ᠮᠠᠨ ᠤ ᠬᠤᠰᠢᠭᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/6/29
       6 ᠰᠠᠷ᠎ᠠ ᠶᠢᠨ 28 ᠤ ᠡᠳᠦᠷ᠂ ᠬᠡᠷᠦᠯᠦᠨ ᠪᠠᠭᠤᠳᠠᠯ ᠤᠨ ᠬᠤᠶᠠᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ᠂ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠳᠤᠬᠢᠷᠠᠭᠤᠯᠤᠯᠳᠠ ᠶᠢᠨ ᠬᠤᠷᠠᠯ ᠬᠤᠷᠠᠯᠳᠤᠭᠤᠯᠪᠠ᠃ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠷᠧᠨ ᠢᠦᠶ ᠵᠢᠶᠠᠩ ᠬᠤᠷᠠᠯ ᠳᠤ ᠤᠷᠤᠯᠴᠠᠵᠦ ᠵᠢᠭᠠᠨ ᠵᠢᠯᠣᠭᠤᠳᠪᠠ᠃ ᠬᠤᠰᠢᠭᠤᠨ ᠤ ᠤᠳᠤᠷᠢᠳᠤᠯᠭ᠎ᠠ ᠨᠠᠷᠠᠰᠤ᠂ ᠰᠦ᠋ ᠹᠧᠩ ᠨᠢᠩ ᠵᠢᠴᠢ ᠬᠥᠯᠥᠨ ᠪᠤᠶᠢᠷ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶᠠᠨ ᠤ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃  
       ᠷᠧᠨ ᠢᠦᠶ ᠵᠢᠶᠠᠩ ᠵᠢᠭᠠᠵᠤ ᠭᠠᠷᠭᠠᠬᠤ ᠳᠠᠭᠠᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠪᠤᠯ ᠮᠠᠯᠴᠢᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠳᠠᠭ ᠪᠣᠯᠬᠤᠷ ᠨᠢᠭᠡᠳᠦᠯᠲᠡᠶ ᠲᠦᠯᠦᠪᠯᠡᠨ ᠲᠣᠬᠢᠷᠠᠭᠤᠯᠬᠤ ᠪᠠᠨ ᠦᠨᠡᠨᠬᠦ ᠴᠢᠩᠭᠠᠳᠬᠠᠵᠦ  ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠢ ᠨᠡᠪᠲᠡᠷᠡᠯᠴᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠢᠯᠡᠷᠡᠭᠰᠡᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠮᠠᠯᠵᠢᠬᠤ ᠣᠷᠣᠨ ᠤ ᠤᠳᠤᠬᠢᠴᠢᠯᠠᠯᠳᠠ ᠶᠢᠨ ᠪᠠᠶᠢᠭᠤᠯᠤᠮᠵᠢ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠦᠨᠡᠨᠬᠦ ᠪᠡᠶᠡᠯᠡᠭᠦᠯᠵᠦ᠂ ᠠᠵᠤ ᠦᠢᠯᠡᠰ ᠤᠨ ᠬᠥᠭᠵᠢᠯᠲᠡ ᠪᠤᠯᠤᠨ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠦᠨᠡᠨ ᠪᠣᠳᠠᠲᠠᠢ ᠦᠷ᠎ᠡ ᠪᠦᠳᠦᠮᠵᠢ ᠣᠯᠬᠤ ᠶᠢ ᠲᠦᠯᠬᠢᠨ ᠠᠬᠢᠭᠤᠯᠤᠨ᠎ᠠ ᠭᠡᠵᠡᠢ᠃
       ᠨᠠᠷᠠᠰᠤ ᠶᠠᠷᠢᠶᠠᠨ ᠳᠠᠭᠠᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠨᠢᠬᠦᠯᠵᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠬᠤ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠬᠠᠶᠢᠨ ᠰᠦᠪᠡᠭᠴᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠨᠢ ᠴᠢᠬᠤᠯᠠ ᠠᠴᠢ ᠬᠤᠯᠪᠣᠭᠳᠠᠯ ᠲᠠᠢ ᠶᠤᠮ᠃ ᠮᠠᠨ ᠤ ᠬᠤᠰᠢᠭᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠪᠦᠬᠦ ᠬᠤᠰᠢᠭᠤᠨ ᠤ ᠬᠦᠴᠦᠨ ᠢᠶᠠᠷ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ᠂ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠦᠢᠯᠡᠳᠪᠦᠷᠢᠯᠡᠯ ᠠᠮᠢᠳᠤᠷᠠᠯ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨᠬᠦ ᠪᠡᠶᠡᠯᠡᠭᠦᠯᠦᠨ᠎ᠡ ᠭᠡᠵᠡᠢ᠃                          ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号