6 ᠰᠠᠷ᠎ᠠ ᠶᠢᠨ TOEFL᠂ IELTS᠂ GRE᠂ GMAT ᠵᠡᠷᠭᠡ 6 ᠵᠦᠢᠯ ᠤᠨ ᠬᠠᠷᠢ ᠶᠢᠨ ᠰᠢᠯᠭᠠᠯᠲᠠ ᠶᠢ ᠬᠦᠴᠦᠨ ᠦᠭᠡᠢ ᠪᠤᠯᠭᠠᠨ᠎ᠠ
ᠨᠡᠶᠢᠲᠡᠯᠡᠭᠰᠡᠨ ᠴᠠᠭ᠄
2020/6/2
       ᠠᠷᠠᠳ ᠤᠨ ᠰᠦᠯᠵᠢᠶ᠎ᠠ ᠶᠢᠨ ᠪᠡᠭᠡᠵᠢᠩ ᠤᠨ 5 ᠰᠠᠷ᠎ᠠ ᠶᠢᠨ 27 ᠤ ᠡᠳᠦᠷ ᠤᠨ ᠮᠡᠳᠡᠭᠡ ᠳᠤᠮᠳᠠᠳᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠰᠦᠯᠵᠢᠶ᠎ᠡ ᠶᠢᠨ ᠮᠡᠳᠡᠭᠡ ᠶᠢ ᠦᠨᠳᠦᠰᠦᠯᠡᠪᠡᠯ᠂ ᠰᠤᠷᠭᠠᠨ ᠬᠥᠮᠦᠵᠢᠯ ᠤᠨ ᠶᠠᠮᠤᠨ ᠤ ᠰᠢᠯᠭᠠᠯᠲᠠ ᠶᠢᠨ ᠲᠥᠪ 26 ᠤ ᠡᠳᠦᠷ 2020 ᠣᠨ ᠤ 6 ᠰᠠᠷ᠎ᠠ ᠶᠢᠨ ᠬᠠᠷᠢ ᠶᠢᠨ ᠰᠢᠯᠭᠠᠯᠲᠠ ᠳᠤ ᠲᠣᠬᠢᠷᠠᠭᠤᠯᠤᠯᠲᠠ  ᠬᠢᠬᠦ ᠲᠤᠬᠠᠶ ᠮᠡᠳᠡᠭᠳᠡᠯ ᠢ ᠳᠠᠷᠤᠮᠠᠯᠯᠠᠨ ᠲᠠᠷᠬᠠᠭᠠᠪᠠ᠃  ᠮᠡᠳᠡᠭᠳᠡᠯ ᠳᠤ᠂ 2020 ᠣᠨ ᠤ 6 ᠰᠠᠷ᠎ᠠ ᠶᠢᠨ ᠪᠣᠶ ᠪᠥᠬᠦᠶ TOEFL᠂ IELTS᠂ GRE᠂ GMAT ᠰᠢᠯᠭᠠᠯᠲᠠ ᠶᠢ  ᠬᠦᠴᠦᠨ ᠥᠬᠡᠶ ᠪᠣᠯᠭᠠᠵᠤ᠂ ᠰᠢᠯᠭᠠᠯᠲᠠ ᠶᠢᠨ ᠰᠦᠢᠳᠭᠡᠯ ᠢ ᠰᠢᠯᠭᠠᠭᠤᠯᠤᠭᠴᠢ ᠶᠢᠨ ᠬᠤᠪᠢ ᠬᠥᠮᠦᠨ ᠤ ᠨᠡᠷ᠎ᠡ ᠮᠡᠳᠡᠭᠦᠯᠦᠭᠰᠡᠨ ᠲᠠᠩᠰᠠᠨ ᠡᠷᠦᠬᠡ ᠳᠤ ᠪᠥᠬᠦ ᠲᠤᠭ᠎ᠠ ᠪᠠᠷ ᠨᠢ ᠪᠤᠴᠠᠭᠠᠨ᠎ᠠ ᠭᠡᠵᠦ ᠲᠤᠳᠤᠷᠬᠠᠢ ᠲᠤᠬᠳᠠᠭᠠᠪᠠ᠃        ᠮᠡᠳᠡᠭᠳᠡᠯ ᠳᠤ ᠪᠠᠰᠠ᠂ 2020 ᠣᠨ ᠤ 6 ᠰᠠᠷ᠎ᠠ ᠶᠢᠨ 28 ᠤ ᠡᠳᠦᠷ ᠰᠢᠯᠭᠠᠬᠤ LSAT ᠰᠢᠯᠭᠠᠯᠲᠠ ᠶᠢ ᠬᠦᠴᠦᠨ ᠥᠬᠡᠶ ᠪᠣᠯᠭᠠᠵᠤ᠂ ᠰᠢᠯᠭᠠᠯᠲᠠ ᠶᠢᠨ ᠰᠦᠢᠳᠬᠡᠯ ᠢ ᠰᠢᠯᠭᠠᠭᠤᠯᠤᠭᠴᠢ ᠶᠢᠨ ᠬᠤᠪᠢ ᠬᠥᠮᠦᠨ ᠤ ᠨᠡᠷ᠎ᠡ ᠮᠡᠳᠡᠭᠦᠯᠦᠭᠰᠡᠨ ᠲᠠᠩᠰᠠᠨ ᠡᠷᠦᠬᠡ ᠳᠤ ᠪᠥᠬᠦ ᠲᠤᠭ᠎ᠠ ᠪᠠᠷ ᠨᠢ ᠪᠤᠴᠠᠭᠠᠨ᠎ᠠ᠃ 2020 ᠣᠨ ᠤ 6 ᠰᠠᠷ᠎ᠠ ᠶᠢᠨ 20 ᠤ ᠡᠳᠦᠷ ᠰᠢᠯᠭᠠᠬᠤ ᠺᠠᠮᠪᠷᠢᠵ ᠤᠨ ᠨᠡᠶᠢᠳᠡᠮ ᠬᠡᠷᠡᠭᠯᠡᠭᠡᠨ ᠤ ᠠᠩᠭ᠍ᠯᠢ ᠬᠡᠯᠡᠨ ᠤ ᠲᠠᠪᠤᠳᠤᠭᠠᠷ ᠳᠡᠰ ᠤᠨ FCE ᠰᠢᠯᠭᠠᠯᠲᠠ ᠶᠢ ᠬᠦᠴᠦᠨ ᠥᠬᠡᠶ ᠪᠣᠯᠭᠠᠨ᠎ᠠ ᠭᠡᠵᠡᠢ᠃      
 
ᠢᠷᠡᠯᠲᠡ᠄ ᠠᠷᠠᠤᠨ ᠤᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号