︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠥᠭᠡᠮ ᠬᠦᠴᠢᠯ ᠢ ᠪᠠᠶᠢᠴᠠᠭᠠᠨ | ᠰᠢᠯᠭᠠᠭᠤᠯᠬᠤ ᠬᠦᠷᠢᠶ᠎ᠡ ᠬᠡᠪᠴᠢᠶ᠎ᠡ ᠶᠢ ᠤᠯᠠᠮ ᠴᠢᠨᠠᠭᠰᠢᠳᠠ ᠲᠣᠳᠣᠷᠬᠠᠶᠢᠯᠠᠬᠤ ᠬᠤᠯᠪᠣᠭᠳᠠᠯ ᠪᠥᠬᠦᠶ ᠵᠦᠢᠯᠡᠰ ᠤᠨ | ᠲᠤᠬᠠᠶ ᠮᠡᠳᠡᠭᠳᠡᠯ︾ ︵ᠥᠪᠥᠷ ᠰᠡᠷᠭᠡᠶᠢᠯᠡᠬᠦ ᠵᠢᠯᠤᠭᠤᠳᠬᠤ ᠲᠠᠷᠬᠠᠭᠠᠭᠰᠠᠨ ﹇2020﹈ 88 ᠳ᠋ᠤᠭᠠᠷ ᠲᠣᠭᠠᠲᠤ︶ ᠤᠨ | ᠵᠣᠷᠢᠭ ᠰᠠᠨᠠᠭ᠎ᠠ ᠶᠢ ᠦᠨᠳᠦᠰᠦᠯᠡᠨ᠂ ︽ᠭᠠᠳᠠᠨ᠎ᠠ ᠠᠴᠠ ᠤᠷᠤᠵᠦ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ | ᠳᠠᠬᠢᠨ ᠰᠡᠷᠭᠦᠬᠦ ᠠᠴᠠ ᠰᠡᠷᠭᠡᠶᠢᠯᠡᠬᠦ︾ ᠶᠡᠷᠦᠩᠭᠡᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ | ᠨᠠᠶᠢᠳᠠᠪᠦᠷᠢᠵᠢᠭᠤᠯᠤᠨ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ | ᠴᠢᠨᠠᠭᠰᠢᠳᠠ ᠰᠠᠶᠢᠳᠦᠷ ᠬᠢᠵᠦ᠂ ᠴᠠᠭ ᠲᠤᠬᠠᠶ ᠳᠤᠨᠢ ᠣᠯᠵᠤ ᠮᠡᠳᠡᠵᠦ᠂ ᠦᠳᠳᠡᠷ ᠲᠦᠷᠭᠡᠨ ᠰᠢᠢᠳᠪᠦᠷᠢᠯᠡᠨ᠂ ᠨᠠᠷᠢᠯᠢᠭ | ᠤᠨᠤᠪᠴᠢᠳᠠᠢ ᠬᠠᠮᠢᠶᠠᠷᠤᠨ ᠡᠵᠡᠮᠳᠡᠵᠦ᠂ ᠪᠦᠲᠦᠮᠵᠢᠲᠡᠶ ᠡᠮᠨᠡᠨ ᠵᠠᠰᠠᠬᠤ ᠶᠢᠨ ᠲᠦᠯᠦᠭᠡ᠂ 2020 ᠣᠨ ᠤ 6 | ᠰᠠᠷ᠎ᠠ ᠶᠢᠨ 29 ᠤ ᠡᠳᠦᠷ ᠠᠴᠠ ᠡᠬᠢᠯᠡᠨ ᠰᠢᠨ᠎ᠡ ᠪᠠᠷᠭᠤ ᠪᠠᠷᠠᠭᠤᠨ ᠬᠤᠰᠢᠭᠤᠨ ᠳᠤ ᠰᠢᠨ᠎ᠡ ᠲᠢᠳᠢᠮᠯᠢᠭ ᠠᠭᠤᠰᠬᠢᠨ | ᠦᠷᠪᠢᠰᠦᠯ ᠤᠨ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠭᠤᠯᠤᠨ᠎ᠠ᠃ | ᠨᠢᠭᠡ᠂ ᠪᠠᠶᠢᠴᠠᠭᠠᠨ ᠰᠢᠯᠭᠠᠭᠤᠯᠬᠤ ᠳᠤ ᠡᠷᠬᠡᠪᠰᠢ ᠮᠡᠳᠡᠬᠦ ᠵᠦᠢᠯ | 1. ᠪᠠᠶᠢᠴᠠᠭᠠᠨ ᠰᠢᠯᠭᠠᠭᠤᠯᠤᠭᠴᠢ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ | ᠲᠥᠪ ᠲᠠᠢ ᠤᠷᠢᠳᠴᠢᠯᠠᠨ ᠬᠠᠷᠢᠯᠴᠠᠭᠠᠷᠠᠢ᠃ | ᠬᠠᠷᠢᠯᠴᠠᠬᠤ ᠤᠲᠠᠰᠤ᠄ 0470 — 6402436︔ | ᠡᠳᠦᠷ ᠪᠦᠷᠢ ᠶᠢᠨ ᠦᠯᠢᠭᠡᠷ ᠠᠪᠬᠤ ᠴᠠᠭ᠄ ᠦᠳᠡ ᠶᠢᠨ ᠡᠮᠦᠨᠡᠬᠢ 9᠄ 00 — 11᠄ 30︔ | ᠦᠯᠢᠭᠡᠷ ᠠᠪᠬᠤ ᠭᠠᠵᠠᠷ᠄ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ | ᠨᠢᠭᠡᠳᠦᠭᠡᠷ ᠳᠠᠪᠬᠤᠷᠭ᠎ᠠ᠃ | 2. ︽ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠢ ᠪᠠᠶᠢᠴᠠᠭᠠᠨ ᠰᠢᠯᠭᠠᠭᠤᠯᠬᠤ ᠬᠤᠯᠪᠣᠭᠳᠠᠯ ᠪᠥᠬᠦᠶ | ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ | ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠪᠠᠭᠤᠯᠭᠠᠭᠰᠠᠨ ᠮᠡᠳᠡᠭᠳᠡᠯ︾ ︵ᠥᠪᠥᠷ ᠡᠮᠨᠡᠯᠭᠡ ᠪᠠᠳᠤᠯᠠᠭ᠎ᠠ ᠠᠯᠪᠠᠨ | ᠲᠠᠷᠬᠠᠭᠠᠭᠰᠠᠨ ﹇2020﹈ 13 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ | ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠭᠤᠯᠬᠤ ᠵᠠᠷᠤᠳᠠᠯ ᠨᠢ ᠬᠥᠮᠦᠨ | ᠪᠦᠷᠢ 160 ᠲᠥᠭᠦᠷᠢᠭ᠃ | ᠬᠤᠶᠠᠷ᠂ ᠠᠩᠬᠠᠷᠬᠤ ᠵᠦᠢᠯ | 1. ᠪᠠᠶᠢᠴᠠᠭᠠᠨ ᠰᠢᠯᠭᠠᠭᠤᠯᠤᠭᠴᠢ ᠬᠤᠪᠢ ᠬᠥᠮᠦᠨ ᠤ ᠪᠡᠶ᠎ᠡ ᠶᠢᠨ ᠦᠨᠡᠮᠯᠡᠯ᠂ ᠡᠮᠨᠡᠯᠭᠡ ᠶᠢᠨ | ᠳᠠᠭᠠᠳᠬᠠᠯ ᠤᠨ ᠺᠠᠷᠲ ᠢᠶᠠᠨ ᠠᠪᠴᠦ ᠤᠴᠢᠬᠤ ᠶᠢᠨ ᠳᠠᠭᠠᠤ᠂ ᠡᠷᠡᠭᠦᠯ ᠮᠡᠨᠳᠦ ᠶᠢᠨ ᠲᠡᠮᠳᠡᠭ ᠢᠶᠠᠨ ᠭᠠᠷᠭᠠᠵᠦ | ᠦᠵᠡᠭᠦᠯᠬᠦ ᠬᠡᠷᠡᠭᠲᠡᠶ︔ | 