ᠬᠦᠯᠦᠨ ᠪᠤᠶᠢᠷ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶᠡᠨ ᠴᠤᠭᠯᠠᠷᠠᠯ ᠤᠨ ᠠᠵᠢᠯᠯᠠᠭᠰᠠᠳ ᠰᠢᠭᠤᠳ ᠨᠡᠪᠲᠡᠷᠡᠭᠦᠯᠭᠡ ᠶᠢᠨ ᠮᠡᠷᠭᠡᠵᠢᠯ ᠤᠨ ᠪᠤᠯᠪᠠᠰᠤᠷᠠᠭᠤᠯᠤᠯ ᠬᠦᠷᠲᠡᠪᠡ
ᠨᠡᠶᠢᠲᠡᠯᠡᠭᠰᠡᠨ ᠴᠠᠭ᠄
2020/6/24
             ᠮᠠᠨ ᠤ ᠬᠤᠳᠠ ᠶᠢᠨ ᠰᠦᠯᠵᠢᠶᠡᠨ ᠴᠡᠭ ᠤᠨ ᠬᠠᠮᠢᠶᠠᠷᠤᠯᠳᠠ ᠶᠢᠨ ᠠᠵᠢᠯ ᠢ ᠴᠢᠩᠭᠠᠳᠬᠠᠵᠤ᠂ ᠰᠦᠯᠵᠢᠶᠡᠨ ᠴᠡᠭ ᠤᠨ ᠠᠵᠢᠯᠯᠠᠭᠰᠠᠳ ᠤᠨ ᠮᠡᠷᠬᠡᠵᠢᠯ ᠤᠨ ᠬᠢᠷᠢ ᠳᠦᠪᠰᠢᠨ ᠢ ‍ᠤᠯᠠᠮ ᠨᠢᠭᠡ ᠠᠯᠬᠤᠮ ᠳᠡᠭᠡᠭᠰᠢᠯᠡᠬᠦᠯᠬᠦ ᠶᠢᠨ ᠳᠦᠯᠦᠬᠡ 6 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠬᠦᠯᠦᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠤᠷᠴᠢᠭᠤᠯᠭ᠎ᠠ ᠶᠢᠨ ᠰᠠᠯᠠᠭᠠᠨ ᠤ ᠭᠤᠶᠤᠴᠢᠯᠠᠯ ᠢᠶᠠᠷ ᠦᠪᠦᠷ ᠮᠤᠩᠭᠤᠯ ᠤᠨ ᠰᠦᠯᠵᠢᠶᠡᠨ ᠴᠤᠭᠯᠠᠷᠠᠯ ᠤᠨ ᠮᠡᠷᠬᠡᠵᠢᠯ ᠤᠨ ᠵᠦᠪᠯᠡᠭᠴᠢ ᠰᠡᠴᠡᠨᠲ᠋ᠤᠯᠭᠤᠷ ᠪᠠᠭᠰᠢ ᠶᠢ ᠤᠷᠢᠨ ᠮᠤᠩᠭᠤᠯ ᠰᠦᠯᠵᠢᠶᠡᠨ ᠴᠡᠭ ᠤᠨ ᠠᠵᠢᠯᠯᠠᠭᠰᠠᠳ ᠲᠤ ᠪᠤᠯᠪᠠᠰᠤᠷᠠᠭᠤᠯᠤᠯ ᠬᠦ᠋ᠷᠳᠡᠭᠡᠪᠡ᠃ ᠬᠦᠯᠦᠨ ᠪᠤᠶᠢᠷ ᠬᠤᠳᠠ ᠶᠢᠨ ᠠᠷᠠᠳ ᠤᠨ ᠵᠠᠰᠠᠭ ᠤᠨ ᠤᠷᠳᠤᠨ ᠪᠠ 14 ᠬᠤᠰᠢᠭᠤ ᠬᠤᠳᠠ ᠲᠤᠭᠤᠷᠢᠭ ᠵᠢᠴᠢ ᠪᠤᠰᠤᠳ ᠠᠶᠢᠮᠠᠭ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠤᠩᠭᠤᠯ ᠰᠦᠯᠵᠢᠶᠡᠨ ᠴᠤᠭᠯᠠᠷᠠᠯ ᠤᠨ ᠠᠵᠢᠯᠯᠠᠭᠰᠠᠳ‌ᠢᠳᠡᠪᠬᠢᠳᠡᠢ ᠤᠷᠤᠯᠴᠠᠭᠰᠠᠨ ᠪᠠᠶᠢᠨ᠎ᠠ᠃
       ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠠᠴᠠ ᠪᠤᠯᠵᠤ ᠲᠦᠪᠯᠡᠷᠡᠬᠦᠯᠦᠨ ᠪᠤᠯᠪᠠᠰᠤᠷᠠᠭᠤᠯᠤᠯ ᠬᠦᠷᠳᠡᠬᠡᠵᠤ ᠪᠤᠯᠬᠤ ᠦᠬᠡᠢ ᠪᠠᠶᠢᠳᠠᠯ ᠢ ᠦᠨᠳᠦᠰᠦᠯᠡᠨ᠂ ᠲᠤᠰ ᠤᠳᠠᠭᠠᠨ ᠤ ᠪᠤᠯᠪᠠᠰᠤᠷᠠᠭᠤᠯᠤᠯ ᠢ ︽ᠬᠦᠲᠦᠴᠢ︾ ᠰᠢᠭᠤᠳ ᠨᠡᠪᠳᠡᠷᠡᠬᠦᠯᠬᠡ ᠶᠢᠨ ᠳᠠᠪᠴᠠᠩ ᠢᠶᠠᠷ ᠳᠠᠮᠵᠢᠨ ᠡᠷᠬᠢᠯᠡᠵᠡᠢ᠃
         ᠲᠤᠰ ᠤᠳᠠᠭᠠᠨ ᠤ ᠪᠤᠯᠪᠠᠰᠤᠷᠠᠭᠤᠯᠤᠯ ᠳᠤ ᠭᠤᠤᠯᠳᠠᠭᠤ ᠰᠦᠯᠵᠢᠶᠡᠨ ᠨᠢᠭᠤᠷ ᠲᠤ ᠠᠭᠤᠯᠭ᠎ᠠ ᠤᠷᠤᠭᠤᠯᠬᠤ᠂ ᠬᠢᠨᠠᠨ ᠪᠠᠶᠢᠴᠠᠭᠠᠬᠤ᠂ ᠨᠡᠶᠢᠳᠡᠯᠡᠬᠦ᠂ ᠵᠠᠰᠠᠪᠤᠷᠢ ᠤᠷᠤᠭᠤᠯᠬᠤ ᠵᠡᠷᠭᠡ ᠦᠨᠳᠦᠰᠦᠨ ᠠᠵᠢᠯ ᠪᠠ ᠰᠦᠯᠵᠢᠶᠡᠨ ᠴᠡᠭ ᠤᠨ ᠮᠡᠷᠬᠡᠵᠢᠯ ᠤᠨ ᠦᠢᠯᠡᠴᠢᠯᠡᠭᠡ ᠵᠢᠴᠢ ᠰᠦᠯᠵᠢᠶᠡᠨ ᠴᠡᠭ ᠤᠨ ᠬᠠᠮᠢᠶᠠᠷᠤᠯᠳᠠ ᠵᠡᠷᠬᠡ ᠬᠡᠳᠦᠨ ᠲᠠᠯ᠎ᠠ ᠠᠴᠠ ᠠᠵᠢᠯ ᠮᠡᠷᠬᠡᠵᠢᠯ ᠤᠨ ᠪᠤᠯᠪᠠᠰᠤᠷᠠᠭᠤᠯᠤᠯ ᠬᠦᠷᠲᠡᠭᠡᠭᠰᠡᠨ ᠪᠠᠶᠢᠨ᠎ᠠ᠃ ᠪᠤᠳᠠᠳᠠᠢ ᠠᠭᠤᠯᠭ᠎ᠠ ᠳᠤ ᠭᠤᠤᠯᠳᠠᠭᠤ᠄ ᠰᠦᠯᠵᠢᠶᠡᠨ ᠬᠠᠶ᠋ᠢᠭ ᠲᠤ ᠵᠠᠰᠠᠪᠤᠷᠢ ᠤᠷᠤᠭᠤᠯᠬᠤ᠂ ᠰᠦᠯᠵᠢᠶᠡᠨ ᠨᠢᠭᠤᠷ ᠲᠤ ᠳᠤᠬᠢᠷᠠᠭᠤᠯᠤᠯᠳᠠ ᠬᠢᠬᠦ᠂ ᠲᠤᠭ᠎ᠠ ᠪᠠᠷᠢᠮᠳᠠ ᠶᠢᠨ ᠰᠢᠯᠵᠢᠯᠳᠠ ᠶᠢ ᠵᠠᠰᠠᠬᠤ᠂ ᠰᠦᠯᠵᠢᠶᠡᠨ ᠤ ᠠᠮᠤᠷ ᠳᠦᠪᠰᠢᠨ᠂ ᠰᠦᠯᠵᠢᠶᠡᠨ ᠤ ᠡᠬᠡ ᠮᠠᠲ᠋ᠧᠷᠢᠶᠠᠯ ᠤᠨ ᠦᠮᠴᠢᠯᠡᠯ ᠤᠨ ᠠᠰᠠᠭᠤᠳᠠᠯ᠂ ᠰᠦᠯᠵᠢᠶᠡᠨ ᠠᠭᠤᠯᠭ᠎ᠠ ᠶᠢᠨ ᠬᠤᠪᠢᠶᠠᠯᠴᠠᠬᠤ ᠬᠡᠯᠪᠡᠷᠢ᠂ ᠬᠡᠪᠯᠡᠯ ᠤᠨ ᠡᠷᠬᠡ ᠶᠢᠨ ᠠᠰᠠᠭᠤᠳᠠᠯ᠂ ᠬᠦᠨᠳᠡᠯᠡᠨ ᠪᠢᠴᠢᠬᠡᠰᠤ ᠶᠢ ᠬᠡᠷᠬᠢᠨ ᠵᠤᠬᠢᠶᠠᠬᠤ ᠵᠡᠷᠬᠡ ᠪᠤᠳᠠᠳᠠᠢ ᠠᠭᠤᠯᠭ᠎ᠠ ᠪᠠ ᠮᠡᠷᠬᠡᠵᠢᠯ ᠤᠨ ᠠᠰᠠᠭᠤᠯᠳᠠ ᠳᠤ ᠬᠠᠷᠢᠭᠤᠯᠲᠠ ᠦᠭᠴᠥ ᠮᠡᠷᠬᠡᠵᠢᠯ ᠤᠨ ᠵᠦᠪᠯᠡᠯᠬᠡ ᠬᠠᠩᠭᠠᠭᠰᠠᠨ ᠪᠠᠶᠢᠨ᠎ᠠ᠃
       ᠲᠤᠰ ᠤᠳᠠᠭᠠᠨ ᠤ ᠪᠤᠯᠪᠠᠰᠤᠷᠠᠭᠤᠯᠤᠯ ᠳᠤ ᠦᠪᠦᠷ ᠮᠤᠩᠭᠤᠯ ᠤᠨ ᠬᠡᠪᠴᠢᠶᠡᠨ ᠤ ᠮᠤᠩᠭᠤᠯ ᠰᠦᠯᠵᠢᠶᠡᠨ ᠴᠤᠭᠯᠠᠷᠠᠯ ᠤᠨ ᠬᠢᠨ ᠳᠤ ᠠᠵᠢᠯ ᠮᠡᠷᠬᠡᠵᠢᠯ ᠤᠨ ᠰᠤᠯᠢᠯᠴᠠᠭᠠᠨ ᠤ ᠳᠠᠪᠴᠠᠩ ᠬᠠᠩᠭᠠᠵᠤ᠂ ᠵᠠᠰᠠᠭ ᠤᠨ ᠶᠠᠪᠤᠳᠠᠯ ᠤᠨ ᠰᠦᠯᠵᠢᠶᠡᠨ ᠴᠡᠭ ᠤᠨ ᠠᠵᠢᠯᠯᠠᠭᠰᠠᠳ ᠤᠨ ᠠᠵᠢᠯ ᠤᠨ ᠳᠤᠮᠳᠠ ᠳᠤᠯᠠᠭᠠᠷᠠᠭᠰᠠᠨ ᠤᠯᠠᠨ ᠬᠦᠴᠢᠷᠳᠡᠯ ᠳᠤ ᠳᠦᠪᠯᠡᠷᠡᠬᠦᠯᠦᠨ ᠬᠠᠷᠢᠭᠤᠯᠲᠠ ᠦᠭᠭᠦᠭᠰᠡᠨ ᠪᠦᠭᠡᠳ ᠨᠢᠭᠡᠨ ᠤᠳᠠᠭᠠᠨ ᠤ ᠪᠤᠳᠠᠳᠠᠢ ᠠᠵᠢᠯ ᠮᠡᠷᠬᠡᠵᠢᠯ ᠤᠨ ᠴᠢᠳᠠᠪᠤᠷᠢ ᠶᠢᠨ ᠪᠤᠯᠪᠠᠰᠤᠷᠠᠭᠤᠯᠤᠯ ᠪᠤᠯᠤᠭᠰᠠᠨ ᠪᠠᠶᠢᠨ᠎ᠠ᠃
 
ᠢᠷᠡᠯᠲᠡ᠄ ᠬᠦᠯᠦᠨ ᠪᠦᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号