ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠯᠪᠠᠨ ᠵᠠᠷᠯᠠᠯ ︵44 ᠳ᠋ᠤᠭᠡᠷ ᠲᠣᠭᠠᠲᠤ︶
ᠨᠡᠶᠢᠲᠡᠯᠡᠭᠰᠡᠨ ᠴᠠᠭ᠄
2020-06-28
        ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠦᠷ᠎ᠡ ᠪᠦᠳᠦᠮᠵᠢ ᠶᠢ ᠤᠯᠠᠮ ᠴᠢᠨᠠᠭᠰᠢᠳᠠ ᠪᠠᠬᠢᠵᠢᠬᠦᠯᠦᠨ᠂ ᠵᠤᠨ ᠤ ᠤᠯᠠᠷᠢᠯ ᠤᠨ ᠵᠢᠭᠤᠯᠴᠢᠯᠠᠯ ᠤᠨ ᠰᠢᠵᠢᠷ ᠠᠯᠲᠠᠨ ᠬᠤᠭᠤᠴᠠᠭᠠᠨ ᠳᠠᠬᠢ ᠶᠡᠭᠡ ᠬᠡᠪᠴᠢᠶᠡᠨ ᠤ ᠬᠥᠮᠦᠰ ᠤᠨ ᠰᠢᠯᠵᠢᠯᠲᠡ ᠳᠤ ᠭᠠᠳᠠᠨ᠎ᠠ ᠤᠷᠤᠨ ᠠᠴᠠ ᠬᠢᠵᠢᠭ ᠤᠷᠤᠵᠦ ᠢᠷᠡᠬᠦ ᠲᠦᠭᠰᠢᠭᠦᠷᠢ ᠶᠢ ᠪᠦᠲᠦᠮᠵᠢᠲᠡᠶ ᠠᠷᠭᠠᠴᠠᠵᠤ  ᠥᠷᠭᠡᠨ ᠣᠯᠠᠨ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠦᠨᠡᠨᠬᠦ ᠬᠠᠮᠠᠭᠠᠯᠠᠬᠤ ᠶᠢᠨ ᠲᠦᠯᠦᠭᠡ᠂ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠰᠤᠳᠤᠯᠤᠯᠲᠠ ᠪᠠᠷ ᠳᠠᠮᠵᠢᠨ᠂ ᠪᠦᠬᠦ ᠬᠤᠰᠢᠭᠤᠨ ᠤ ᠥᠷᠭᠡᠨ ᠣᠯᠠᠨ ᠲᠦᠮᠡᠨ ᠳᠤ ᠳᠣᠣᠷᠠᠬᠢ ᠮᠡᠲᠦ ᠰᠠᠨᠠᠭᠠᠴᠢᠯᠠᠭ᠎ᠠ ᠳᠤᠷᠠᠳᠪᠠ᠂ ᠡᠳᠦᠭᠡ ᠳᠤᠤᠷ᠎ᠠ ᠵᠠᠷᠯᠠᠶ᠎ᠠ᠄        ᠨᠢᠭᠡ ᠳᠤ᠂ ᠪᠤᠠᠠᠳᠠᠠᠭᠤᠯᠠ ᠶᠢᠨ ᠲᠠᠬᠢᠯᠭ᠎ᠠ ᠶᠢᠨ ᠴᠠᠭ ᠤᠶᠢᠷᠠᠳᠴᠦ ᠢᠷᠡᠯ᠎ᠡ᠂ ᠪᠦᠬᠦ ᠬᠤᠰᠢᠭᠤᠨ ᠤ ᠥᠷᠭᠡᠨ ᠣᠯᠠᠨ ᠲᠦᠮᠡᠨ ᠪᠤᠠᠠᠳᠠᠠᠭᠤᠯᠠ ᠳᠤ ᠤᠴᠢᠬᠤ ᠳᠤ ᠪᠠᠨ ᠪᠣᠯᠭᠤᠮᠵᠢᠲᠠᠶ ᠪᠠᠶᠢᠭᠠᠰᠠᠢ᠃ ᠪᠤᠠᠠᠳᠠᠠᠭᠤᠯᠠ ᠶᠢᠨ ᠲᠠᠬᠢᠯᠭ᠎ᠠ ᠳᠤ ᠤᠷᠤᠯᠴᠠᠬᠤ ᠭᠡᠪᠡᠯ ᠲᠠᠬᠢᠯᠭ᠎ᠠ ᠶᠢ ᠵᠣᠬᠢᠶᠠᠨ ᠪᠠᠶᠢᠭᠤᠯᠤᠭᠰᠠᠨ ᠡᠳᠡᠭᠡᠳ ᠤᠨ ᠳᠤᠬᠢᠷᠠᠭᠤᠯᠭ᠎ᠠ ᠳᠣᠤᠷ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠷᠢᠭᠤᠴᠠᠯᠭ᠎ᠠ ᠪᠠᠨ ᠰᠠᠶᠢᠳᠦᠷ ᠬᠦᠢᠴᠡᠳᠭᠡᠵᠦ᠂ ᠬᠤᠪᠢ ᠬᠥᠮᠦᠨ ᠤ ᠰᠡᠷᠬᠡᠶᠢᠯᠡᠨ ᠬᠠᠮᠠᠭᠠᠯᠠᠯᠲᠠ ᠶᠢ ᠰᠠᠶᠢᠲᠤᠷ ᠬᠢᠵᠦ᠂ ᠪᠤᠰᠤᠳ ᠬᠥᠮᠦᠨ ᠲᠠᠢ ᠠᠮᠤᠷ ᠲᠦᠪᠰᠢᠨ ᠤ ᠵᠠᠶ ᠲᠠᠢ ᠪᠠᠶᠢᠬᠤ ᠶᠢ ᠠᠩᠬᠠᠷᠴᠤ᠂ ᠠᠭᠤᠯᠠ ᠲᠠᠭᠢᠵᠥ ᠪᠠᠷᠠᠭᠰᠠᠨ ᠤ ᠲᠠᠷᠠᠭ᠎ᠠ ᠲᠡᠷᠡ ᠳᠠᠷᠤᠢ ᠳᠤᠨᠢ ᠰᠠᠯᠵᠤ  ᠪᠤᠴᠠᠬᠤ ᠬᠡᠷᠡᠭᠲᠡᠢ᠂ ᠤᠳᠠᠬᠤ᠂ ᠴᠤᠭᠯᠠᠷᠠᠬᠤ᠂ ᠬᠤᠭᠤᠯᠠᠯᠠᠵᠦ ᠪᠣᠯᠬᠤ ᠦᠭᠡᠢ᠃        ᠬᠤᠶᠠᠷ ᠲᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠬᠡᠷᠡᠭᠴᠡᠭᠡ ᠶᠢ ᠦᠨᠳᠦᠰᠦᠯᠡᠨ᠂ ᠪᠤᠠᠠᠳᠠᠠᠭᠤᠯᠠ ᠶᠢᠨ ᠲᠠᠬᠢᠯᠭ᠎ᠠ ᠶᠢᠨ ᠬᠤᠭᠤᠴᠠᠭᠠᠨ ᠳᠤ ᠰᠣᠶᠣᠯ ᠲᠠᠮᠢᠷ ᠨᠠᠶᠢᠷ ᠨᠠᠭᠠᠳᠤᠮ ᠤᠨ ᠠᠵᠢᠯᠯᠠᠭ᠎ᠠ᠂ ᠢᠳᠡᠭᠡᠨ ᠤᠮᠳᠠᠭᠠᠨ᠂ ᠬᠤᠨᠤᠭ ᠪᠠᠭᠤᠳᠠᠯ᠂ ᠵᠢᠵᠢᠭ ᠲᠠᠸᠠᠷ ᠤᠨ ᠪᠣᠷᠣᠯᠠᠭᠤᠯᠭ᠎ᠠ ᠵᠡᠷᠭᠡ ᠵᠦᠢᠯᠡᠰ ᠢ ᠲᠣᠬᠢᠷᠠᠭᠤᠯᠬᠤ ᠥᠬᠡᠶ᠃ ᠪᠠᠰᠠ ᠥᠪᠡᠷ ᠢᠶᠠᠨ ᠮᠣᠩᠭᠤᠯ ᠭᠡᠷ ᠪᠠ ᠮᠠᠶᠢᠬᠠᠨ ᠪᠤᠰᠬᠠᠵᠦ ᠠᠭᠤᠯᠠᠨ ᠳᠤ ᠬᠤᠨᠤᠭᠯᠠᠵᠦ ᠬᠤᠭᠤᠯᠠᠯᠠᠬᠤ ᠶᠢ ᠡᠷᠡᠰ ᠴᠠᠭᠠᠵᠠᠯᠠᠨ᠎ᠠ᠃        ᠭᠤᠷᠪᠠ ᠳᠤ᠂ ᠵᠢᠭᠤᠯᠴᠢᠯᠠᠯ ᠤᠨ ᠬᠥᠭᠵᠢᠶᠡᠨ ᠲᠠᠢ ᠤᠯᠠᠷᠢᠯ ᠬᠦᠷᠴᠦ ᠢᠷᠡᠬᠦ ᠶᠢ ᠳᠠᠭᠠᠯᠳᠤᠨ᠂ ᠬᠥᠯᠥᠨ ᠨᠠᠭᠤᠷ ᠤᠨ ᠵᠢᠭᠤᠯᠴᠢᠯᠠᠯ ᠤᠨ ᠬᠥᠮᠦᠨ ᠤ ᠲᠤᠭ᠎ᠠ ᠲᠦᠷᠭᠡᠨ ᠨᠡᠮᠡᠭᠳᠡᠵᠦ᠂ ᠬᠥᠯᠥᠨ ᠨᠠᠭᠤᠷ ᠢᠶᠠᠷ ᠵᠢᠭᠤᠯᠴᠢᠯᠠᠭᠴᠢᠳ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠲᠠ ᠪᠠᠨ ᠰᠠᠶᠢᠲᠤᠷ ᠬᠢᠵᠦ᠂ ᠬᠥᠯᠥᠨ ᠨᠠᠭᠤᠷ ᠤᠨ ᠡᠷᠭᠢᠨ ᠲᠣᠭᠤᠷᠢᠨ ᠳᠤ ᠴᠤᠭᠯᠠᠷᠠᠨ ᠬᠤᠭᠤᠯᠠᠯᠠᠬᠤ ᠶᠢ ᠡᠷᠡᠰ ᠴᠠᠭᠠᠵᠠᠯᠠᠵᠦ᠂ ᠬᠥᠯᠥᠨ ᠨᠠᠭᠤᠷ ᠤᠨ ᠡᠷᠭᠢᠨ ᠲᠣᠭᠤᠷᠢᠨ ᠳᠤ ᠮᠠᠶᠢᠬᠠᠨ ︵ᠮᠣᠩᠭᠤᠯ ᠭᠡᠷ︶ ᠪᠣᠰᠬᠠᠵᠤ᠂ ᠬᠤᠨᠣᠭᠯᠠᠬᠤ ᠲᠡᠷᠭᠡ ᠲᠠᠢ ᠤᠴᠢᠬᠤ ᠵᠡᠷᠭᠡ ᠬᠡᠯᠪᠡᠷᠢ ᠪᠠᠷ ᠤᠷᠳᠦ ᠬᠤᠭᠤᠴᠠᠭ᠎ᠠ ᠪᠠᠷ ᠣᠯᠠᠨ ᠬᠥᠮᠦᠨ ᠴᠤᠭᠯᠠᠷᠠᠬᠤ ᠶᠢ ᠴᠢᠩᠭ᠎ᠠ ᠴᠠᠭᠠᠵᠠᠯᠠᠨ᠎ᠠ᠃ ᠡᠭᠦᠨ ᠤ ᠬᠠᠮᠲᠤ᠂ ᠪᠦᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠬᠥᠯᠥᠨ ᠨᠠᠭᠤᠷ ᠤᠨ ᠡᠷᠭᠢᠨ ᠳᠤᠭᠤᠷᠢᠨ ᠤ ᠠᠮᠢ ᠠᠬᠤᠢ ᠣᠷᠴᠢᠨ ᠲᠣᠭᠤᠷᠢᠨ ᠤ ᠠᠷᠢᠭᠤᠨ ᠴᠡᠪᠡᠷ ᠢ ᠪᠠᠳᠤᠯᠠᠵᠦ᠂ ᠪᠣᠯᠪᠠᠰᠤᠨ ᠰᠠᠶᠢᠬᠠᠨ ᠠᠷᠢᠭᠤᠨ ᠴᠡᠪᠡᠷ ᠠᠮᠢ ᠠᠬᠤᠶ ᠶᠢᠨ ᠣᠷᠴᠢᠨ ᠨᠥᠬᠦᠴᠡᠯ ᠢ ᠬᠠᠮᠲᠤ ᠪᠠᠷ ᠪᠤᠢ ᠪᠣᠯᠭᠠᠵᠤ᠂ ᠪᠢᠳᠡᠨ ᠤ ︽ᠡᠵᠢ ᠨᠠᠭᠤᠷ︾ ᠢᠶᠠᠨ ᠰᠠᠶᠢᠲᠤᠷ ᠬᠠᠮᠠᠭᠠᠯᠠᠶ᠎ᠠ᠃         ᠳᠥᠷᠪᠡ ᠳᠤ᠂ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠵᠥᠪᠰᠢᠶᠡᠷᠡᠯ ᠥᠬᠡᠶ ᠪᠠᠷ᠂ ᠪᠥᠬᠦ ᠬᠤᠰᠢᠭᠤᠨ ᠤ ᠬᠡᠪᠴᠢᠶᠡᠨ ᠳᠤ ᠲᠣᠮᠣ ᠬᠡᠯᠪᠡᠷᠢ ᠶᠢᠨ ᠰᠣᠶᠣᠯ ᠤᠨ ᠲᠣᠭᠯᠠᠯᠲᠠ᠂ ᠲᠣᠮᠣ ᠬᠡᠯᠪᠡᠷᠢ ᠶᠢᠨ ᠳᠡᠯᠭᠡᠨ ᠪᠤᠷᠤᠯᠠᠭᠤᠯᠬᠤ ᠴᠤᠭᠯᠠᠭᠠᠨ᠂ ᠣᠪᠣᠭᠠᠨ ᠲᠠᠬᠢᠯᠭ᠎ᠠ ᠵᠡᠷᠭᠡ ᠤᠯᠠᠨ ᠬᠦᠮᠦᠨ ᠬᠤᠷᠠᠵᠦ ᠴᠤᠭᠯᠠᠷᠠᠬᠤ ᠠᠵᠢᠯᠯᠠᠭ᠎ᠠ ᠦᠷᠨᠢᠬᠦᠯᠬᠦ ᠶᠢ ᠴᠢᠩᠭ᠎ᠠ ᠴᠠᠭᠠᠵᠠᠯᠠᠨ᠎ᠠ᠃        ᠲᠠᠪᠤ ᠳᠤ᠂ ᠠᠯᠢ ᠴᠢᠳᠠᠬᠤ ᠪᠠᠷ ᠭᠠᠳᠠᠭᠰᠢ ᠭᠠᠷᠬᠤ ᠦᠬᠡᠢ ᠪᠠᠶᠢᠵᠦ᠂ ᠦᠨᠡᠬᠡᠷ ᠭᠠᠳᠠᠭᠰᠢ ᠭᠠᠷᠬᠤ ᠴᠢᠬᠤᠯᠠ  ᠲᠠᠢ ᠪᠤᠯ᠂ ᠬᠢᠵᠢᠭ ᠤᠨ ᠪᠠᠶᠢᠳᠠᠯ ᠤᠨ ᠳᠤᠮᠳᠠ᠂ ᠳᠡᠭᠡᠳᠦ ᠳᠡᠰ ᠤᠨ ᠲᠦᠭᠰᠢᠭᠦᠷᠢ ᠲᠠᠢ ᠭᠠᠵᠠᠷ ᠪᠠ ᠬᠢᠵᠢᠭ ᠤᠨ ᠪᠠᠶᠢᠳᠠᠯ ᠪᠤᠳᠤᠯᠢᠶᠠᠨᠲᠠᠶ ᠭᠠᠵᠠᠷ ᠣᠷᠣᠨ ᠳᠤ ᠤᠴᠢᠬᠤ ᠠᠴᠠ ᠵᠠᠶᠢᠯᠠᠰᠬᠢᠵᠦ᠂ ᠭᠠᠳᠠᠭᠰᠢ ᠭᠠᠷᠬᠤ ᠳᠤ ᠲᠤᠬᠠᠶ ᠶᠢᠨ ᠭᠠᠵᠠᠷ ᠤᠨ ᠬᠢᠵᠢᠭ ᠢ ᠰᠡᠷᠭᠡᠶᠢᠯᠡᠨ ᠡᠵᠡᠮᠳᠡᠬᠦ ᠲᠣᠭᠲᠠᠭᠠᠯ ᠢ ᠴᠢᠩᠭ᠎ᠠ ᠵᠢᠷᠤᠮᠯᠠᠬᠤ ᠬᠡᠷᠡᠭᠲᠡᠶ᠃        