ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠯᠣᠳᠤᠭᠠᠷ ᠤᠳᠠᠭᠠᠨ ᠤ ᠪᠥᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠡᠷᠦᠬᠡ ᠪᠠᠷ ᠣᠷᠣᠵᠤ ᠳᠠᠩᠰᠠᠯᠠᠬᠤ ᠠᠵᠢᠯ ᠵᠢᠩᠬᠢᠨᠢ ᠪᠠᠷ ᠡᠬᠢᠯᠡᠪᠡ
ᠨᠡᠶᠢᠲᠡᠯᠡᠭᠰᠡᠨ ᠴᠠᠭ᠄
2020/6/29
       ᠣᠶᠢᠷ᠎ᠠ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠳᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠡᠷᠦᠬᠡ ᠪᠠᠷ ᠣᠷᠣᠵᠤ ᠳᠠᠩᠰᠠᠯᠠᠬᠤ ᠠᠵᠢᠯ ᠵᠢᠩᠬᠢᠨᠢ ᠪᠠᠷ ᠡᠬᠢᠯᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯᠲᠠᠳ ᠨᠡᠶᠢᠭᠡᠮ ᠲᠣᠭᠤᠷᠢᠭ ᠤᠨ ᠨᠡᠶᠢᠳᠡᠮ ᠪᠠᠶᠢᠴᠠᠭᠠᠯᠲᠠ ᠶᠢᠨ ᠠᠵᠢᠯᠲᠠᠨ ᠲᠠᠢ ᠨᠡᠶᠢᠲᠡ 4 ᠬᠥᠮᠦᠨ ᠵᠢᠵᠢᠭ ᠰᠠᠭᠤᠭᠠᠯᠢ ᠳᠤᠭᠤᠷᠢᠭ ᠲᠤ ᠬᠦᠨᠵᠡᠭᠡᠶᠢᠷᠡᠨ ᠨᠡᠶᠢᠳᠡᠮ ᠪᠠᠶᠢᠴᠠᠭᠠᠯᠳᠠ ᠬᠢᠵᠦ᠂ ᠡᠷᠦᠬᠡ ᠪᠠᠷ ᠣᠷᠣᠵᠤ ᠬᠦᠮᠦᠨ ᠠᠮᠠ ᠳᠠᠩᠰᠠᠯᠠᠨ ᠳᠡᠮᠳᠡᠭᠯᠡᠪᠡ᠃
       ᠲᠤᠰ ᠤᠳᠠᠭᠠᠨ ᠤ ᠲᠤᠷᠰᠢᠯᠲᠠ ᠶᠢᠨ ᠴᠡᠭ ᠤᠨ ᠭᠠᠵᠠᠷ ᠣᠷᠣᠨ ᠪᠣᠯ ᠪᠤᠶᠢᠷ ᠨᠡᠶᠢᠭᠡᠮ ᠲᠣᠭᠤᠷᠢᠭ ᠤᠨ ᠵᠡᠮᠳᠡᠭᠴᠦᠳ ᠤᠨ ᠬᠤᠯᠪᠤᠭᠠᠳᠦ ᠬᠤᠷᠠᠯ ᠤᠨ ᠵᠢᠵᠢᠭ ᠰᠠᠭᠤᠭᠠᠯᠢ ᠲᠣᠭᠤᠷᠢᠭ ᠪᠣᠯᠤᠨ ᠮᠣᠩᠭᠤᠯ ᠭᠡᠷ ᠤᠷᠤᠨ ᠪᠣᠯᠤᠨ᠎ᠠ᠃ ᠪᠠᠶᠢᠴᠠᠭᠠᠭᠳᠠᠬᠤ ᠡᠲᠡᠭᠡᠳ ᠪᠣᠯ ᠲᠤᠷᠰᠢᠯᠲᠠ ᠶᠢᠨ ᠴᠡᠭ ᠤᠨ ᠪᠦᠬᠦᠶᠢᠯᠡ ᠬᠥᠮᠦᠨ ᠠᠮᠠ ︵ᠰᠢᠶᠠᠩᠭᠠᠩ ᠣᠣᠮᠧᠨ ᠲᠠᠶᠢᠸᠠᠨ ᠤ ᠰᠠᠭᠤᠭᠠᠯᠢ ᠠᠷᠠᠳ ᠪᠠ ᠭᠠᠳᠠᠭᠠᠳᠤ ᠶᠢᠨ ᠬᠠᠷᠢᠶᠠᠲᠤ ᠬᠥᠮᠦᠰ ᠪᠠᠭᠳᠠᠨ᠎ᠠ︶ ᠪᠣᠯᠤᠨ᠎ᠠ᠂ ᠡᠭᠦᠨ ᠳᠤ ᠵᠢᠩᠬᠢᠨᠢ ᠠᠯᠪᠠᠨ ᠤ ᠴᠡᠷᠢᠭ ᠪᠠ ᠵᠡᠪᠰᠡᠭᠲᠦ ᠴᠠᠭᠳᠠᠭ᠎ᠠ ᠪᠠᠭᠲᠠᠬᠤ ᠥᠬᠡᠶ᠃ ᠲᠤᠰ ᠤᠳᠠᠭᠠᠨ ᠤ ᠶᠡᠷᠦᠩᠬᠡᠶᠢᠯᠡᠭᠰᠡᠨ ᠲᠤᠷᠰᠢᠯᠲᠠ ᠶᠢᠨ ᠴᠡᠭ ᠤᠨ ᠳᠠᠭᠯᠠᠵᠦ ᠮᠡᠳᠡᠭᠦᠯᠬᠦ ᠠᠷᠭ᠎ᠠ ᠶᠢ ᠨᠡᠶᠢᠳᠡᠮ ᠪᠠᠶᠢᠴᠠᠭᠠᠭᠴᠢ ᠴᠠᠭᠠᠰᠤᠨ ᠬᠡᠪᠯᠡᠯ ᠤᠨ ᠬᠦᠰᠦᠨᠦᠭᠲᠦ ᠠᠪᠴᠤ ᠡᠷᠦᠬᠡ ᠪᠠᠷ ᠣᠷᠣᠵᠤ ᠲᠠᠭᠯᠠᠨ ᠮᠡᠳᠡᠭᠦᠯᠬᠦ ᠠᠷᠭ᠎ᠠ ᠪᠠᠷ ᠶᠠᠪᠤᠭᠳᠠᠭᠤᠯᠵᠦ᠂ ᠨᠡᠶᠢᠳᠡᠮ ᠪᠠᠶᠢᠴᠠᠭᠠᠭᠴᠢ ᠨᠢ ᠪᠠᠶᠢᠴᠠᠭᠠᠭᠳᠠᠬᠤ ᠠᠷᠠᠳ ᠢᠷᠭᠡᠳ ᠤᠨ ᠪᠡᠶ᠎ᠡ ᠶᠢᠨ ᠦᠨᠡᠮᠯᠡᠯ ᠤᠨ ᠨᠣᠮᠧᠷ᠂ ᠴᠢᠨᠠᠷ ᠤᠨ ᠢᠯᠭᠠᠯ᠂ ᠲᠥᠷᠥᠭᠰᠡᠨ ᠤᠨ ᠰᠠᠷ᠎ᠠ᠂ ᠦᠨᠳᠦᠰᠦᠲᠡᠨ᠂ ᠰᠤᠷᠭᠠᠨ ᠬᠥᠮᠦᠵᠢᠯ ᠤᠨ ᠬᠡᠮᠵᠢᠶ᠎ᠡ᠂ ᠣᠷᠣᠨ ᠰᠠᠭᠤᠴ᠊᠂ ᠦᠬᠦᠭᠰᠡᠨ ᠪᠠᠶᠢᠳᠠᠯ ᠵᠡᠷᠭᠡ ᠰᠤᠷᠠᠭ ᠵᠠᠩᠬᠢ ᠶᠢ ᠨᠢᠭᠡ ᠨᠢᠭᠡ ᠪᠠᠷ ᠬᠢᠨᠠᠨ ᠬᠠᠷᠭᠤᠭᠤᠯᠤᠨ᠎ᠠ᠃
       ᠲᠤᠰ ᠤᠳᠠᠭᠠᠨ ᠤ ᠲᠤᠷᠰᠢᠯᠲᠠ ᠶᠢᠨ ᠴᠡᠭ ᠤᠨ ᠠᠵᠢᠯᠯᠠᠬᠤ ᠴᠠᠭ᠄ 6 ᠰᠠᠷ᠎ᠠ ᠶᠢᠨ 10 ᠠᠴᠠ 20 ᠤ ᠡᠳᠦᠷ ᠪᠤᠯᠳᠠᠯ᠎ᠠ ᠪᠠᠶᠢᠳᠠᠯ ᠢ ᠣᠶᠢᠯᠠᠭᠠᠬᠤ ᠱᠠᠲᠤ᠂ 6 ᠰᠠᠷ᠎ᠠ ᠶᠢᠨ 21 ᠤ ᠡᠳᠦᠷ — 30 ᠤ ᠡᠳᠦᠷ ᠪᠤᠯᠳᠠᠯ᠎ᠠ ᠡᠷᠦᠬᠡ ᠪᠠᠷ ᠣᠷᠣᠵᠤ ᠳᠠᠩᠰᠠᠯᠠᠬᠤ ᠱᠠᠲᠤ᠂ 7 ᠰᠠᠷ᠎ᠠ ᠶᠢᠨ 1 — 10 ᠤ ᠡᠳᠦᠷ ᠪᠤᠯᠳᠠᠯ᠎ᠠ ᠨᠠᠷᠢᠯᠢᠭ ᠬᠦᠰᠦᠨᠦᠭᠳᠦ ᠶᠢ ᠳᠠᠭᠯᠠᠵᠦ ᠳᠠᠩᠰᠠᠯᠠᠬᠤ ᠱᠠᠲᠤ ᠪᠣᠯᠤᠨ᠎ᠠ᠃ 6 ᠰᠠᠷ᠎ᠠ ᠶᠢᠨ 20 ᠤ ᠡᠳᠦᠷ ᠪᠣᠯᠲᠠᠯ᠎ᠠ᠂ ᠲᠤᠷᠰᠢᠯᠲᠠ ᠶᠢᠨ ᠴᠡᠭ ᠪᠤᠯᠬᠤ ᠵᠡᠮᠳᠡᠭᠴᠦᠳ ᠤᠨ ᠬᠤᠯᠪᠤᠭᠠᠳᠦ ᠬᠤᠷᠠᠯ ᠤᠨ ᠵᠢᠵᠢᠭ ᠰᠠᠭᠤᠭᠠᠯᠢ ᠲᠣᠭᠤᠷᠢᠭ ᠪᠣᠯᠤᠨ ᠮᠣᠩᠭᠤᠯ ᠬᠡᠷ ᠣᠷᠣᠨ ᠤ ᠬᠢᠨ ᠪᠠᠶᠢᠳᠠᠯ ᠢ ᠣᠶᠢᠯᠠᠭᠠᠬᠤ ᠡᠷᠦᠬᠡ ᠶᠢᠨ ᠲᠤᠭ᠎ᠠ ᠨᠡᠶᠢᠳᠡ 94 ᠡᠷᠦᠬᠡ᠂ ᠪᠠᠶᠢᠳᠠᠯ ᠢ ᠣᠶᠢᠯᠠᠭᠠᠬᠤ ᠬᠥᠮᠦᠨ ᠤ ᠲᠤᠭ᠎ᠠ ᠨᠡᠶᠢᠳᠡ 250 ᠬᠥᠮᠦᠨ᠂ ᠲᠥᠷᠥᠭᠰᠡᠨ ᠬᠥᠮᠦᠨ ᠤ ᠲᠤᠭ᠎ᠠ 1 ᠬᠥᠮᠦᠨ᠃                         ᠤᠷᠴᠢᠭᠤᠯᠤᠭᠴᠢ᠄ ᠴᠡᠴᠡᠭ  
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号