᠶᠠᠷ ᠬᠠᠳᠠᠭᠠᠯᠠᠭᠳᠠᠬᠤ᠂ ᠲᠡᠷᠡᠴᠢᠯᠡᠨ ᠲᠡᠯᠡᠬᠡᠢ ᠶᠢᠨ ᠡᠯ᠎ᠠ ᠭᠠᠵᠠᠷ ᠲᠤ ᠲᠠᠷᠬᠠᠨ ᠪᠤᠳᠠᠷᠠᠬᠰᠠᠨ ᠪᠠᠶᠢᠨ᠎ᠠ᠃  ᠲᠡᠳᠡᠬᠡᠷ  ᠨᠤᠮ  ᠰᠤᠳᠤᠷ ᠢ ᠡᠮᠬᠢᠳᠬᠡᠨ ᠴᠤᠬᠯᠠᠭᠤᠯᠬᠤ ᠳᠤ ᠨᠢᠬᠡ ᠬᠤᠶᠡᠷ ᠬᠦᠮᠦᠨ ᠤ ᠬᠦᠴᠦ ᠶᠠᠭᠠᠬᠢᠭᠰᠠᠨ ᠴᠤ ᠬᠦᠷᠦᠯᠴᠡᠬᠦ ᠦᠬᠡᠢ᠂ ᠡᠷᠬᠡᠪᠰᠢ ᠵᠠᠰᠠᠬ ᠤᠨ ᠤᠷᠳᠤᠨ᠂ ᠡᠷᠳᠡᠮᠳᠡᠨ ᠰᠤᠳᠤᠯᠭᠠᠳᠠᠳ ᠪᠤᠯᠤᠨ ᠠᠷᠠᠳ ᠤᠯᠠᠨ ᠤ ᠬᠦᠴᠦᠨ ᠳᠤ ᠲᠦᠰᠢᠭᠯᠡᠨ᠎ᠠ᠃ ᠡᠨᠡ ᠬᠦ ᠶᠠᠪᠤᠴᠠ ᠳᠠᠭᠠᠨ ᠰᠤᠳᠤᠷ ᠨᠤᠮ ᠢᠶᠠᠨ ᠬᠠᠳᠠᠭᠠᠯᠠᠵᠦ ᠪᠠᠶᠢᠭ᠎ᠠ ᠮᠤᠩᠭᠤᠯᠴᠤᠳ ᠢᠶᠠᠨ ᠬᠦᠨᠳᠦᠳᠬᠡᠨ᠂ ᠵᠦᠪ ᠢᠶᠠᠷ ᠬᠠᠷᠢᠯᠴᠠᠵᠦ᠂ ᠵᠤᠬᠢᠰᠳᠠᠢ ᠠᠰᠢᠬᠯᠠᠬᠤ ᠨᠢ ᠴᠤ ᠴᠢᠬᠤᠯᠠ᠃        ᠡᠷᠲᠡᠨ ᠤ ᠨᠣᠮ ᠰᠤᠳᠤᠷ ᠢ ᠲᠣᠭᠠᠴᠢᠯᠠᠭᠤᠯᠬᠤ ᠪᠣᠯ ᠮᠡᠳᠡᠭᠡ ᠵᠠᠩᠭᠢ ᠶᠢᠨ ᠴᠠᠭ ᠡᠷᠢᠨ ᠳᠤ ᠤᠯᠠᠮᠵᠢᠯᠠᠯᠲᠤ ᠴᠠᠭᠠᠰᠤᠨ ᠨᠤᠮ ᠰᠤᠳᠤᠷ ᠢ ᠤᠯᠠᠮᠵᠢᠯᠠᠬᠤ ᠪᠠ ᠠᠰᠢᠬᠯᠠᠬᠤ ᠬᠠᠮᠤᠭ ᠤᠨ ᠳᠥᠭᠦᠮ ᠠᠷᠭ᠎ᠠ ᠬᠡᠯᠪᠡᠷᠢ ᠪᠣᠯᠤᠨ᠎ᠠ᠃ ᠡᠷᠲᠡᠨ ᠤ ᠨᠣᠮ ᠰᠤᠳᠤᠷ ᠢ ᠲᠣᠭᠠᠴᠢᠯᠠᠭᠤᠯᠬᠤ ᠨᠢ ᠨᠢᠬᠡ ᠲᠠᠯ᠎ᠠ ᠪᠠᠷ᠂ ᠨᠣᠮ ᠪᠢᠴᠢᠭ ᠢ ᠬᠠᠮᠠᠭᠠᠯᠠᠨ ᠠᠮᠤᠷ ᠲᠦᠪᠰᠢᠨ ᠢᠶᠠᠷ ᠬᠥᠮᠥᠷᠭᠡᠯᠡᠨ  ᠬᠠᠳᠠᠭᠠᠯᠠᠵᠦ᠂ᠨᠦᠬᠦᠬᠡ ᠲᠡᠯ᠎ᠠ ᠪᠠᠷ ᠡᠷᠲᠡᠨ ᠤ ᠨᠣᠮ ᠪᠢᠴᠢᠭ ᠢ ᠡᠷᠢᠬᠦ᠂ ᠤᠩᠰᠢᠬᠤ ᠪᠠ ᠠᠰᠢᠬᠯᠠᠬᠤ ᠴᠢᠳᠠᠪᠤᠷᠢ ᠶᠢ ᠳᠡᠭᠡᠭᠰᠢᠯᠡᠬᠦᠯᠵᠦ ᠪᠤᠯᠳᠠᠭ᠃ ᠲᠡᠷᠡ ᠮᠦᠷᠳᠡᠬᠡᠨ ᠶᠡᠭᠡ ᠬᠡᠮᠵᠢᠶ᠎ᠠ ᠪᠠᠷ ᠬᠠᠳᠠᠭᠠᠯᠠᠬᠤ ᠴᠢᠳᠠᠮᠵᠢ᠂ ᠳᠥᠭᠦᠮ ᠳᠥᠲᠡ ᠡᠷᠢᠵᠦ ᠬᠠᠶᠢᠬᠤ  ᠴᠢᠳᠠᠮᠵᠢ᠂ ᠳᠠᠮᠵᠢᠭᠤᠯᠬᠤ‌ᠤᠡᠭᠰᠢᠬᠤ ᠬᠤᠷᠳᠤᠴᠠ ᠲᠦᠷᠭᠡᠨ᠂ ᠴᠠᠬ ᠤᠷᠤᠨ ᠵᠠᠢ ᠶᠢᠨ ᠬᠢᠵᠠᠭᠠᠷᠯᠠᠯ ᠢ ᠬᠦᠯᠢᠶᠡᠬᠦ ᠦᠬᠡᠢ ᠵᠡᠷᠬᠡ ᠳᠠᠪᠠᠭᠤᠯᠢᠭ ᠲᠠᠢ ᠪᠠᠶᠢᠳᠠᠭ ᠪᠤᠯᠬᠤᠷ ᠮᠤᠩᠭᠤᠯ ᠰᠤᠷᠪᠤᠯᠵᠢ ᠪᠢᠴᠢᠭ ᠢᠶᠠᠨ ᠲᠤᠭᠠᠴᠢᠯᠠᠭᠤᠯᠤᠨ ᠠᠰᠢᠬᠯᠠᠬᠤ ᠶᠢ ᠵᠠᠪᠠᠯ ᠠᠩᠬᠠᠷᠤᠨ ᠬᠢᠬᠦ ᠴᠢᠬᠤᠯᠠᠳᠠᠢ᠃ ᠡᠨᠡ ᠲᠠᠯ᠎ᠠ ᠪᠠᠷ᠂ ᠤᠢᠢᠷ᠎ᠠ ᠶᠢᠨ ᠬᠤᠶᠡᠷ ᠵᠢᠯ ᠳᠤ᠂ ᠤᠯᠠᠨ ᠮᠤᠩᠭᠤᠯᠴᠢ ᠡᠷᠳᠡᠮᠳᠡᠳ ᠤᠨ ᠬᠠᠮᠳᠦ ᠶᠢᠨ ᠴᠢᠷᠮᠠᠶᠢᠯᠭ᠎ᠠ ᠪᠠᠷ ᠲᠡᠯᠡᠬᠡᠢ ᠳ᠋ᠤ᠋‌‍ᠲ᠋ᠦ᠋ᠭᠡᠭᠰᠡᠨ ᠮᠤᠩᠭᠤᠯ ᠰᠤᠳᠤᠷ ᠨᠤᠮ ᠤᠨ ᠹᠤᠲ᠋ᠣ᠋ ᠬᠡᠪᠯᠡᠯ ᠤᠨ ᠴᠤᠪᠤᠷᠠᠯ ᠴᠤ ᠬᠡᠪᠯᠡᠭᠳᠡᠵᠦ ᠪᠤᠢ᠃  ᠴᠦᠬᠡᠨ ᠲᠤᠭᠠᠳᠦ ᠦᠨᠳᠦᠰᠦᠳᠡᠨ ᠤ ᠰᠤᠳᠤᠷ ᠪᠢᠴᠢᠭ ᠪᠤᠯᠤᠨ ︽ᠬᠡᠰᠡᠷ︾᠎ ᠤᠨ ᠳ᠋ᠠᠶᠢᠲ᠋ᠡ ᠬᠦᠮᠦᠷᠬᠡ ᠪᠠ ᠰᠦᠯᠵᠢᠶ᠎ᠠ ᠵᠡᠷᠬᠡ ᠶᠢ ᠪᠠᠶᠢᠭᠤᠯᠵᠦ᠂ᠴᠦᠬᠡᠨ ᠲᠤᠭᠠᠳᠦ ᠦᠨᠳᠦᠰᠦᠳᠡᠨ ᠤ ᠰᠤᠳᠤᠷ ᠪᠢᠴᠢᠭ ᠤᠨ ᠲᠤᠭᠠᠴᠢᠯᠠᠭᠤᠯᠤᠯᠳᠠ ᠶᠢ ᠠᠬᠢᠭᠤᠯᠵᠦ ᠪᠤᠢ ᠰᠤᠷᠠᠭ ᠴᠤ ᠪᠤᠢ᠃          ᠶᠡᠷᠦᠨᠢ᠂ ᠮᠤᠩᠭᠤᠯ ᠨᠤᠮ ᠰᠤᠳᠤᠷ ᠢ ᠡᠮᠬᠢᠳᠬᠡᠨ ᠴᠤᠭᠯᠠᠭᠤᠯᠬᠤ ᠪᠠ ᠰᠢᠨᠵᠢᠯᠡᠨ ᠰᠤᠳᠤᠯᠬᠤ ᠨᠢ ᠲᠡᠷᠬᠡᠨ ᠤ  ᠬᠤᠶᠡᠷ‌‍ᠬᠦ᠋ᠷᠳᠦ ᠰᠢᠭ ᠲᠦᠰᠢᠯᠴᠡᠨ ᠤᠷᠤᠰᠢᠳᠠᠬ᠃ ᠮᠤᠩᠭᠤᠯ ᠰᠤᠷᠪᠤᠯᠵᠢ ᠪᠢᠴᠢᠭ ᠢ ᠭᠠᠭᠴᠠ ᠬᠡᠷᠡᠯ ᠵᠢᠷᠤᠬ ᠢᠶᠠᠷ ᠬᠡᠪᠯᠡᠬᠦᠯᠦᠭᠡᠳ ᠯᠡ ᠵᠤᠭᠰᠤᠬᠤ ᠪᠢᠰᠢ᠂ ᠬᠠᠮᠢᠶ᠎ᠠ ᠪᠦᠬᠦᠢ ᠰᠤᠳᠤᠯᠭᠠᠨ ᠨᠢ ᠡᠷᠬᠡᠪᠰᠢ ᠲᠠᠭᠠᠵᠦ ᠠᠮᠵᠢᠬᠤ ᠬᠡᠷᠡᠭᠳᠡᠢ᠃ ᠤᠳᠤᠬᠠᠨ ᠪᠤᠯᠳᠠᠯ᠎ᠠ ᠵᠠᠯᠠᠭᠤᠴᠤᠳ ᠤᠨ ᠠᠰᠢᠬᠯᠠᠬᠤ ᠮᠤᠩᠭᠤᠯ ᠰᠤᠷᠪᠤᠯᠵᠢ ᠰᠤᠳᠤᠯᠤᠯ ᠤᠨ ᠭᠠᠷ ᠠᠪᠤᠯᠭ᠎ᠠ ᠶᠢᠨ ᠨᠤᠮ ᠴᠦᠬᠡᠨ ᠪᠠᠶᠢᠭᠰᠠᠭᠠᠷ ᠪᠠᠶᠢᠵᠦ᠂ᠵᠠᠬᠪᠤᠷ ᠪᠤᠯᠬᠤᠢᠢᠴᠠ ᠰᠤᠳᠤᠯᠭᠠᠨ ᠤ ᠪᠦᠳᠦᠬᠡᠯ ᠤᠳ ᠢ ᠠᠮᠵᠢᠨ ᠬᠡᠪᠯᠡᠬᠦᠯᠬᠦ ᠠᠵᠢᠯ ᠴᠤ ᠮᠠᠰᠢ ᠲᠤᠯᠭᠠᠮ᠎ᠠ ᠪᠠᠶᠢᠨ᠎ᠠ᠃ 2019 ᠤᠨ ᠳᠤ᠂ ᠮᠤᠩᠭᠤᠯ ᠰᠤᠷᠪᠤᠯᠵᠢ ᠪᠢᠴᠢᠭ ᠤᠨ ᠰᠤᠳᠤᠯᠭᠠᠨ ᠤ ᠠᠵᠢᠯ ᠢ ᠠᠬᠢᠭᠤᠯᠤᠨ᠂ ᠵᠠᠯᠠᠭᠤ ᠦᠶ᠎ᠠ ᠶᠢᠨ  ᠡᠷᠳᠡᠮᠳᠡᠳ ᠢ ᠬᠦᠮᠦᠵᠢᠬᠦᠯᠬᠦ ᠵᠤᠷᠢᠯᠭ᠎ᠠ ᠪᠦᠬᠦᠢ ᠤᠯᠠᠨ ᠤᠯᠤᠰ ᠤᠨ ᠮᠤᠩᠭᠤᠯ ᠰᠤᠷᠪᠤᠯᠵᠢ ᠪᠢᠴᠢᠭ ᠤᠨ ᠰᠤᠳᠤᠯᠤᠯ ᠤᠨ ᠲᠦᠪ ᠦᠪᠦᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠳᠤ ᠪᠠᠶᠢᠭᠤᠯᠤᠬᠳᠠᠬᠰᠠᠨ ᠪᠠᠶᠢᠨ᠎ᠠ᠃ ᠲᠤᠰ ᠲᠦᠪ ᠨᠢ ᠲᠡᠯᠡᠬᠡᠢ ᠶᠢᠨ ᠡᠯ᠎ᠠ ᠤᠯᠤᠰ ᠤᠷᠤᠨ ᠤ ᠨᠤᠮ ᠤᠨ ᠰᠠᠩ ᠪᠤᠯᠤᠨ ᠬᠤᠪᠢ ᠬᠦᠮᠦᠨ ᠤ  ᠬᠠᠳᠠᠭᠠᠯᠠᠵᠦ ᠪᠠᠶᠢᠭ᠎ᠠ ᠮᠤᠩᠭᠤᠯ ᠬᠡᠯᠡᠨ ᠤ ᠰᠤᠷᠪᠤᠯᠵᠢ ᠪᠢᠴᠢᠭ ᠢ ᠡᠮᠬᠢᠳᠬᠡᠨ ᠬᠡᠪᠯᠡᠬᠦᠯᠬᠦ ᠠᠵᠢᠯ ᠢ ᠬᠢᠬᠦ︔ ᠰᠤᠳᠤᠯᠭᠠᠳᠠᠳ ᠢ ᠵᠤᠬᠢᠶᠠᠨ ᠪᠠᠶᠢᠭᠤᠯᠵᠦ᠂ ᠮᠤᠩᠭᠤᠯ ᠰᠤᠷᠪᠤᠯᠵᠢ ᠪᠢᠴᠢᠭ ᠤᠨ ᠰᠤᠳᠤᠯᠭᠠᠨ ᠢ ᠦᠷᠨᠢᠬᠦᠯᠬᠦ︔ ᠤᠯᠠᠨ ᠤᠯᠤᠰ ᠤᠨ ᠰᠤᠷᠪᠤᠯᠵᠢ ᠪᠢᠴᠢᠭ ᠤᠨ ᠴᠡᠬᠢᠮ ᠬᠦᠮᠦᠷᠬᠡ᠂ ᠳ᠋ᠠᠶᠢᠲ᠋ᠠ ᠬᠦᠮᠦᠷᠬᠡ ᠶᠢ ᠪᠠᠶᠢᠭᠤᠯᠤᠨ᠂ ᠮᠤᠩᠭᠤᠯ ᠰᠤᠷᠪᠤᠯᠵᠢ ᠪᠢᠴᠢᠭ ᠢ ᠢᠨᠲ᠋ᠧᠷ ᠰᠦᠯᠵᠢᠶ᠎ᠠ ᠪᠠᠷ ᠰᠢᠭᠤᠳ ᠬᠠᠶᠢᠨ ᠦᠵᠡᠵᠦ ᠰᠤᠳᠤᠯᠭᠠᠨ ᠳᠤ ᠠᠰᠢᠬᠯᠠᠬᠤ ᠳᠤ ᠲᠦᠬᠦᠮ ᠪᠤᠯᠭᠠᠬᠤ︔ ᠲᠤᠭᠳᠠᠮᠠᠯ ᠬᠤᠭᠤᠴᠠᠭ᠎ᠠ ᠲᠠᠢ ᠡᠷᠳᠡᠮ ᠰᠢᠨᠵᠢᠯᠡᠬᠡᠨ ‍ᠤ‌ᠬᠤᠷᠠᠯ᠂ ᠲᠡᠯᠬᠡᠨ ᠦᠵᠡᠬᠦᠯᠬᠡ ᠶᠢᠨ ᠬᠤᠷᠠᠯ ᠢ ᠵᠤᠬᠢᠶᠠᠨ ᠪᠠᠶᠢᠭᠤᠯᠬᠤ︔ ᠮᠤᠩᠭᠤᠯ ᠰᠤᠷᠪᠤᠯᠵᠢ ᠪᠢᠴᠢᠭ ᠤᠨ ᠰᠤᠳᠤᠯᠭᠠᠨ ᠤ ᠪᠤᠯᠪᠠᠰᠤᠨ ᠬᠦᠴᠦᠨ᠂ ᠵᠠᠯᠭᠠᠮᠵᠢ ᠬᠦᠴᠦᠨ ᠢ ᠬᠦᠮᠦᠵᠢᠬᠦᠯᠬᠦ ᠠᠵᠢᠯ ᠢ ᠴᠢᠩᠭᠠᠳᠬᠠᠬᠤ︔ ᠤᠯᠠᠨ ᠤᠯᠤᠰ ᠤᠨ  ᠮᠤᠩᠭᠤᠯᠴᠢ ᠡᠷᠳᠡᠮᠳᠡᠳ ᠲᠤ ᠮᠤᠩᠭᠤᠯ ᠰᠤᠷᠪᠤᠯᠵᠢ ᠪᠢᠴᠢᠭ ᠤᠨ ᠦᠢᠯᠡᠴᠢᠯᠡᠭᠡ ᠬᠠᠨᠭ᠍ᠭᠠᠬᠤ ᠵᠡᠷᠬᠡ ᠠᠵᠢᠯ ᠤᠳ ᠢ ᠴᠢᠷᠮᠠᠶᠢᠨ ᠬᠢᠬᠦ ᠪᠤᠯᠤᠨ᠎ᠠ᠃ ᠰᠢᠨ᠎ᠠ ᠴᠠᠬ ᠦᠶ᠎ᠠ ᠳᠤ ᠡᠷᠳᠡᠨ ᠤ ᠨᠤᠮ ᠰᠤᠳᠤᠷ ᠢ ᠤᠯᠠᠮᠵᠢᠯᠠᠨ ᠬᠠᠮᠠᠭᠠᠯᠠᠬᠤ ᠳᠤ ᠡᠶᠢᠮᠦᠷᠬᠦᠦ ᠬᠦᠴᠦᠨ ᠨᠦᠬᠦᠴᠡᠯ ᠢ ᠴᠢᠷᠮᠠᠶᠢᠨ ᠪᠤᠵᠠᠭᠠᠢᠢᠷᠠᠭᠤᠯᠬᠤ ᠴᠢᠬᠤᠯᠠᠳᠠᠢ ᠪᠠᠶᠢᠨ᠎ᠠ᠃    
ᠢᠷᠡᠯᠲᠡ᠄ ᠦᠪᠦᠷ ᠮᠤᠩᠭᠤᠯ ᠤᠨ ᠡᠳᠤᠷ ᠤᠨ ᠰᠤᠨᠢᠨ