ᠢᠤᠢ ᠯᠢ ᠰᠢᠨ ᠮᠠᠨ ᠤ ᠬᠤᠰᠢᠭᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠱᠠᠯᠠᠪᠳᠠᠭᠤᠯᠤᠨ ᠵᠢᠯᠣᠭᠤᠳᠬᠤ ᠳᠠᠭᠠᠨ ᠴᠢᠬᠤᠯᠠᠴᠢᠯᠠᠭᠰᠠᠨ ᠨᠢ᠄ ᠪᠣᠳᠠᠲᠠᠶ ᠳᠤ ᠰᠠᠭᠤᠷᠢᠯᠠᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠳᠡ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠲᠦᠯᠬᠢᠨ ᠠᠬᠢᠭᠤᠯᠬᠤ ᠵᠡᠷᠭᠡ ᠭᠤᠤᠯᠳᠠᠯᠭ᠎ᠠ ᠲᠠᠢ ᠠᠵᠢᠯ ᠢ ᠢᠳᠡᠪᠬᠢᠲᠡᠶ ᠰᠦᠪᠡᠭᠴᠢᠯᠡᠬᠦ ᠬᠡᠷᠡᠭᠲᠡᠶ
ᠨᠡᠶᠢᠲᠡᠯᠡᠭᠰᠡᠨ ᠴᠠᠭ᠄
2020/6/24
       ᠦᠢᠷ᠎ᠠ ᠳᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠱᠦᠵᠢ ᠢᠦᠶ ᠯᠢ ᠰᠢᠨ ᠮᠠᠨ ᠤ ᠬᠤᠰᠢᠭᠤᠨ ᠳᠤ ᠭᠦᠨᠵᠡᠭᠡᠶᠢᠷᠡᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠪᠠ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ᠂ ᠦᠨᠳᠦᠰᠦᠲᠡᠨ ᠤ ᠪᠦᠯᠬᠦᠮᠳᠡᠯ ᠵᠡᠷᠭᠡ ᠭᠤᠤᠯᠳᠠᠯᠭ᠎ᠠ ᠲᠠᠢ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠴᠤ᠂ ᠬᠤᠲᠠ ᠶᠢᠨ ᠤᠳᠤᠷᠢᠳᠤᠯᠭ᠎ᠠ ᠵᠠᠩ ᡁᠢ᠂ ᠷᠧᠨ ᠢᠦᠶ ᠵᠢᠶᠠᠩ ᠤᠷᠤᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠨᠠᠷᠠᠰᠤ ᠪᠠᠷ᠎ᠠ ᠪᠤᠯᠤᠯᠴᠠᠵᠠᠢ᠃
       ᠢᠦᠶ ᠯᠢ ᠰᠢᠨ ᠠᠯᠳ᠋ᠬᠠᠮᠡᠭᠡᠯ ᠪᠠᠯᠭᠠᠰᠦ ᠶᠢᠨ ᠰᠢᠷᠠᠲᠠᠯ᠎ᠠ ᠭᠠᠴᠠᠭᠠᠨ ᠤ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ᠂ ᠤᠰᠤᠨ ᠤ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ PPP ᠲᠥᠷᠥᠯ ᠵᠦᠢᠯ ᠤᠨ ᠪᠠᠷᠢᠯᠭ᠎ᠠ ᠶᠢᠨ ᠲᠤᠬᠠᠶ ᠶᠢᠨ ᠲᠡᠯᠡᠪᠦᠷ ᠪᠣᠯᠤᠨ ᠬᠡᠷᠦᠯᠦᠨ ᠰᠤᠮᠤ ᠶᠢᠨ ᠮᠠᠩᠯᠠᠢ ᠮᠠᠯᠵᠢᠯ ᠤᠨ ᠲᠤᠰᠬᠠᠶ ᠬᠤᠷᠰᠢᠶᠠᠵᠢᠯ᠂ ᠮᠢᠵᠢᠭ ᠭᠡᠷ ᠪᠦᠯᠢ ᠶᠢᠨ ᠮᠠᠯᠵᠢᠯ ᠤᠨ ᠲᠠᠯᠠᠪᠠᠶ ᠵᠡᠷᠭᠡ ᠭᠠᠵᠠᠷ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠬᠦ ᠶᠢᠨ ᠲᠠᠭᠠᠤ᠂ ᠶᠠᠷᠢᠯᠴᠠᠬᠤ ᠬᠤᠷᠠᠯ ᠬᠢᠵᠦ᠂ ᠠᠵᠤ ᠦᠢᠯᠡᠰ ᠤᠨ ᠬᠥᠭᠵᠢᠯᠲᠡ᠂ ᠡᠵᠡᠩᠨᠡᠯᠲᠡ ᠶᠢᠨ ᠵᠠᠭᠪᠤᠷ᠂ ᠰᠠᠭᠤᠷᠢ ᠲᠦᠬᠦᠭᠡᠷᠤᠮᠵᠢ ᠶᠢᠨ ᠪᠦᠲᠦᠭᠡᠨ ᠪᠠᠶᠢᠭᠤᠯᠤᠯᠲᠠ ᠵᠡᠷᠭᠡ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠡᠯ ᠢ ᠨᠠᠷᠢᠯᠢᠭ ᠣᠶᠢᠯᠠᠭᠠᠵᠤ᠂ ᠮᠠᠯᠴᠢᠨ ᠲᠦᠮᠡᠨ ᠤ ᠬᠤᠷᠰᠢᠶᠠᠵᠢᠯ ᠳᠤ ᠬᠤᠪᠢ ᠣᠷᠣᠭᠤᠯᠤᠭᠰᠠᠨ ᠤ ᠳᠠᠷᠠᠭᠠᠬᠢ ᠦᠢᠯᠡᠳᠪᠦᠷᠢᠯᠡᠯ ᠠᠮᠢᠳᠤᠷᠠᠯ ᠤᠨ ᠬᠤᠪᠢᠷᠠᠯᠲᠠ ᠶᠢ ᠠᠰᠠᠭᠤᠨ ᠯᠠᠪᠯᠠᠵᠠᠢ᠃ ᠮᠠᠯᠴᠢᠨ ᠵᠠᠮᠪᠠᠯᠪᠠᠪᠤᠤ ᠶᠢᠨ ᠬᠢᠨ ᠳᠤ ᠬᠦᠷᠴᠦ᠂ ᠲᠡᠳᠡᠨ ᠤ ᠮᠠᠯ ᠤᠨᠤᠭ᠎ᠠ᠂ ᠨᠤᠳᠤᠭ ᠪᠡᠯᠴᠢᠭᠡᠷ ᠢᠶᠠᠷ ᠬᠤᠷᠰᠢᠶᠠᠵᠢᠯ ᠳᠤ ᠬᠤᠪᠢ ᠤᠷᠤᠭᠰᠠᠨ ᠤ ᠳᠠᠷᠠᠭ᠎ᠠ ᠤᠷᠤᠯᠭ᠎ᠠ ᠨᠡᠮᠡᠭᠳᠡᠵᠦ᠂ ᠠᠮᠢᠳᠤᠷᠠᠯ ᠰᠠᠶᠢᠵᠢᠷᠠᠭᠰᠠᠨ ᠢ ᠤᠶᠢᠯᠠᠭᠠᠭᠠᠳ ᠢᠦᠢ ᠯᠢ ᠰᠢᠨ ᠲᠦᠢᠯ ᠢᠶᠠᠷ ᠪᠠᠶᠠᠷᠯᠠᠨ᠂ ᠲᠡᠷᠡ ᠵᠢᠭᠠᠵᠤ ᠭᠠᠷᠭᠠᠭᠰᠠᠨ ᠨᠢ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠬᠢᠬᠦ ᠪᠣᠯ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠦᠷᠢ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠠᠮᠢ ᠠᠬᠤᠶ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠥᠬᠡᠶ ᠬᠦᠭᠵᠢᠭᠦᠯᠭᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ ᠪᠣᠳᠠᠲᠠᠶ ᠦᠢᠯᠡᠳᠤᠯᠭᠡ ᠮᠥᠨ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠳᠠᠯᠠᠨ᠂ ᠪᠣᠳᠠᠲᠤ ᠪᠠᠶᠢᠳᠡᠯ ᠳᠤ ᠰᠠᠭᠤᠷᠢᠯᠠᠵᠤ᠂ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ᠂ ᠦᠢᠯᠡᠳᠪᠦᠷᠢᠯᠡᠯ ᠡᠵᠡᠩᠨᠡᠯᠲᠡ ᠶᠢᠨ ᠳᠦᠷᠢᠮ ᠤᠨ ᠰᠢᠨ᠎ᠡ ᠶᠢ ᠡᠭᠦᠳᠬᠦ ᠪᠠ ᠠᠮᠢ ᠠᠬᠤᠶ ᠶᠢ ᠬᠠᠮᠠᠭᠠᠯᠠᠬᠤ ᠪᠠᠷ ᠭᠤᠤᠯᠳᠠᠯᠭ᠎ᠠ ᠪᠤᠯᠭᠠᠨ᠂ ᠬᠠᠷᠠᠯᠲᠠ ᠪᠠᠨ ᠲᠤᠭᠳᠠᠭᠠᠵᠤ ᠪᠦᠬᠦ ᠬᠦᠴᠦᠨ ᠢᠶᠠᠷ ᠢᠶᠠᠨ ᠲᠦᠯᠬᠢᠨ  ᠠᠬᠢᠭᠤᠯᠵᠤ᠂ ᠨᠠᠩ ᠤᠷᠲᠤ ᠬᠤᠭᠤᠴᠠᠭᠠᠨ ᠤ ᠪᠦᠳᠤᠮᠵᠢᠳᠡᠢ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠠᠶᠢᠭᠤᠯᠤᠨ᠂ ᠠᠮᠢ ᠠᠬᠤᠢ᠂ ᠦᠢᠯᠡᠳᠪᠦᠷᠢᠯᠡᠯ᠂ ᠠᠮᠢᠳᠤᠷᠠᠯ ᠭᠤᠷᠪᠠᠨ ᠲᠠᠯ᠎ᠠ ᠪᠠᠷ ᠢᠯᠡᠯᠳᠡ ᠤᠯᠬᠤ ᠶᠢ ᠪᠠᠶᠠᠯᠡᠬᠦᠯᠵᠦ᠂ ᠮᠠᠯᠵᠢᠬᠤ ᠣᠷᠣᠨ ᠤ ᠬᠥᠭᠵᠢᠯᠲᠡ ᠶᠢ ᠨᠠᠩ ᠲᠡᠭᠦᠯᠳᠡᠷ᠂ ᠨᠠᠩ ᠪᠠᠲᠤᠯᠠᠭ᠎ᠠ ᠲᠠᠢ᠂ ᠨᠠᠩ ᠦᠷᠬᠦᠯᠵᠢᠯᠡᠯ ᠴᠢᠨᠠᠷ ᠲᠠᠢ ᠪᠤᠯᠭᠠᠨ᠎ᠠ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠨ᠂ ᠬᠢᠵᠢᠭ ᠤᠨ ᠪᠠᠶᠢᠳᠠᠯ ᠢ ᠪᠠᠶᠢᠩᠭᠤ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠠᠮᠢ ᠠᠬᠤᠶ ᠶᠢᠨ ᠠᠵᠤ ᠦᠢᠯᠡᠰᠵᠢᠬᠦ᠂ ᠠᠵᠤ ᠦᠢᠯᠡᠰ ᠤᠨ ᠠᠮᠢ ᠠᠬᠤᠶᠢᠴᠢᠯᠠᠬᠤ ᠲᠣᠭᠤᠷᠢᠨ ᠳᠤ ᠢᠵᠢ ᠪᠦᠷᠢᠳᠦᠭᠦᠯᠬᠦ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠠᠵᠢᠯᠯᠠᠭᠠᠨ ᠤ ᠵᠠᠭᠪᠤᠷ ᠢ ᠲᠦᠷᠢᠮᠵᠢᠭᠦᠯᠦᠨ᠂ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠨ᠂ ᠲᠤᠷᠰᠢᠯᠲᠠ ᠶᠢᠨ ᠴᠡᠭ ᠤᠨ ᠠᠵᠢᠯ ᠤᠨ ᠱᠠᠳᠤᠴᠢ ᠴᠢᠨᠠᠷᠲᠠᠶ ᠦᠷ᠎ᠡ ᠪᠦᠲᠦᠭᠡᠯ ᠢ ᠰᠠᠶᠢᠲᠤᠷ ᠳᠡᠯᠭᠡᠨ ᠦᠵᠡᠭᠦᠯᠵᠦ᠂ ᠮᠠᠯᠵᠢᠬᠤ ᠣᠷᠣᠨ ᠤ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠶ ᠭᠡᠵᠡᠢ᠃
       ᠣᠯᠠᠭᠠᠨᠨᠠᠭᠤᠷ ᠬᠠᠮᠢᠶᠠᠷᠤᠨ ᠬᠠᠮᠠᠭᠠᠯᠠᠬᠤ ᠥᠷᠲᠡᠭᠡ᠂ ᠪᠠᠷᠭᠤ ᠵᠡᠭᠡᠷ᠎ᠡ ᠶᠢᠨ ᠥᠪᠡᠷᠲᠡᠭᠡᠨ ᠵᠠᠰᠠᠬᠤ ᠣᠷᠣᠨ ᠤ ᠲᠡᠰ ᠤᠨ ᠬᠠᠮᠠᠭᠠᠯᠠᠯᠲᠠ ᠶᠢᠨ ᠣᠷᠣᠨ᠂ ᠬᠡᠷᠦᠯᠦᠨ ᠭᠤᠤᠯ ᠤᠨ ᠡᠷᠭᠢ ᠳᠠᠭᠠᠤ ᠭᠠᠵᠠᠷ ᠲᠤ᠂ ᠢᠦᠶ ᠯᠢ ᠰᠢᠨ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠠᠮᠢ ᠠᠬᠤᠶ ᠶᠢ ᠵᠠᠰᠠᠨ ᠰᠡᠷᠬᠦᠭᠡᠬᠦ᠂ ᠬᠡᠭᠡᠷ᠎ᠡ ᠶᠢᠨ ᠠᠮᠢᠲᠠᠨ ᠤᠷᠭᠤᠮᠠᠯ ᠢ ᠬᠠᠮᠠᠭᠠᠯᠠᠬᠤ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠦᠢᠯᠡᠳᠤᠯᠭᠡᠵᠢᠭᠦᠯᠵᠦ᠂ ᠬᠥᠯᠥᠨ ᠨᠠᠭᠤᠷ ᠤᠨ ᠰᠠᠪᠠ ᠭᠠᠵᠠᠷ ᠤᠨ ᠠᠶᠦᠯᠬᠦᠢ ᠤᠰᠤ ᠤᠮᠳᠠ᠂ ᠡᠯᠡᠰᠦᠷᠬᠡᠭ ᠭᠠᠵᠠᠷ ᠢ ᠵᠠᠰᠠᠬᠤ ᠬᠤᠶᠠᠳᠤᠭᠠᠷ ᠬᠤᠭᠤᠴᠠᠭᠠᠨ ᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠭᠤᠤᠯ ᠨᠠᠭᠤᠷ ᠢ ᠬᠠᠮᠢᠶᠠᠷᠴᠦ ᠲᠠᠷᠤᠭ᠎ᠠ ᠶᠢᠨ ᠲᠤᠭᠤᠷᠢᠨ ᠳᠤ ᠬᠠᠮᠠᠭᠠᠯᠠᠬᠤ ᠶᠢ ᠪᠠᠶᠢᠩᠭᠤᠴᠢᠯᠠᠬᠤ ᠶᠢ ᠪᠠᠷᠢᠮᠲᠠᠯᠠᠵᠤ᠂ ᠶᠡᠷᠦᠩᠭᠡᠶᠢᠯᠡᠨ ᠵᠠᠰᠠᠬᠤ ᠠᠵᠢᠯ ᠰᠢᠨ᠎ᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠬᠠᠮᠠᠭᠠᠯᠠᠯᠲᠠ ᠶᠢᠨ ᠣᠷᠣᠨ ᠤ ᠵᠠᠭᠠᠭ ᠬᠠᠶᠢᠵᠤ ᠪᠠᠷᠢᠮᠵᠢᠶ᠎ᠠ ᠲᠣᠭᠲᠠᠭᠠᠬᠤ᠂ ᠠᠮᠢᠳᠡᠨ ᠰᠢᠯᠵᠢᠨ ᠨᠡᠭᠦᠳᠡᠯᠯᠡᠬᠦ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠲᠦᠷᠭᠡᠳᠬᠡᠨ ᠪᠡᠶᠡᠯᠡᠭᠦᠯᠵᠦ᠂ ᠶᠡᠷᠦᠩᠭᠡᠶᠢᠯᠡᠨ ᠬᠠᠮᠢᠶᠠᠷᠤᠨ ᠬᠠᠮᠠᠭᠠᠯᠠᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ ᠭᠡᠪᠡ᠃
       ᠪᠠᠶᠢᠴᠠᠭᠠᠨ ᠰᠤᠳᠤᠯᠤᠯᠲᠠ ᠶᠢᠨ ᠳᠤᠮᠳᠠ᠂ ᠢᠦᠶ ᠯᠢ ᠰᠢᠨ ᠪᠠᠰᠠ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠪᠠ ᠬᠠᠤᠯᠢ ᠴᠠᠭᠠᠵᠠ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠲᠤᠬᠠᠶ ᠱᠠᠭᠠᠷᠳᠠᠯᠭ᠎ᠠ ᠳᠤᠷᠠᠳᠪᠠ᠃
                                 ᠤᠷᠴᠢᠭᠤᠯᠤᠭᠴᠢ᠄ ᠣᠳᠣᠨᠭᠡᠷᠡᠯ                      
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号