2. ᠦᠯᠢᠭᠡᠷ ᠠᠪᠬᠤ ᠠᠴᠠ ᠡᠮᠦᠨᠡᠬᠢ 2 ᠴᠠᠭ ᠤᠨ ᠳᠣᠲᠣᠷ᠎ᠠ ᠬᠤᠭᠤᠯᠠ ᠢᠳᠡᠵᠦ ᠪᠤᠯᠬᠤ ᠦᠬᠡᠢ᠂ | ᠦᠯᠢᠭᠡᠷ ᠠᠪᠬᠤ ᠠᠴᠠ ᠡᠮᠦᠨᠡᠬᠢ 30 ᠮᠢᠨᠦ᠋ᠲ ᠤᠨ ᠳᠤᠳᠤᠷ᠎ᠠ ᠲᠠᠮᠠᠬᠢ ᠳᠠᠳᠠᠬᠤ᠂ ᠠᠷᠢᠬᠢ ᠤᠤᠭᠤᠬᠤ᠂ ᠵᠠᠵᠢᠯᠤᠭᠤᠷ | ᠰᠢᠬᠢᠷ ᠵᠠᠵᠢᠯᠵᠤ ᠪᠦᠷ ᠪᠣᠯᠬᠤ ᠦᠭᠡᠢ᠃ | 3. ᠪᠠᠶᠢᠴᠠᠭᠠᠨ ᠰᠢᠯᠭᠠᠵᠤ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ᠄ ᠪᠠᠶᠢᠴᠠᠭᠠᠨ ᠰᠢᠯᠭᠠᠭᠤᠯᠤᠭᠴᠢ | ᠡᠷᠬᠡᠪᠰᠢ ᠪᠠᠶᠢᠴᠠᠭᠠᠨ ᠰᠢᠯᠭᠠᠬᠤ ᠪᠠᠶᠢᠭᠤᠯᠤᠮᠵᠢ ᠲᠠᠢ ᠤᠷᠢᠳᠴᠢᠯᠠᠨ ᠬᠠᠷᠢᠯᠴᠠᠵᠤ᠂ ᠠᠩᠬᠠᠷᠬᠤ ᠵᠦᠢᠯᠡᠰ ᠢ | ᠣᠶᠢᠯᠠᠭᠠᠬᠤ ᠬᠡᠷᠡᠭᠲᠡᠶ᠃ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠪᠠᠶᠢᠴᠠᠭᠠᠨ ᠰᠢᠯᠭᠠᠭᠤᠯᠬᠤ ᠦᠶ᠎ᠡ ᠳᠤ ᠬᠤᠪᠢ | ᠬᠥᠮᠦᠨ ᠤ ᠰᠡᠷᠭᠡᠶᠢᠯᠡᠨ ᠬᠠᠮᠠᠭᠠᠯᠠᠯᠳᠠ ᠪᠠᠨ ᠴᠢᠩᠭᠠᠳᠬᠠᠨ᠂ ᠪᠥᠬᠦ ᠶᠠᠪᠤᠴᠠ ᠳᠤ ᠠᠮᠠᠪᠴᠢ ᠵᠡᠭᠦᠵᠦ᠂ 1 ᠮᠧᠲᠷ ᠠᠴᠠ | ᠳᠡᠭᠡᠭᠰᠢᠬᠢ ᠠᠮᠤᠷ ᠲᠦᠪᠰᠢᠨ ᠤ ᠵᠠᠶ ᠶᠢ ᠪᠠᠲᠤᠯᠠᠵᠤ᠂ ᠳᠤᠲᠠᠭᠤ ᠶᠠᠷᠢᠯᠴᠠᠵᠤ᠂ ᠪᠤᠰᠤᠳ ᠲᠠᠢ ᠤᠶᠢᠷᠠᠳᠬᠤ ᠥᠬᠡᠶ | ᠪᠠᠶᠢᠬᠤ ᠭᠡᠷᠡᠭᠳᠡᠢ᠃ ᠭᠠᠷ ᠤᠨ ᠠᠷᠢᠭᠤᠨ ᠴᠡᠪᠡᠷ ᠢ ᠠᠩᠬᠠᠷᠤᠨ ᠰᠠᠶᠢᠲᠤᠷ ᠬᠢᠵᠦ᠂ ᠬᠥᠮᠦᠨ ᠬᠤᠷᠠᠵᠦ | ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠶ᠃ | ᠣᠨᠴᠠᠭᠠᠶᠢᠯᠠᠨ ᠵᠠᠷᠯᠠᠪᠠ | | ᠰᠢᠨ᠎ᠡ ᠪᠠᠷᠭᠤ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | 2020 ᠣᠨ ᠤ 6 ᠰᠠᠷ᠎ᠠ ᠶᠢᠨ 29 ᠤ ᠡᠳᠦᠷ | | ᠤᠷᠴᠢᠭᠤᠯᠤᠭᠴᠢ᠄ ᠴᠡᠴᠡᠭ |