ᠮᠠᠨ ᠤ ᠬᠤᠰᠢᠭᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2020/6/9
      6 ᠰᠠᠷ᠎ᠠ ᠶᠢᠨ 6 ᠤ ᠡᠳᠦᠷ᠂ ᠬᠤᠰᠢᠭᠤᠨ ᠤ ᠦᠨᠳᠦᠰᠦᠲᠡᠨ ᠤ ᠰᠣᠶᠣᠯ ᠤᠨ ᠲᠥᠪ ᠲᠤ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠪᠣᠯᠪᠠᠰᠤᠷᠠᠯ ᠤᠨ ᠬᠤᠷᠠᠯ ᠡᠷᠭᠢᠯᠡᠪᠡ᠃ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠳᠡᠳ᠋ ᠡᠷᠬᠢᠯᠡᠭᠴᠢ ᠴᠧᠨ ᠵᠢᠶᠠᠨ ᠹᠦ᠋ ᠵᠢᠴᠢ ᠬᠤᠰᠢᠭᠤᠨ ᠤ ᠣᠳᠣᠷᠢᠳᠤᠯᠭ᠎ᠠ ᠤᠯᠠᠭᠠᠨᠳᠤᠶᠠᠭ᠎ᠠ᠂ ᠲᠡᠯᠠᠶᠢᠪᠠᠳᠦ᠂ ᠪᠦᠦ ᠱᠦᠶ ᠬᠤᠸᠠ᠂ ᠡᠯ᠎ᠡ ᠭᠠᠴᠠᠭ᠎ᠠ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠡᠯ᠎ᠡ ᠰᠤᠮᠤ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠪᠠ᠃       ᠪᠣᠯᠪᠠᠰᠤᠷᠠᠯ ᠳᠤ ᠲᠤᠰᠬᠠᠶᠢᠯᠠᠨ ᠥᠪᠡᠷᠲᠡᠭᠡᠨ ᠵᠠᠰᠠᠬᠤ ᠣᠷᠣᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠲᠦᠯᠦᠪᠵᠢᠭᠦᠯᠭᠡ ᠶᠢᠨ ᠡᠳ᠋ ᠮᠥᠩᠭᠦ ᠪᠤᠳᠤᠬᠤ ᠭᠠᠵᠠᠷ ᠤᠨ ᠳᠠᠷᠤᠭ᠎ᠠ ᠵᠠᠩ ᠭᠦᠸᠧ ᠶᠢ ᠤᠷᠢᠵᠤ ︽ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠰᠢᠪᠳᠤᠯᠬᠤ ᠰᠢᠢᠳᠪᠦᠷᠢᠳᠦ ᠲᠠᠶᠢᠨ ᠤ ᠰᠢᠢᠳᠪᠦᠷᠢᠳᠦ ᠢᠯᠠᠯᠲᠠ ᠶᠢ ᠤᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ︾ ᠶᠢᠨ ᠬᠢᠴᠢᠶᠡᠯ ᠤᠷᠤᠪᠠ᠃       ᠪᠣᠯᠪᠠᠰᠤᠷᠠᠯ ᠳᠤ᠂ ᠵᠠᠩ ᠭᠦᠸᠧ ᠶᠡᠷᠦᠩᠬᠡᠢ ᠱᠦᠵᠢ ᠰᠢ ᠶᠢᠨ ᠫᠢᠩ ᠤᠨ 2020 ᠣᠨ ᠤ 3 ᠰᠠᠷ᠎ᠠ ᠶᠢᠨ 6 ᠤ ᠡᠳᠦᠷ ᠤᠨ ᠶᠠᠳᠠᠭᠤ ᠠᠴᠠ ᠠᠩᠬᠢᠵᠢᠷᠠᠭᠤᠯᠬᠤ ᠪᠠᠬᠢᠯᠡᠯᠳᠡ ᠰᠢᠪᠲᠤᠯᠬᠤ ᠰᠢᠢᠳᠪᠦᠷᠢᠲᠦ ᠲᠠᠶᠢᠨ ᠤ ᠰᠢᠢᠳᠪᠦᠷᠢᠲᠦ ᠢᠯᠠᠯᠲᠠ ᠶᠢ ᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ  ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ ᠲᠤᠬᠠᠢ ᠬᠠᠮᠢᠶ᠎ᠠ ᠪᠦᠬᠦᠢ ᠠᠵᠢᠯ ᠤᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠬᠤᠪᠢ ᠬᠥᠮᠦᠨ ᠤ ᠤᠯᠠᠨ ᠵᠢᠯ ᠤᠨ ᠶᠠᠳᠠᠭᠤ ᠶᠢ ᠲᠡᠳᠬᠦᠬᠦ ᠡᠯᠪᠡᠭ ᠪᠠᠶᠠᠯᠢᠭ ᠠᠵᠢᠯ ᠤᠨ ᠲᠤᠷᠰᠢᠯᠭ᠎ᠠ ᠪᠣᠯᠤᠨ ᠶᠠᠳᠠᠭᠤ ᠠᠴᠠ ᠠᠩᠭᠢᠵᠢᠷᠠᠭᠤᠯᠬᠤ ᠪᠠᠬᠢᠯᠠᠯᠳᠠ ᠰᠢᠪᠲᠤᠯᠬᠤ ᠠᠰᠠᠭᠤᠳᠠᠯ ᠤᠨ ᠪᠣᠳᠠᠲᠠᠢ ᠲᠠᠢ ᠤᠶᠠᠯᠳᠤᠭᠤᠯᠵᠤ᠂ ᠲᠡᠩᠰᠡᠯᠡᠵᠦ ᠺᠠᠷᠲᠯᠠᠭᠰᠠᠨ ᠡᠷᠦᠬᠡ ᠶᠢ ᠨᠠᠷᠢᠯᠢᠭ ᠣᠨᠣᠪᠴᠢᠳᠡᠢ ᠢᠯᠭᠠᠨ ᠲᠣᠳᠣᠯᠠᠬᠤ᠂ ᠲᠡᠩᠰᠡᠯᠡᠵᠦ ᠺᠠᠷᠲᠯᠠᠭᠰᠠᠨ ᠡᠷᠤᠭᠡ ᠶᠢ ᠬᠠᠪᠰᠤᠷᠤᠨ ᠲᠡᠳᠬᠦᠬᠦ  ᠨᠠᠷᠢᠯᠢᠭ ᠣᠨᠣᠪᠴᠢᠳᠡᠢ ᠠᠷᠭ᠎ᠠ ᠪᠣᠳᠣᠯᠭ᠎ᠠ ᠬᠡᠷᠡᠭᠵᠢᠭᠦᠯᠬᠦ᠂ ᠥᠪᠡᠷᠲᠡᠭᠡᠨ ᠵᠠᠰᠠᠬᠤ ᠣᠷᠣᠨ ᠤ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠣᠭᠲᠠᠭᠠᠬᠤ ᠵᠡᠷᠭᠡ ᠠᠵᠢᠯ ᠤᠨ ᠲᠤᠭᠤᠷᠢᠨ ᠳᠤ᠂ ᠪᠤᠯᠪᠠᠰᠤᠷᠠᠯ ᠳᠤ ᠤᠷᠤᠯᠴᠠᠭᠰᠠᠳ ᠲᠤ ᠪᠥᠬᠦ ᠲᠠᠯ᠎ᠠ ᠶᠢᠨ ᠨᠠᠷᠢᠨ ᠨᠢᠮᠪᠠᠶ ᠵᠢᠯᠣᠭᠤᠳᠣᠯᠭ᠎ᠠ ᠬᠢᠪᠠ᠃        ᠪᠤᠯᠪᠠᠰᠤᠷᠠᠯ ᠳᠤ ᠱᠠᠭᠠᠷᠳᠠᠬᠤ ᠳᠠᠭᠠᠨ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠠᠵᠢᠯ ᠤᠨ ᠤᠯᠤᠰ ᠲᠦᠷᠦ ᠶᠢᠨ ᠲᠠᠨᠢᠯᠲᠠ ᠪᠠᠨ ᠤᠯᠠᠮ ᠨᠢᠭᠡ ᠠᠯᠬᠤᠮ ᠲᠡᠭᠡᠭᠰᠢᠯᠡᠬᠦᠯᠦᠨ᠂ ᠵᠠᠩ ᠭᠦᠸᠧ ᠭᠠᠵᠠᠷ ᠤᠨ ᠳᠠᠷᠤᠭ᠎ᠠ ᠶᠢᠨ ᠬᠢᠴᠢᠶᠡᠯ ᠣᠷᠣᠬᠤ ᠵᠢᠯᠣᠭᠤᠳᠬᠤ ᠴᠢᠨᠠᠷᠲᠠᠢ ᠰᠠᠨᠠᠯ ᠢ ᠪᠠᠲᠤ ᠡᠵᠡᠮᠳᠡᠬᠦ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠰᠤᠷᠴᠤ ᠡᠵᠡᠮᠰᠢᠵᠦ ᠨᠡᠪᠲᠡᠷᠡᠲᠡᠯ᠎ᠡ ᠣᠶᠢᠯᠠᠭᠠᠵᠤ᠂ ᠪᠤᠳᠠᠳᠠᠶᠢᠴᠢᠯᠡᠨ ᠬᠢᠵᠦ᠂ ᠡᠬᠦᠨ ᠤ ᠳᠤᠮᠳᠠ ᠠᠴᠠ ᠴᠢᠭᠯᠡᠯ ᠡᠷᠢᠵᠦ᠂ ᠰᠡᠳᠬᠢᠮᠵᠢ ᠡᠷᠢᠵᠦ᠂ ᠠᠷᠭ᠎ᠠ ᠵᠠᠮ ᠡᠷᠢᠵᠦ᠂ ᠬᠥᠳᠡᠯᠭᠡᠬᠦ ᠬᠦᠴᠦᠨ ᠡᠷᠢᠵᠦ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠰᠢᠢᠳᠪᠦᠷᠢᠲᠦ ᠢᠯᠠᠯᠲᠠ ᠶᠢ ᠤᠯᠬᠤ ᠲᠦᠷᠦ ᠶᠢᠨ ᠪᠤᠳᠤᠯᠭ᠎ᠠ ᠶᠢ ᠪᠠᠲᠤ ᠡᠵᠡᠮᠳᠡᠵᠦ᠂ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠶᠢ ᠠᠬᠢᠭᠤᠯᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠬᠤ ᠬᠡᠷᠡᠭᠲᠡᠢ᠃ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠵᠦ᠂ ᠬᠤᠭᠤᠴᠠᠭ᠎ᠠ ᠶᠣᠰᠣᠭᠠᠷ ᠴᠢᠨᠠᠷ ᠰᠠᠶᠢᠲᠠᠢ ᠶᠠᠳᠠᠭᠤ ᠠᠴᠠ ᠠᠩᠭᠢᠵᠢᠷᠠᠭᠤᠯᠬᠤ ᠪᠠᠬᠢᠯᠡᠯᠳᠡ ᠰᠢᠪᠲᠤᠯᠬᠤ ᠲᠠᠶᠢᠨ ᠤ ᠢᠯᠠᠯᠲᠠ ᠶᠢ ᠣᠯᠬᠤ ᠶᠢ ᠦᠨᠡᠨᠬᠦ ᠪᠠᠲᠤᠯᠠᠨ᠎ᠠ ᠭᠡᠵᠡᠢ᠃                                             ᠤᠷᠴᠢᠭᠤᠯᠤᠭᠴᠢ᠄ ᠣᠳᠣᠨᠭᠡᠷᠡᠯ    
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号