ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠲᠤᠬᠠᠢ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ᠂ ᠰᠢᠨ᠎ᠡ ᠪᠠᠷᠭᠤ ᠪᠠᠷᠠᠭᠤᠨ ᠬᠤᠰᠢᠭᠤ ᠭᠤᠷᠪᠠᠨ ᠱᠠᠳᠤᠨ ᠤ ᠬᠠᠮ ᠵᠠᠭᠤᠴᠢᠯᠠᠭᠤᠷ ᠤᠨ ᠬᠠᠮᠳᠤᠷᠠᠭᠰᠠᠨ ᠰᠤᠷᠪᠤᠯᠵᠢᠯᠠᠭ᠎ᠠ ᠶᠢᠨ ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ
ᠨᠡᠶᠢᠲᠡᠯᠡᠭᠰᠡᠨ ᠴᠠᠭ᠄
2020/6/24
       ᠶᠡᠷᠦᠩᠬᠡᠶ ᠱᠦᠵᠢ ᠰᠢ ᠶᠢᠨ ᠫᠢᠩ ᠤᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠶ ᠴᠢᠬᠤᠯᠠ ᠥᠭᠦᠯᠡᠯᠲᠡ᠂ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ᠬᠥᠯᠥᠨ ᠪᠦᠢᠷ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠠᠯᠵᠢᠬᠤ ᠣᠷᠣᠨ ᠤ ᠤᠳᠤᠬᠢᠴᠢᠯᠠᠯᠳᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠨᠠᠶᠢᠳᠡᠪᠦᠷᠢᠵᠢᠭᠤᠯᠤᠨ ᠣᠯᠤᠭᠰᠠᠨ ᠱᠠᠲᠤ ᠥᠶᠡᠴᠢ ᠴᠢᠨᠠᠷᠲᠠᠢ ᠦᠷ᠎ᠡ ᠪᠦᠲᠦᠭᠡᠯ ᠢ ᠲᠡᠯᠭᠡᠨ ᠦᠵᠡᠬᠦᠯᠬᠦ ᠶᠢᠨ ᠲᠦᠯᠦᠭᠡ᠂ 6 ᠰᠠᠷ᠎ᠠ ᠶᠢᠨ 15 ᠤ ᠡᠳᠦᠷ ᠠᠴᠠ 18 ᠤ ᠡᠳᠦᠷ ᠪᠣᠯᠲᠠᠯ᠎ᠠ᠂ ᠬᠥᠯᠥᠨ ᠪᠤᠶᠢᠷ ᠬᠤᠲᠠ ᠳᠤ ᠰᠠᠭᠤᠭ᠎ᠠ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠵᠠᠭᠤᠴᠢᠯᠠᠭᠤᠷ᠂ ᠬᠦᠯᠦᠨ ᠪᠦᠢᠷ ᠬᠤᠳᠠ ᠶᠢᠨ ᠰᠢᠭᠤᠳ ᠬᠠᠷᠢᠶ᠎ᠡ ᠵᠠᠭᠤᠴᠢᠯᠠᠭᠤᠷ ᠪᠤᠯᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠬᠠᠮᠲᠤᠷᠠᠨ᠂ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠬᠦᠴᠦᠨ ᠪᠦᠬᠦᠢ ᠠᠷᠭ᠎ᠠ ᠬᠡᠮᠵᠢᠶ᠎ᠡ ᠶᠢ ᠤᠬᠠᠭᠤᠯᠤᠨ ᠮᠡᠳᠡᠬᠦᠯᠵᠦ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠭᠦᠸᠧ ᠯᠢᠶᠠᠩ ᠪᠠᠷ᠎ᠠ ᠪᠤᠯᠤᠯᠴᠠᠨ ᠰᠤᠷᠪᠤᠯᠵᠢᠯᠠᠭ᠎ᠠ ᠬᠢᠪᠡ᠃
       ᠠᠵᠢᠯᠯᠠᠭᠠᠨ ᠤ ᠳᠤᠮᠳᠠ᠂ ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠡ ᠶᠢᠨ ᠬᠥᠯᠥᠨ ᠪᠤᠶᠢᠷ ᠲᠤ ᠰᠠᠭᠤᠭ᠎ᠠ ᠬᠤᠪᠢᠶᠠᠷᠢ ᠬᠤᠷᠢᠶ᠎ᠠ᠂ ᠦᠪᠦᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠬᠥᠯᠥᠨ ᠪᠤᠶᠢᠷ ᠬᠤᠲᠠ ᠳᠤ ᠰᠠᠭᠤᠭ᠎ᠠ ᠰᠤᠷᠪᠤᠯᠵᠢᠯᠠᠭᠴᠢ ᠶᠢᠨ ᠦᠷᠳᠡᠭᠡ ᠵᠢᠴᠢ ᠬᠥᠯᠥᠨ ᠪᠤᠶᠢᠷ ᠬᠤᠲᠠ ᠶᠢᠨ ᠡᠳᠦᠷ ᠤᠨ ᠰᠣᠨᠢᠨ ᠤ ᠬᠤᠷᠢᠶ᠎ᠠ᠂ ᠬᠥᠯᠥᠨ ᠪᠤᠶᠢᠷ ᠬᠤᠲᠠ ᠶᠢᠨ ᠷᠠᠳᠢᠣ᠋ ᠲᠧᠯᠸᠢᠰ ᠬᠤᠷᠢᠶ᠎ᠠ ᠵᠢᠴᠢ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠤᠨ10 ᠭᠠᠷᠤᠶ ᠰᠤᠷᠪᠤᠯᠵᠢᠯᠠᠭᠴᠢ᠂ ᠠᠯᠳ᠋ᠬᠠᠮᠡᠭᠡᠯ ᠪᠠᠯᠭᠠᠰᠤ ᠶᠢᠨ ︽ᠳᠣᠯᠣᠭᠠᠨ ᠭᠠᠴᠠᠭ᠎ᠠ ᠲᠣᠰᠬᠤᠨ ᠢ ᠨᠢᠭᠡ ᠴᠤᠭᠴᠠᠵᠢᠭᠤᠯᠬᠤ︾᠂ ᠠᠯᠳ᠋ᠬᠠᠮᠡᠭᠡᠯ ᠪᠠᠯᠭᠠᠰᠦ ᠶᠢᠨ ᠡᠷᠭᠡᠳᠦ ᠦᠷ᠎ᠠ ᠶᠢᠨ ᠮᠠᠯ ᠤᠨ ᠰᠠᠭᠤᠷᠢᠨ ᠭᠠᠵᠠᠷ ᠤᠨ ᠰᠢᠯᠢᠳᠡᠭ ᠡᠭᠦᠯᠳᠡᠷ ᠤᠨ ᠬᠤᠨᠢ ᠶᠢ ᠰᠣᠩᠭᠤᠨ ᠪᠤᠶᠢᠵᠢᠭᠤᠯᠬᠤ ᠪᠠ ᠥᠷᠭᠡᠳᠬᠡᠨ ᠦᠷᠡᠵᠢᠭᠦᠯᠬᠦ᠂ ᠮᠠᠩᠯᠠᠢ ᠮᠠᠯᠵᠢᠯ ᠤᠨ ᠲᠤᠰᠬᠠᠶ ᠬᠤᠷᠰᠢᠶᠠᠵᠢᠯ ᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ᠂ ᠣᠯᠠᠨ ᠵᠦᠢᠯ ᠤᠨ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠵᠠᠭᠪᠤᠷ ᠵᠢᠴᠢ ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠤᠨ ᠠᠵᠢᠯ ᠢ ᠥᠷᠨᠢᠭᠦᠯᠦᠭᠰᠡᠨ ᠪᠠᠶᠢᠳᠠᠯ᠂ ᠲᠠᠯ᠎ᠠ ᠨᠤᠲᠤᠭ ᠤᠨ ᠠᠮᠢ ᠠᠬᠤᠶ ᠶᠢ ᠬᠠᠮᠠᠭᠠᠯᠠᠬᠤ ᠵᠢᠴᠢ ᠤᠮᠠᠷᠠᠳᠦ ᠶᠢᠨ ᠪᠡᠯᠴᠢᠭᠡᠷ ᠢ ᠬᠠᠮᠠᠭᠠᠯᠠᠨ ᠰᠡᠷᠭᠦᠭᠡᠬᠦ᠂ ᠪᠤᠶᠢᠷ ᠰᠤᠮᠤᠨ ᠤ ᠤᠯᠠᠮᠵᠢᠯᠠᠯᠳᠦ ᠴᠠᠭᠠᠨ ᠢᠳᠡᠭᠡ ᠪᠤᠯᠪᠠᠰᠤᠷᠠᠭᠤᠯᠬᠤ ᠵᠡᠷᠭᠡ ᠲᠠᠯ᠎ᠠ ᠪᠠᠷ ᠪᠤᠳᠠᠳᠦ ᠭᠠᠵᠠᠷ ᠲᠤᠨᠢ ᠬᠦᠷᠴᠦ ᠰᠤᠷᠪᠤᠯᠵᠢᠯᠠᠭᠰᠠᠨ ᠪᠠᠶᠢᠨ᠎ᠠ᠃
