ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠷᠧᠨ ᠢᠦᠶ ᠵᠢᠶᠠᠩ ᠮᠠᠨ ᠤ ᠬᠤᠰᠢᠭᠤᠨ ᠳᠤ ᠢᠷᠡᠵᠦ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2020/6/5
       6 ᠰᠠᠷ᠎ᠠ ᠶᠢᠨ 4 ᠤ ᠡᠳᠦᠷ᠂ ᠬᠥᠯᠥᠨ ᠪᠤᠶᠢᠷ ᠬᠤᠲᠠ ᠶᠢᠨ ᠵᠠᠰᠠᠭ ᠤᠨ ᠣᠷᠳᠣᠨ ᠤ ᠳᠡᠳ᠋ ᠬᠤᠲᠠ ᠶᠢᠨ ᠳᠠᠷᠤᠭ᠎ᠠ ᠷᠧᠨ ᠢᠦᠶ ᠵᠢᠶᠠᠩ ᠮᠠᠨ ᠤ ᠬᠤᠰᠢᠭᠤᠨ ᠳᠤ ᠢᠷᠡᠵᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠵᠢᠯᠣᠭᠤᠳᠴᠤ᠂ ᠨᠠᠮ ᠵᠠᠰᠠᠭ ᠤᠨ ᠠᠵᠢᠯᠯᠠᠬᠤ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠬᠤᠷᠠᠯ ᠤᠨ ᠭᠡᠷ ᠲᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ᠃ ᠮᠠᠨ ᠤ ᠬᠤᠰᠢᠭᠤᠨ ᠤ ᠤᠳᠤᠷᠢᠳᠤᠯᠭ᠎ᠠ ᠨᠠᠷᠠᠰᠤ᠂ ᠪᠦᠬᠡᠪᠠᠶᠠᠷ ᠬᠤᠷᠠᠯ ᠳᠤ ᠣᠷᠣᠯᠴᠠᠵᠤ᠂ ᠨᠠᠷᠠᠰᠤ ᠬᠤᠷᠠᠯ ᠡᠷᠬᠢᠯᠡᠪᠡ᠃        ᠬᠤᠷᠠᠯ ᠳᠤ᠂ ᠮᠠᠨ ᠤ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠬᠦᠯᠢᠶᠡᠨ ᠰᠣᠨᠣᠰᠪᠠ᠃        ᠷᠧᠨ ᠢᠦᠶ ᠵᠢᠶᠠᠩ ᠵᠢᠭᠠᠬᠤ ᠳᠠᠭᠠᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠨᠢ ᠮᠠᠯᠴᠢᠨ ᠲᠦᠮᠡᠨ ᠤ ᠬᠤᠪᠢ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠨ᠎ᠠ᠃ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠡᠯ᠎ᠡ ᠲᠦᠷᠦᠯ ᠵᠦᠢᠯ ᠤᠨ ᠰᠠᠭᠤᠷᠢ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠭᠦᠷᠭᠡ ᠶᠢᠨ ᠨᠠᠷᠢᠨ ᠳᠠᠩᠰᠠ ᠶᠢ ᠵᠢᠭᠰᠠᠭᠠᠨ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠵᠢᠭᠰᠠᠭᠠᠵᠤ᠂ ᠡᠭᠦᠷᠭᠡ ᠶᠢ ᠵᠠᠳᠠᠯᠤᠨ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠯᠠᠪᠳᠠᠭᠤᠨ ᠢᠶᠠᠷ ᠲᠦᠯᠬᠢᠨ ᠠᠬᠢᠭᠤᠯᠬᠤ ᠬᠡᠷᠡᠭᠲᠡᠢ᠃ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠦᠨᠡᠨᠬᠦ ᠴᠢᠩᠭᠠᠳᠬᠠᠨ᠂ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠶ ᠬᠠᠷᠢᠯᠴᠠᠵᠤ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠤ ᠢᠯᠡᠷᠡᠭᠰᠡᠨ ᠬᠦᠴᠢᠷᠳᠡᠯ ᠪᠠ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠨ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠪᠠᠶᠢᠭᠤᠯᠤᠯ᠂ ᠲᠣᠭᠲᠠᠴᠠ ᠶᠢᠨ ᠰᠢᠨ᠎ᠡ ᠡᠭᠦᠳᠦᠯᠲᠡ ᠶᠢ ᠦᠨᠡᠨ ᠬᠦ ᠪᠡᠶᠡᠯᠡᠭᠦᠯᠵᠦ᠂ ᠠᠵᠤ ᠦᠢᠯᠡᠰ ᠤᠨ ᠬᠥᠭᠵᠢᠯᠲᠡ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠦᠨᠡᠨ ᠪᠣᠳᠠᠲᠠᠢ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠰᠡᠨ ᠪᠠᠶᠢᠨ᠎ᠠ᠃
       ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠲᠤᠬᠠᠶ ᠷᠧᠨ ᠢᠦᠶ ᠵᠢᠶᠠᠩ᠂ ᠲᠥᠯᠥᠪᠵᠢᠭᠦᠯᠭᠡ ᠬᠢᠬᠦ ᠳᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠣᠬᠤᠯᠠᠪᠤᠷᠢ ᠪᠠ ᠲᠦᠰᠦᠯ ᠢᠶᠠᠷ ᠵᠢᠯᠣᠭᠤᠳᠣᠯᠭ᠎ᠠ ᠪᠣᠯᠭᠠᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠪᠠᠶᠢᠷᠢ ᠲᠣᠭᠲᠠᠭᠠᠯᠲᠠ ᠪᠠ ᠴᠢᠭᠯᠡᠯ ᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠡᠯ᠎ᠡ ᠱᠠᠲᠤᠨ ᠤ ᠡᠭᠦᠷᠭᠡ ᠶᠢ ᠨᠠᠩ ᠲᠣᠳᠣᠷᠬᠠᠶ ᠪᠣᠯᠭᠠᠬᠤ ᠬᠡᠷᠡᠭᠲᠡᠶ᠃ ᠲᠥᠯᠥᠪᠵᠢᠭᠦᠯᠭᠡ ᠶᠢ ᠦᠷᠬᠦᠯᠵᠢᠯᠡᠨ ᠲᠦᠯᠦᠪᠵᠢᠭᠦᠯᠦᠨ ᠨᠠᠷᠢᠯᠢᠭᠵᠢᠭᠤᠯᠵᠤ᠂ ᠬᠡᠯᠡ ᠬᠡᠯᠡᠯᠭᠡ ᠶᠢ ᠨᠢ ᠳᠦᠭᠦᠮ ᠣᠶᠢᠯᠠᠭᠠᠮᠵᠢᠲᠠᠢ᠂ ᠬᠠᠭᠤᠳᠠᠰᠤ ᠶᠢ ᠨᠢ ᠲᠣᠪᠴᠢ ᠠᠪᠰᠠᠷᠬᠠᠨ ᠪᠠᠶᠢᠯᠭᠠᠵᠤ᠂ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠨᠠᠶᠢᠷᠠᠭᠤᠯᠤᠨ ᠵᠣᠬᠢᠶᠠᠵᠤ᠂ ᠵᠢᠯᠣᠭᠤᠳᠬᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠠᠶᠢᠯᠭᠠᠨ᠂ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠦᠢᠯᠡᠳᠦᠯ ᠢ ᠳᠣᠪᠣᠶᠢᠯᠭᠠᠬᠤ ᠬᠡᠷᠡᠭᠲᠡᠢ ᠭᠡᠵᠦ ᠱᠠᠭᠠᠷᠳᠠᠪᠠ᠃        ᠨᠠᠷᠠᠰᠤ᠂ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠦᠷᠨᠢᠭᠦᠯᠬᠦ ᠪᠣᠯ ᠠᠮᠢ ᠠᠬᠤᠶ ᠶᠢ ᠤᠷᠢᠳᠠᠪᠠᠷ ᠪᠣᠳᠣᠯᠬᠢᠯᠠᠨ᠂ ᠪᠣᠬᠢᠷᠲᠤᠯ ᠦᠭᠡᠶ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢ ᠰᠦᠪᠡᠭᠴᠢᠯᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠮᠠᠨ ᠤ ᠬᠤᠰᠢᠭᠤ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠨ᠂ ᠪᠦᠬᠦ ᠬᠤᠰᠢᠭᠤᠨ ᠤ ᠬᠦᠴᠦᠨ ᠢᠶᠠᠷ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠦᠢᠯᠡᠳᠪᠦᠷᠢᠯᠡᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠦᠨᠡᠨᠬᠦ ᠪᠡᠶᠡᠯᠡᠭᠦᠯᠦᠨ᠎ᠡ ᠭᠡᠪᠡ᠃                                         ᠣᠷᠴᠢᠭᠤᠯᠤᠭᠴᠢ᠄ ᠦᠷᠴᠠᠶᠢᠬᠤ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号