ᠨᠠᠷᠠᠰᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/6/3
       6 ᠰᠠᠷ᠎ᠠ ᠶᠢᠨ 2 ᠤᠨ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠯᠢᠭ ᠤᠨ ᠬᠤᠷᠠᠯ ᠤᠨ ᠭᠡᠷ ᠲᠤ᠂ ᠬᠤᠰᠢᠭᠤ ᠨᠠᠮ ᠤᠨ ᠬᠤᠷᠢᠶᠠᠨ ᠤ ᠱᠦᠵᠢ ᠨᠠᠷᠠᠰᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠢ ᠶᠢᠨ ᠳᠠᠯᠠᠪᠤᠷ ᠤᠨ ᠬᠤᠷᠠᠯ ᠤᠨ ᠬᠤᠯᠪᠣᠭᠳᠠᠯ ᠪᠦᠬᠦᠢ ᠵᠦᠢᠯᠡᠰ ᠢ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠪᠦᠬᠡᠪᠠᠶᠠᠷ᠂ ᠶᠢᠨ ᠼᠠᠩ᠂ ᠳ᠋ᠠᠶ ᠶᠢᠨ ᠴᠢᠤᠸᠠᠨ᠂ ᠵᠠᠩ ᠮᠠᠨᠳᠠ᠂ ᠤᠯᠠᠭᠠᠨᠳᠤᠶᠠᠭ᠎ᠠ᠂ ᠳᠠᠯᠠᠶᠢᠪᠠᠲᠤ᠂ ᠴᠧᠨ ᠱᠸᠤ ᡁᠢ᠂ ᠰᠦ᠋ ᠹᠧᠩ ᠨᠢᠩ ᠵᠢᠴᠢ ᠠᠯᠳ᠋ᠬᠠᠮᠡᠭᠡᠯ ᠪᠠᠯᠭᠠᠰᠤ᠂ ᠬᠡᠷᠦᠯᠦᠨ ᠰᠤᠮᠤ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
       ᠬᠤᠷᠠᠯ ᠳᠡᠭᠡᠷ᠎ᠡ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠢᠨ ᠮᠠᠯᠵᠢᠬᠤ ᠣᠷᠣᠨ ᠤ ᠣᠳᠣᠬᠢᠴᠢᠯᠠᠯᠲᠠ ᠶᠢᠨ ᠳᠤᠷᠰᠢᠯᠳᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ᠃        ᠨᠠᠷᠠᠰᠤ ᠵᠢᠭᠠᠵᠤ ᠭᠠᠷᠭᠠᠭᠰᠠᠨ ᠨᠢ᠂ ᠮᠠᠨ ᠤ ᠬᠤᠰᠢᠭᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠳᠠ ᠶᠢᠨ ᠠᠵᠢᠯ ᠤᠨ ᠳᠤᠬᠠᠢ ᠶᠢᠨ ᠳᠠᠯᠠᠪᠤᠷ ᠤᠨ ᠬᠤᠷᠠᠯ ᠬᠢᠵᠦ᠂  ᠠᠮᠢ ᠠᠬᠤᠶ ᠶᠢ ᠤᠷᠢᠳᠠᠪᠠᠷ ᠪᠤᠳᠤᠯᠬᠢᠯᠠᠨ᠂ ᠪᠣᠬᠢᠷᠲᠤᠯ ᠦᠭᠡᠶ ᠬᠦᠭᠵᠢᠬᠦᠯᠬᠦ ᠦᠵᠡᠯᠲᠡ ᠶᠢ ᠦᠢᠯᠡᠳᠦᠯᠭᠡᠵᠢᠬᠦᠯᠵᠦ᠂ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠣᠯᠤᠭᠰᠠᠨ ᠠᠮᠵᠢᠯᠲᠠ ᠶᠢ ᠪᠦᠬᠦ ᠲᠠᠯ᠎ᠠ ᠪᠠᠷ ᠢᠯᠡᠷᠡᠬᠦᠯᠬᠦ ᠪᠤᠯᠤᠨ᠎ᠠ᠃ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠨ ᠬᠢᠨ ᠲᠤᠰ ᠤᠳᠠᠭᠠᠨ ᠤ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠠᠵᠢᠯ ᠤᠨ ᠰᠡᠳᠬᠢᠴᠡ ᠪᠠᠨ ᠳᠤᠳᠤᠷᠬᠠᠶᠢᠯᠠᠨ᠂ ᠠᠵᠢᠯ ᠤᠨ ᠡᠭᠦᠷᠭᠡ ᠪᠠᠨ ᠲᠣᠳᠣᠷᠬᠠᠶᠢᠯᠠᠵᠤ᠂ ᠥᠪᠡᠷᠲᠡᠭᠡᠨ ᠵᠠᠰᠠᠬᠤ ᠣᠷᠣᠨ᠂ ᠬᠥᠯᠥᠨ ᠪᠤᠶᠢᠷ ᠬᠤᠲᠠ ᠶᠢᠨ ᠱᠠᠭᠠᠷᠳᠠᠯᠭ᠎ᠠ ᠪᠠ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠪᠡᠯᠡᠳᠬᠡᠯ ᠠᠵᠢᠯ ᠢ ᠣᠳᠣᠬᠠᠨ ᠤ ᠨᠢᠳᠤᠨ ᠡᠮᠦᠨᠡᠬᠢ ᠨᠢᠭᠡ  ᠵᠦᠢᠯ ᠤᠨ ᠤᠯᠤᠰ ᠲᠥᠷᠥ ᠶᠢᠨ ᠡᠭᠦᠷᠭᠡ ᠪᠣᠯᠭᠠᠨ ᠰᠠᠶᠢᠲᠤᠷ ᠠᠳᠬᠤᠵᠤ ᠪᠣᠳᠠᠲᠠᠶ ᠠᠳᠬᠤᠬᠤ ᠬᠡᠷᠡᠭᠲᠡᠶ᠃        ᠨᠠᠷᠠᠰᠤ ᠪᠠᠰᠠ᠂ ᠮᠠᠯᠵᠢᠬᠤ ᠣᠷᠣᠨ ᠤ ᠤᠳᠤᠬᠢᠴᠢᠯᠠᠯᠳᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠴᠠᠭ ᠪᠠᠴᠢᠮ᠂ ᠡᠭᠦᠷᠭᠡ ᠬᠦᠨᠳᠦ ᠪᠣᠯᠬᠤᠷ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ  ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠬᠦᠯᠦᠨ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠬᠦᠴᠦ ᠰᠡᠳᠬᠢᠯ ᠨᠢᠭᠡᠳᠦᠨ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠪᠦᠬᠦ ᠬᠤᠰᠢᠭᠤᠨ ᠤ ᠬᠦᠴᠦᠨ ᠢᠶᠠᠷ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠴᠢᠨᠠᠷ ᠰᠠᠶᠢᠲᠠᠢ ᠲᠦᠯᠬᠢᠨ ᠠᠬᠢᠭᠤᠯᠤᠨ᠎ᠠ᠃ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ 2021 ᠤᠨ ᠤ ᠲᠦᠷᠦᠯ ᠵᠦᠢᠯ ᠤᠨ ᠲᠣᠬᠢᠷᠠᠭᠤᠯᠤᠯᠲᠠ ᠶᠢ ᠤᠷᠢᠳᠴᠢᠯᠠᠨ ᠲᠥᠰᠦᠪᠯᠡᠨ ᠰᠤᠳᠤᠯᠵᠤ᠂ ᠰᠡᠳᠬᠢᠴᠡ ᠪᠠᠨ ᠤᠯᠠᠮ ᠲᠣᠳᠣᠷᠬᠠᠶ ᠪᠤᠯᠭᠠᠨ᠂ ᠭᠤᠤᠯᠳᠠᠯᠭ᠎ᠠ ᠲᠠᠢ ᠡᠭᠦᠷᠭᠡ ᠶᠢ ᠲᠦᠯᠬᠢᠨ ᠠᠬᠢᠭᠤᠯᠵᠤ᠂ ᠬᠠᠷᠢᠭᠤᠴᠠᠯᠭ᠎ᠠ ᠪᠠᠨ ᠪᠤᠳᠠᠳᠠᠶᠢᠵᠢᠭᠤᠯᠤᠨ᠂ ᠦᠨᠦ ᠵᠢᠯ ᠤᠨ ᠡᠯ᠎ᠡ ᠵᠦᠢᠯ ᠤᠨ ᠠᠵᠢᠯ ᠤᠨ ᠬᠠᠷᠠᠯᠲᠠ ᠪᠣᠯᠤᠨ ᠪᠡᠶᠡᠯᠡᠭᠦᠯᠬᠦ ᠴᠠᠭ ᠤᠨ ᠬᠢᠵᠠᠭᠠᠷ ᠢᠶᠠᠨ ᠳᠤᠳᠤᠷᠬᠠᠶᠢᠯᠠᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠦᠨᠡᠨᠬᠦ ᠴᠢᠩᠭᠠᠳᠬᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠢᠯᠡᠷᠡᠭᠰᠡᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠤᠳᠤᠬᠢᠴᠢᠯᠠᠯᠳᠠ ᠶᠢᠨ ᠠᠵᠢᠯ ᠤᠨ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠦᠨ᠂ ᠠᠵᠤ ᠦᠢᠯᠡᠰ ᠤᠨ ᠬᠥᠭᠵᠢᠯᠲᠡ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠨᠡᠩ ᠤᠯᠠᠨ ᠬᠡᠷᠡᠭᠵᠢᠭᠦᠯᠵᠦ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠶᠢ ᠴᠢᠷᠮᠠᠶᠢᠨ ᠪᠤᠢ ᠪᠣᠯᠭᠠᠨ᠎ᠠ ᠭᠡᠵᠡᠢ᠃        ᠨᠠᠷᠠᠰᠤ ᠪᠠᠰᠠ ᠴᠢᠬᠤᠯᠠᠴᠢᠯᠠᠬᠤ ᠳᠠᠭᠠᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ  ᠴᠡᠭ ᠤᠨ ᠪᠦᠲᠦᠭᠡᠨ ᠪᠠᠶᠢᠭᠤᠯᠤᠯᠲᠠ ᠳᠤ ᠦᠨᠡᠨ ᠪᠤᠳᠠᠳᠠᠢ ᠠᠮᠵᠢᠯᠲᠠ ᠣᠯᠬᠤ ᠶᠢ ᠲᠦᠯᠬᠢᠨ ᠠᠬᠢᠭᠤᠯᠵᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠠᠵᠤ ᠠᠬᠤᠶ ᠶᠢᠨ ᠦᠢᠯᠡᠳᠬᠦᠨ ᠤ ᠥᠷᠲᠡᠭ ᠢ ᠦᠨᠡᠨᠬᠦ ᠪᠡᠶᠡᠯᠡᠬᠦᠯᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠦᠨ᠎ᠡ ᠭᠡᠵᠡᠢ᠃         ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ᠦᠪᠡᠷ ᠥᠪᠡᠷ ᠤᠨ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ ᠰᠠᠨᠠᠯ ᠰᠠᠨᠠᠭᠤᠯᠭ᠎ᠠ ᠳᠤᠷᠠᠳᠪᠠ᠃                                           ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号