        ᠰᠤᠷᠪᠤᠯᠵᠢᠯᠠᠬᠤ ᠶᠠᠪᠤᠴᠠ ᠳᠤ᠂ ᠡᠯ᠎ᠡ ᠵᠠᠭᠤᠴᠢᠯᠠᠭᠤᠷ ᠤᠨ ᠰᠤᠷᠪᠤᠯᠵᠢᠯᠠᠭᠴᠢᠳ ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠠᠵᠢᠯᠲᠠᠳ ᠲᠠᠢ ᠰᠠᠨᠠᠯ ᠢᠶᠠᠨ ᠰᠤᠯᠢᠯᠴᠠᠨ᠂ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠳᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠵᠠᠭᠪᠤᠷ᠂ ᠬᠢᠯᠢ ᠪᠠᠨ ᠮᠠᠨᠳᠤᠭᠤᠯᠤᠨ ᠠᠷᠠᠳ ᠢ ᠪᠠᠶᠠᠵᠢᠭᠤᠯᠬᠤ᠂ ᠠᠵᠤ ᠦᠢᠯᠡᠰ ᠤᠨ ᠳᠡᠰ ᠲᠡᠪᠰᠢᠬᠦᠯᠬᠦ᠂ ᠠᠮᠢ ᠠᠬᠤᠢ ᠶᠢ ᠬᠠᠮᠠᠭᠠᠯᠠᠬᠤ ᠵᠡᠷᠭᠡ ᠲᠠᠯ᠎ᠠ ᠶᠢᠨ ᠨᠡᠶᠢᠲᠡᠯᠢᠭ ᠲᠤᠷᠰᠢᠯᠭ᠎ᠠ ᠶᠢ ᠭᠦᠨᠵᠡᠭᠡᠢ  ᠠᠭᠤᠳᠠᠯᠤᠨ ᠲᠡᠮᠳᠡᠭᠯᠡᠵᠡᠢ᠃
       ᠲᠤᠰ ᠤᠳᠠᠭᠠᠨ ᠤ ᠬᠠᠮᠲᠤᠷᠠᠭᠰᠠᠨ ᠰᠤᠷᠪᠤᠯᠵᠢᠯᠠᠭ᠎ᠠ ᠶᠢᠨ ᠠᠵᠢᠯᠯᠠᠭ᠎ᠠ ᠪᠠᠷ ᠲᠡᠮᠵᠢᠨ᠂ ᠦᠰᠦᠭ ᠪᠢᠴᠢᠭ᠂ ᠭᠡᠷᠡᠯ ᠵᠢᠷᠤᠭ᠂ ᠸᠢᠳᠢᠣ᠋ ᠵᠡᠷᠭᠡ ᠬᠠᠮ ᠵᠠᠭᠤᠴᠢᠯᠠᠭᠤᠷ ᠤᠨ ᠮᠡᠳᠡᠭᠡᠯᠡᠯ ᠤᠨ ᠠᠷᠭ᠎ᠠ ᠪᠠᠷᠢᠯ ᠢᠶᠠᠷ ᠦᠨᠳᠦᠰᠦᠨ ᠱᠠᠲᠤᠨ ᠤ ᠺᠠᠳ᠋ᠷ᠂ ᠬᠤᠷᠰᠢᠶᠠᠵᠢᠯ ᠤᠨ ᠳᠠᠭᠠᠭᠤᠯᠤᠭᠴᠢ᠂ ᠭᠠᠴᠠᠭ᠎ᠠ ᠲᠣᠰᠬᠤᠨ ᠤ ᠬᠤᠶᠠᠷ ᠵᠥᠪᠯᠡᠯ᠂ ᠮᠠᠯᠴᠢᠳ ᠤᠨ ᠲᠥᠯᠥᠭᠡᠯᠡᠭᠴᠢ ᠵᠡᠷᠭᠡ ᠨᠡᠶᠢᠲᠡᠯᠢᠭ ᠬᠥᠮᠦᠰ ᠢ ᠲᠥᠪᠯᠡᠷᠡᠭᠦᠯᠦᠨ ᠮᠡᠳᠡᠭᠡᠯᠡᠵᠦ᠂ ᠢᠯᠠᠩᠭᠤᠶ᠎ᠠ ᠮᠠᠯᠴᠢᠳ ᠤᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠳᠠ ᠲᠤᠮᠳᠠᠬᠢ ᠬᠦᠷᠳᠡᠮᠵᠢ ᠶᠢᠨ ᠲᠦᠷᠦᠭᠳᠡᠯ᠂ ᠵᠣᠯ ᠵᠢᠷᠭᠠᠯᠳᠦ ᠲᠦᠷᠦᠭᠳᠡᠯ ᠢ ᠮᠡᠳᠡᠭᠡᠯᠡᠭᠰᠡᠨ ᠪᠠᠶᠢᠨ᠎ᠠ᠃                              ᠤᠷᠴᠢᠭᠤᠯᠤᠭᠴᠢ᠄ ᠣᠳᠣᠨᠭᠡᠷᠡᠯ    
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号