ᠵᠢᠷᠭᠤᠭ᠎ᠠ ᠳᠤ᠂ ᠬᠤᠪᠢ ᠬᠥᠮᠦᠨ ᠤ ᠰᠡᠷᠬᠡᠶᠢᠯᠡᠨ ᠬᠠᠮᠠᠭᠠᠯᠠᠯᠲᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠬᠦᠬᠦ ᠳᠠᠳᠬᠠᠯ ᠲᠠᠢ ᠪᠤᠯᠵᠦ᠂ ᠴᠢᠬᠤᠯᠠ ᠪᠤᠰᠤ ᠴᠤᠭᠯᠠᠷᠠᠯ ᠤᠨ ᠴᠢᠨᠠᠷᠳᠠᠢ ᠠᠵᠢᠯᠯᠠᠭ᠎ᠠ ᠠᠴᠠ ᠵᠠᠶᠢᠯᠠᠰᠬᠢᠵᠦ᠂ ᠲᠥᠷᠥᠯ ᠰᠠᠳᠤᠨ ᠢᠶᠠᠨ ᠡᠷᠭᠢᠵᠦ ᠦᠵᠡᠬᠦ᠂ ᠬᠠᠮᠲᠤ ᠬᠤᠭᠤᠯᠠᠯᠠᠵᠦ ᠨᠠᠶᠢᠷ ᠴᠤᠭᠯᠠᠭᠠᠨ ᠬᠢᠬᠦ ᠪᠠᠨ ᠪᠠᠭᠠᠰᠬᠠᠵᠤ᠂ ᠬᠥᠮᠦᠨ ᠣᠯᠠᠨ ᠴᠤᠭᠯᠠᠷᠠᠬᠤ ᠭᠠᠵᠠᠷ ᠲᠤ ᠳᠤᠳᠠᠭᠤ ᠤᠴᠢᠨ᠎ᠠ᠃        ᠳᠣᠯᠤᠭ᠎ᠠ ᠳᠤ᠂ ᠲᠣᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠵᠦ᠂ ᠬᠢᠵᠢᠭ ᠤᠨ ᠪᠠᠶᠢᠳᠠᠯ ᠳᠠᠭᠤᠰᠤᠭᠰᠠᠨ ᠤ ᠳᠠᠷᠠᠭ᠎ᠠ ᠬᠦᠴᠦᠨ ᠥᠬᠡᠶ ᠪᠣᠯᠭᠠᠨ᠎ᠠ᠃                            ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ                                                     ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ                       2020 ᠣᠨ ᠤ 6 ᠰᠠᠷ᠎ᠠ ᠶᠢᠨ 26 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号