ᠮᠤᠩᠭᠤᠯ ᠨᠤᠮ ᠰᠤᠳᠤᠷ ᠪᠤᠯ ᠮᠤᠩᠭᠤᠯᠴᠤᠳ ᠤᠨ ᠤᠶᠤᠨ ᠤ ᠪᠤᠶᠤ ᠲᠡᠤᠭᠡ ᠶᠢᠨ ᠬᠠᠮᠤᠭ ᠤᠨ ᠪᠡᠶᠠᠨ | ᠲᠠᠩᠰᠤᠭ ᠰᠠᠩ ᠬᠦᠮᠦᠷᠭᠡ ᠮᠦᠨ᠃ ᠲᠡᠷᠡ ᠨᠢ ᠬᠡᠳᠦᠨ ᠮᠢᠩᠭᠠᠨ ᠤ ᠲᠤᠷᠰᠢᠬᠢ ᠮᠤᠩᠭᠤᠯᠴᠤᠳ ᠤᠨ ᠬᠡᠯᠡ ᠰᠤᠶᠤᠯ᠂ | ᠵᠡᠩ ᠦᠢᠯᠡ᠂ ᠱᠠᠰᠢᠨ ᠰᠢᠳᠦᠯᠬᠡ᠂ ᠠᠵᠦ ᠠᠮᠢᠳᠤᠷᠠᠯ ᠵᠡᠷᠭᠡ ᠪᠦᠬᠦ ᠲᠠᠯ᠎ᠠ ᠶᠢᠨ ᠰᠤᠶᠤᠯ ᠤᠨ ᠤᠤᠭᠠᠯ ᠲᠦᠷᠬᠦ ᠶᠢ | ᠠᠴᠢᠶᠠᠯᠠᠵᠦ ᠢᠷᠡᠭᠰᠡᠨ ᠢᠶᠠᠷ ᠢᠶᠠᠨ ᠮᠤᠩᠭᠤᠯ ᠰᠤᠳᠤᠯᠤᠯ ᠤᠨ ᠬᠠᠮᠤᠭ ᠤᠨ ᠦᠨᠳᠦᠰᠦ ᠰᠠᠭᠤᠷᠢ᠂ ᠠᠮᠢᠨ ᠰᠤᠳᠠᠰᠦ | ᠪᠤᠯᠤᠭᠰᠠᠭᠠᠷ ᠢᠷᠡᠵᠡᠢ᠃ | ᠮᠤᠩᠭᠤᠯᠴᠤᠳ ᠲᠡᠤᠬᠡᠨ ᠠᠴᠠ ᠪᠠᠨ ᠠᠪᠤᠭᠠᠳ ᠨᠤᠮ ᠪᠢᠴᠢᠭ ᠢ ᠬᠠᠳᠠᠭᠠᠯᠠᠬᠤ ᠵᠠᠩᠰᠢᠯ ᠲᠠᠢ ᠪᠠᠶᠢᠳᠠᠭ᠃ | 13 —14 ᠳ᠋ᠦ᠋ᠬᠡᠷ ᠵᠠᠭᠤᠨ ᠤ ᠦᠶ᠎ᠠ ᠶᠢᠨ ᠤᠯᠠᠨ ᠬᠡᠯᠡᠨ ᠤ ᠰᠤᠷᠪᠤᠯᠵᠢ ᠪᠢᠴᠢᠭ ᠢ ᠦᠨᠳᠦᠰᠦᠯᠡᠪᠡᠯ᠂ | ᠮᠤᠩᠭᠤᠯ ᠤᠨ ᠤᠯᠠᠨ ᠬᠠᠭᠠᠳ ᠪᠦᠷ ᠲᠤᠰᠬᠠᠢ ᠨᠤᠮ ᠤᠨ ᠰᠠᠩ ᠲᠠᠢ ᠪᠠᠶᠢᠵᠦ᠂ ᠮᠤᠩᠭᠤᠯ ᠨᠤᠮ ᠰᠤᠳᠤᠷ ᠠᠴᠠ | ᠭᠠᠳᠠᠨ᠎ᠠ᠂ ᠲᠡᠯᠡᠬᠡᠢ ᠶᠢᠨ ᠤᠯᠠᠨ ᠦᠨᠳᠦᠰᠦᠳᠡᠨ ᠤ ᠨᠤᠮ ᠰᠤᠳᠤᠷ ᠢ ᠬᠠᠳᠠᠭᠠᠯᠠᠵᠦ ᠪᠠᠶᠢᠬᠰᠠᠨ ᠬᠡᠵᠦ ᠮᠢᠩᠭᠠᠳ | ᠡᠷᠳᠡᠮᠳᠦ ᠫᠷᠤᠹᠧᠰᠰᠤᠷ ᠶᠡᠷᠢᠵᠦ ᠪᠠᠶᠢᠬᠰᠠᠨᠶᠤᠮ᠃ ᠲᠤᠷᠭᠤᠳᠴᠤᠳ ᠤᠨ ᠶᠡᠭᠡ ᠨᠡᠬᠦᠳᠡᠯ ᠤᠨ ᠲᠤᠮᠳᠠ ᠬᠠᠭᠠᠰ | ᠢᠯᠡᠬᠦᠦ ᠬᠦᠮᠦᠨ ᠦᠬᠦᠵᠦ ᠰᠢᠷᠬᠠᠳᠤᠬᠰᠠᠨ ᠴᠤ᠂ ᠲᠡᠳᠡᠨᠤᠰ ᠨᠤᠮ ᠰᠤᠳᠤᠷ ᠢᠶᠠᠨ ᠬᠠᠶᠠᠬᠰᠠᠨ ᠦᠬᠡᠢ᠂ ᠲᠡᠷᠠ᠂ | ᠭᠡᠤᠭᠡᠳ ᠤᠨ ᠦᠯᠦᠬᠡᠢ᠂ ᠵᠤᠤᠬ᠎ᠠ᠂ ᠤᠢ ᠮᠤᠳᠦ ᠳᠤ ᠨᠢᠭᠤᠵᠦ ᠨᠤᠮ ᠰᠤᠳᠤᠷ ᠢᠶᠠᠨ ᠤᠬᠠᠮᠰᠠᠷ ᠲᠠᠢ ᠪᠠᠷ ᠬᠠᠳᠠᠭᠠᠯᠠᠵᠦ | ᠢᠷᠡᠭᠰᠡᠨ ᠢᠶᠠᠷ ᠠᠯᠳᠠ ᠪᠠᠷ ᠦᠨᠡᠯᠡᠰᠢ ᠦᠬᠡᠢ ᠬᠤᠪᠤᠷ ᠨᠠᠨᠳᠢᠨ ᠨᠤᠮ ᠰᠤᠳᠤᠷ ᠤᠳ ᠰᠠᠶ᠋ᠢ ᠮᠠᠨ ᠤ | ᠦᠶ᠎ᠠ ᠶᠢᠨ ᠬᠢᠨ ᠳᠤ ᠤᠯᠠᠮᠵᠢᠯᠠᠬᠳᠠᠨ ᠬᠦᠷᠴᠦ ᠢᠷᠡᠭᠰᠡᠨ ᠶᠤᠮ᠃ ᠬᠡᠬᠦ ᠳᠡᠭᠡᠨ᠂ ᠦᠨᠦᠳᠦᠷ ᠪᠢᠳᠡ ᠮᠤᠩᠭᠤᠯ ᠠᠷᠠᠳ | ᠲᠦᠮᠡᠨ ᠤ ᠬᠢ ᠪᠠᠨ ᠠᠮᠢ ᠭᠤᠤᠯ ᠢᠶᠠᠨ ᠰᠢᠬ ᠬᠠᠶᠢᠷᠠᠯᠠᠵᠦ ᠨᠠᠨᠳᠢᠩᠨᠠᠵᠦ ᠬᠠᠳᠠᠭᠠᠯᠠᠵᠦ ᠢᠷᠡᠭᠰᠡᠨ ᠨᠤᠮ ᠰᠤᠳᠤᠷ ᠢ | ᠡᠮᠬᠢᠳᠬᠡᠨ ᠴᠤᠭᠯᠠᠭᠤᠯᠵᠦ᠂ ᠲᠤᠭᠠᠴᠢᠯᠠᠭᠤᠯᠤᠨ ᠬᠠᠳᠠᠭᠠᠯᠠᠵᠦ᠂ ᠰᠢᠨᠵᠢᠯᠠᠨ ᠰᠤᠳᠤᠯᠬᠤ ᠨᠢ ᠴᠢᠬᠤᠯᠠ ᠱᠠᠭᠠᠷᠳᠠᠭᠳᠠᠵᠦ | ᠪᠠᠶᠢᠨ᠎ᠠ᠃ | ᠲᠡᠤᠭᠡ ᠶᠢᠨ ᠤᠯᠠᠨ ᠰᠢᠯᠳᠠᠭᠠᠨ ᠢᠶᠠᠷ᠂ ᠮᠤᠩᠭᠤᠯᠴᠤᠳ ᠤᠨ ᠨᠤᠮ ᠰᠤᠳᠤᠷ ᠶᠡᠭᠡ ᠬᠡᠮᠵᠢᠶ᠎ᠠ ᠪᠠᠷ ᠬᠡᠭᠡᠭᠳᠡᠨ | ᠤᠷᠬᠢᠭᠳᠠᠵᠦ᠂ ᠠᠷᠠᠳ ᠲᠦᠮᠡᠨ ᠤ ᠲᠤᠮᠳᠠ ᠲᠠᠰᠤᠭ ᠪᠤᠰᠠᠭ ᠢᠶᠠᠷ ᠬᠠᠳᠠᠭᠠᠯᠠᠭᠳᠠᠬᠤ᠂ ᠲᠡᠷᠡᠴᠢᠯᠡᠨ ᠲᠡᠯᠡᠬᠡᠢ ᠶᠢᠨ | ᠡᠯ᠎ᠠ ᠭᠠᠵᠠᠷ ᠲᠤ ᠲᠠᠷᠬᠠᠨ ᠪᠤᠳᠠᠷᠠᠬᠰᠠᠨ ᠪᠠᠶᠢᠨ᠎ᠠ᠃ ᠲᠡᠳᠡᠬᠡᠷ ᠨᠤᠮ ᠰᠤᠳᠤᠷ ᠢ ᠡᠮᠬᠢᠳᠬᠡᠨ ᠴᠤᠬᠯᠠᠭᠤᠯᠬᠤ ᠳᠤ | ᠨᠢᠬᠡ ᠬᠤᠶᠡᠷ ᠬᠦᠮᠦᠨ ᠤ ᠬᠦᠴᠦ ᠶᠠᠭᠠᠬᠢᠭᠰᠠᠨ ᠴᠤ ᠬᠦᠷᠦᠯᠴᠡᠬᠦ ᠦᠬᠡᠢ᠂ ᠡᠷᠬᠡᠪᠰᠢ ᠵᠠᠰᠠᠬ ᠤᠨ ᠤᠷᠳᠤᠨ᠂ | ᠡᠷᠳᠡᠮᠳᠡᠨ ᠰᠤᠳᠤᠯᠭᠠᠳᠠᠳ ᠪᠤᠯᠤᠨ ᠠᠷᠠᠳ ᠤᠯᠠᠨ ᠤ ᠬᠦᠴᠦᠨ ᠳᠤ ᠲᠦᠰᠢᠭᠯᠡᠨ᠎ᠠ᠃ ᠡᠨᠡ ᠬᠦ ᠶᠠᠪᠤᠴᠠ ᠳᠠᠭᠠᠨ | ᠰᠤᠳᠤᠷ ᠨᠤᠮ ᠢᠶᠠᠨ ᠬᠠᠳᠠᠭᠠᠯᠠᠵᠦ ᠪᠠᠶᠢᠭ᠎ᠠ ᠮᠤᠩᠭᠤᠯᠴᠤᠳ ᠢᠶᠠᠨ ᠬᠦᠨᠳᠦᠳᠬᠡᠨ᠂ ᠵᠦᠪ ᠢᠶᠠᠷ ᠬᠠᠷᠢᠯᠴᠠᠵᠦ᠂ | ᠵᠤᠬᠢᠰᠳᠠᠢ ᠠᠰᠢᠬᠯᠠᠬᠤ ᠨᠢ ᠴᠤ ᠴᠢᠬᠤᠯᠠ᠃ | ᠡᠷᠲᠡᠨ ᠤ ᠨᠣᠮ ᠰᠤᠳᠤᠷ ᠢ ᠲᠣᠭᠠᠴᠢᠯᠠᠭᠤᠯᠬᠤ ᠪᠣᠯ ᠮᠡᠳᠡᠭᠡ ᠵᠠᠩᠭᠢ ᠶᠢᠨ ᠴᠠᠭ ᠡᠷᠢᠨ ᠳᠤ ᠤᠯᠠᠮᠵᠢᠯᠠᠯᠲᠤ | ᠴᠠᠭᠠᠰᠤᠨ ᠨᠤᠮ ᠰᠤᠳᠤᠷ ᠢ ᠤᠯᠠᠮᠵᠢᠯᠠᠬᠤ ᠪᠠ ᠠᠰᠢᠬᠯᠠᠬᠤ ᠬᠠᠮᠤᠭ ᠤᠨ ᠳᠥᠭᠦᠮ ᠠᠷᠭ᠎ᠠ ᠬᠡᠯᠪᠡᠷᠢ ᠪᠣᠯᠤᠨ᠎ᠠ᠃ | ᠡᠷᠲᠡᠨ ᠤ ᠨᠣᠮ ᠰᠤᠳᠤᠷ ᠢ ᠲᠣᠭᠠᠴᠢᠯᠠᠭᠤᠯᠬᠤ ᠨᠢ ᠨᠢᠬᠡ ᠲᠠᠯ᠎ᠠ ᠪᠠᠷ᠂ ᠨᠣᠮ ᠪᠢᠴᠢᠭ ᠢ ᠬᠠᠮᠠᠭᠠᠯᠠᠨ ᠠᠮᠤᠷ | ᠲᠦᠪᠰᠢᠨ ᠢᠶᠠᠷ ᠬᠥᠮᠥᠷᠭᠡᠯᠡᠨ ᠬᠠᠳᠠᠭᠠᠯᠠᠵᠦ᠂ᠨᠦᠬᠦᠬᠡ ᠲᠡᠯ᠎ᠠ ᠪᠠᠷ ᠡᠷᠲᠡᠨ ᠤ ᠨᠣᠮ ᠪᠢᠴᠢᠭ ᠢ ᠡᠷᠢᠬᠦ᠂ ᠤᠩᠰᠢᠬᠤ | ᠪᠠ ᠠᠰᠢᠬᠯᠠᠬᠤ ᠴᠢᠳᠠᠪᠤᠷᠢ ᠶᠢ ᠳᠡᠭᠡᠭᠰᠢᠯᠡᠬᠦᠯᠵᠦ ᠪᠤᠯᠳᠠᠭ᠃ ᠲᠡᠷᠡ ᠮᠦᠷᠳᠡᠬᠡᠨ ᠶᠡᠭᠡ ᠬᠡᠮᠵᠢᠶ᠎ᠠ ᠪᠠᠷ ᠬᠠᠳᠠᠭᠠᠯᠠᠬᠤ | ᠴᠢᠳᠠᠮᠵᠢ᠂ ᠳᠥᠭᠦᠮ ᠳᠥᠲᠡ ᠡᠷᠢᠵᠦ ᠬᠠᠶᠢᠬᠤ ᠴᠢᠳᠠᠮᠵᠢ᠂ ᠳᠠᠮᠵᠢᠭᠤᠯᠬᠤᠤᠡᠭᠰᠢᠬᠤ ᠬᠤᠷᠳᠤᠴᠠ ᠲᠦᠷᠭᠡᠨ᠂ ᠴᠠᠬ | ᠤᠷᠤᠨ ᠵᠠᠢ ᠶᠢᠨ ᠬᠢᠵᠠᠭᠠᠷᠯᠠᠯ ᠢ ᠬᠦᠯᠢᠶᠡᠬᠦ ᠦᠬᠡᠢ ᠵᠡᠷᠬᠡ ᠳᠠᠪᠠᠭᠤᠯᠢᠭ ᠲᠠᠢ ᠪᠠᠶᠢᠳᠠᠭ ᠪᠤᠯᠬᠤᠷ ᠮᠤᠩᠭᠤᠯ ᠰᠤᠷᠪᠤᠯᠵᠢ | ᠪᠢᠴᠢᠭ ᠢᠶᠠᠨ ᠲᠤᠭᠠᠴᠢᠯᠠᠭᠤᠯᠤᠨ ᠠᠰᠢᠬᠯᠠᠬᠤ ᠶᠢ ᠵᠠᠪᠠᠯ ᠠᠩᠬᠠᠷᠤᠨ ᠬᠢᠬᠦ ᠴᠢᠬᠤᠯᠠᠳᠠᠢ᠃ ᠡᠨᠡ ᠲᠠᠯ᠎ᠠ ᠪᠠᠷ᠂ | ᠤᠢᠢᠷ᠎ᠠ ᠶᠢᠨ ᠬᠤᠶᠡᠷ ᠵᠢᠯ ᠳᠤ᠂ ᠤᠯᠠᠨ ᠮᠤᠩᠭᠤᠯᠴᠢ ᠡᠷᠳᠡᠮᠳᠡᠳ ᠤᠨ ᠬᠠᠮᠳᠦ ᠶᠢᠨ ᠴᠢᠷᠮᠠᠶᠢᠯᠭ᠎ᠠ ᠪᠠᠷ | ᠲᠡᠯᠡᠬᠡᠢ ᠳ᠋ᠤ᠋ᠲ᠋ᠦ᠋ᠭᠡᠭᠰᠡᠨ ᠮᠤᠩᠭᠤᠯ ᠰᠤᠳᠤᠷ ᠨᠤᠮ ᠤᠨ ᠹᠤᠲ᠋ᠣ᠋ ᠬᠡᠪᠯᠡᠯ ᠤᠨ ᠴᠤᠪᠤᠷᠠᠯ ᠴᠤ ᠬᠡᠪᠯᠡᠭᠳᠡᠵᠦ ᠪᠤᠢ᠃ | ᠴᠦᠬᠡᠨ ᠲᠤᠭᠠᠳᠦ ᠦᠨᠳᠦᠰᠦᠳᠡᠨ ᠤ ᠰᠤᠳᠤᠷ ᠪᠢᠴᠢᠭ ᠪᠤᠯᠤᠨ ︽ᠬᠡᠰᠡᠷ︾ ᠤᠨ ᠳ᠋ᠠᠶᠢᠲ᠋ᠡ ᠬᠦᠮᠦᠷᠬᠡ ᠪᠠ ᠰᠦᠯᠵᠢᠶ᠎ᠠ | ᠵᠡᠷᠬᠡ ᠶᠢ ᠪᠠᠶᠢᠭᠤᠯᠵᠦ᠂ᠴᠦᠬᠡᠨ ᠲᠤᠭᠠᠳᠦ ᠦᠨᠳᠦᠰᠦᠳᠡᠨ ᠤ ᠰᠤᠳᠤᠷ ᠪᠢᠴᠢᠭ ᠤᠨ ᠲᠤᠭᠠᠴᠢᠯᠠᠭᠤᠯᠤᠯᠳᠠ ᠶᠢ | ᠠᠬᠢᠭᠤᠯᠵᠦ ᠪᠤᠢ ᠰᠤᠷᠠᠭ ᠴᠤ ᠪᠤᠢ᠃ | ᠶᠡᠷᠦᠨᠢ᠂ ᠮᠤᠩᠭᠤᠯ ᠨᠤᠮ ᠰᠤᠳᠤᠷ ᠢ ᠡᠮᠬᠢᠳᠬᠡᠨ ᠴᠤᠭᠯᠠᠭᠤᠯᠬᠤ ᠪᠠ ᠰᠢᠨᠵᠢᠯᠡᠨ ᠰᠤᠳᠤᠯᠬᠤ ᠨᠢ ᠲᠡᠷᠬᠡᠨ ᠤ | ᠬᠤᠶᠡᠷᠬᠦ᠋ᠷᠳᠦ ᠰᠢᠭ ᠲᠦᠰᠢᠯᠴᠡᠨ ᠤᠷᠤᠰᠢᠳᠠᠬ᠃ ᠮᠤᠩᠭᠤᠯ ᠰᠤᠷᠪᠤᠯᠵᠢ ᠪᠢᠴᠢᠭ ᠢ ᠭᠠᠭᠴᠠ ᠬᠡᠷᠡᠯ ᠵᠢᠷᠤᠬ ᠢᠶᠠᠷ | ᠬᠡᠪᠯᠡᠬᠦᠯᠦᠭᠡᠳ ᠯᠡ ᠵᠤᠭᠰᠤᠬᠤ ᠪᠢᠰᠢ᠂ ᠬᠠᠮᠢᠶ᠎ᠠ ᠪᠦᠬᠦᠢ ᠰᠤᠳᠤᠯᠭᠠᠨ ᠨᠢ ᠡᠷᠬᠡᠪᠰᠢ ᠲᠠᠭᠠᠵᠦ ᠠᠮᠵᠢᠬᠤ ᠬᠡᠷᠡᠭᠳᠡᠢ᠃ | ᠤᠳᠤᠬᠠᠨ ᠪᠤᠯᠳᠠᠯ᠎ᠠ ᠵᠠᠯᠠᠭᠤᠴᠤᠳ ᠤᠨ ᠠᠰᠢᠬᠯᠠᠬᠤ ᠮᠤᠩᠭᠤᠯ ᠰᠤᠷᠪᠤᠯᠵᠢ ᠰᠤᠳᠤᠯᠤᠯ ᠤᠨ ᠭᠠᠷ ᠠᠪᠤᠯᠭ᠎ᠠ ᠶᠢᠨ | ᠨᠤᠮ ᠴᠦᠬᠡᠨ ᠪᠠᠶᠢᠭᠰᠠᠭᠠᠷ ᠪᠠᠶᠢᠵᠦ᠂ᠵᠠᠬᠪᠤᠷ ᠪᠤᠯᠬᠤᠢᠢᠴᠠ ᠰᠤᠳᠤᠯᠭᠠᠨ ᠤ ᠪᠦᠳᠦᠬᠡᠯ ᠤᠳ ᠢ ᠠᠮᠵᠢᠨ ᠬᠡᠪᠯᠡᠬᠦᠯᠬᠦ | ᠠᠵᠢᠯ ᠴᠤ ᠮᠠᠰᠢ ᠲᠤᠯᠭᠠᠮ᠎ᠠ ᠪᠠᠶᠢᠨ᠎ᠠ᠃ 2019 ᠤᠨ ᠳᠤ᠂ ᠮᠤᠩᠭᠤᠯ ᠰᠤᠷᠪᠤᠯᠵᠢ ᠪᠢᠴᠢᠭ ᠤᠨ ᠰᠤᠳᠤᠯᠭᠠᠨ ᠤ | ᠠᠵᠢᠯ ᠢ ᠠᠬᠢᠭᠤᠯᠤᠨ᠂ ᠵᠠᠯᠠᠭᠤ ᠦᠶ᠎ᠠ ᠶᠢᠨ ᠡᠷᠳᠡᠮᠳᠡᠳ ᠢ ᠬᠦᠮᠦᠵᠢᠬᠦᠯᠬᠦ ᠵᠤᠷᠢᠯᠭ᠎ᠠ ᠪᠦᠬᠦᠢ ᠤᠯᠠᠨ ᠤᠯᠤᠰ ᠤᠨ | ᠮᠤᠩᠭᠤᠯ ᠰᠤᠷᠪᠤᠯᠵᠢ ᠪᠢᠴᠢᠭ ᠤᠨ ᠰᠤᠳᠤᠯᠤᠯ ᠤᠨ ᠲᠦᠪ ᠦᠪᠦᠷ ᠮᠤᠩᠭᠤᠯ ᠤᠨ ᠪᠠᠭᠰᠢ ᠶᠢᠨ ᠶᠡᠭᠡ | ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠳᠤ ᠪᠠᠶᠢᠭᠤᠯᠤᠬᠳᠠᠬᠰᠠᠨ ᠪᠠᠶᠢᠨ᠎ᠠ᠃ ᠲᠤᠰ | ᠲᠦᠪ ᠨᠢ ᠲᠡᠯᠡᠬᠡᠢ ᠶᠢᠨ ᠡᠯ᠎ᠠ ᠤᠯᠤᠰ ᠤᠷᠤᠨ ᠤ ᠨᠤᠮ ᠤᠨ ᠰᠠᠩ ᠪᠤᠯᠤᠨ ᠬᠤᠪᠢ ᠬᠦᠮᠦᠨ ᠤ ᠬᠠᠳᠠᠭᠠᠯᠠᠵᠦ | ᠪᠠᠶᠢᠭ᠎ᠠ ᠮᠤᠩᠭᠤᠯ ᠬᠡᠯᠡᠨ ᠤ ᠰᠤᠷᠪᠤᠯᠵᠢ ᠪᠢᠴᠢᠭ ᠢ ᠡᠮᠬᠢᠳᠬᠡᠨ ᠬᠡᠪᠯᠡᠬᠦᠯᠬᠦ ᠠᠵᠢᠯ ᠢ ᠬᠢᠬᠦ︔ ᠰᠤᠳᠤᠯᠭᠠᠳᠠᠳ ᠢ | ᠵᠤᠬᠢᠶᠠᠨ ᠪᠠᠶᠢᠭᠤᠯᠵᠦ᠂ ᠮᠤᠩᠭᠤᠯ ᠰᠤᠷᠪᠤᠯᠵᠢ ᠪᠢᠴᠢᠭ ᠤᠨ ᠰᠤᠳᠤᠯᠭᠠᠨ ᠢ ᠦᠷᠨᠢᠬᠦᠯᠬᠦ︔ ᠤᠯᠠᠨ ᠤᠯᠤᠰ ᠤᠨ | ᠰᠤᠷᠪᠤᠯᠵᠢ ᠪᠢᠴᠢᠭ ᠤᠨ ᠴᠡᠬᠢᠮ ᠬᠦᠮᠦᠷᠬᠡ᠂ ᠳ᠋ᠠᠶᠢᠲ᠋ᠠ ᠬᠦᠮᠦᠷᠬᠡ ᠶᠢ ᠪᠠᠶᠢᠭᠤᠯᠤᠨ᠂ ᠮᠤᠩᠭᠤᠯ ᠰᠤᠷᠪᠤᠯᠵᠢ ᠪᠢᠴᠢᠭ ᠢ | ᠢᠨᠲ᠋ᠧᠷ ᠰᠦᠯᠵᠢᠶ᠎ᠠ ᠪᠠᠷ ᠰᠢᠭᠤᠳ ᠬᠠᠶᠢᠨ ᠦᠵᠡᠵᠦ ᠰᠤᠳᠤᠯᠭᠠᠨ ᠳᠤ ᠠᠰᠢᠬᠯᠠᠬᠤ ᠳᠤ ᠲᠦᠬᠦᠮ ᠪᠤᠯᠭᠠᠬᠤ︔ | ᠲᠤᠭᠳᠠᠮᠠᠯ ᠬᠤᠭᠤᠴᠠᠭ᠎ᠠ ᠲᠠᠢ ᠡᠷᠳᠡᠮ ᠰᠢᠨᠵᠢᠯᠡᠬᠡᠨ ᠤᠬᠤᠷᠠᠯ᠂ ᠲᠡᠯᠬᠡᠨ ᠦᠵᠡᠬᠦᠯᠬᠡ ᠶᠢᠨ ᠬᠤᠷᠠᠯ ᠢ ᠵᠤᠬᠢᠶᠠᠨ | ᠪᠠᠶᠢᠭᠤᠯᠬᠤ︔ ᠮᠤᠩᠭᠤᠯ ᠰᠤᠷᠪᠤᠯᠵᠢ ᠪᠢᠴᠢᠭ ᠤᠨ ᠰᠤᠳᠤᠯᠭᠠᠨ ᠤ ᠪᠤᠯᠪᠠᠰᠤᠨ ᠬᠦᠴᠦᠨ᠂ ᠵᠠᠯᠭᠠᠮᠵᠢ ᠬᠦᠴᠦᠨ ᠢ | ᠬᠦᠮᠦᠵᠢᠬᠦᠯᠬᠦ ᠠᠵᠢᠯ ᠢ ᠴᠢᠩᠭᠠᠳᠬᠠᠬᠤ︔ ᠤᠯᠠᠨ ᠤᠯᠤᠰ ᠤᠨ ᠮᠤᠩᠭᠤᠯᠴᠢ ᠡᠷᠳᠡᠮᠳᠡᠳ ᠲᠤ ᠮᠤᠩᠭᠤᠯ ᠰᠤᠷᠪᠤᠯᠵᠢ | ᠪᠢᠴᠢᠭ ᠤᠨ ᠦᠢᠯᠡᠴᠢᠯᠡᠭᠡ ᠬᠠᠨᠭ᠍ᠭᠠᠬᠤ ᠵᠡᠷᠬᠡ ᠠᠵᠢᠯ ᠤᠳ ᠢ ᠴᠢᠷᠮᠠᠶᠢᠨ ᠬᠢᠬᠦ ᠪᠤᠯᠤᠨ᠎ᠠ᠃ ᠰᠢᠨ᠎ᠠ ᠴᠠᠬ ᠦᠶ᠎ᠠ ᠳᠤ | ᠡᠷᠳᠡᠨ ᠤ ᠨᠤᠮ ᠰᠤᠳᠤᠷ ᠢ ᠤᠯᠠᠮᠵᠢᠯᠠᠨ ᠬᠠᠮᠠᠭᠠᠯᠠᠬᠤ ᠳᠤ ᠡᠶᠢᠮᠦᠷᠬᠦᠦ ᠬᠦᠴᠦᠨ ᠨᠦᠬᠦᠴᠡᠯ ᠢ ᠴᠢᠷᠮᠠᠶᠢᠨ | ᠪᠤᠵᠠᠭᠠᠢᠢᠷᠠᠭᠤᠯᠬᠤ ᠴᠢᠬᠤᠯᠠᠳᠠᠢ ᠪᠠᠶᠢᠨ᠎ᠠ᠃ | |