ᠬᠤᠳᠠ ᠶᠢᠨ ᠡᠪᠯᠡᠯ ᠤᠨ ᠬᠤᠷᠢᠶᠠᠨ ᠤ ᠺᠠᠳ᠋ᠷ ᠠᠵᠢᠯᠳᠡᠳ ᠮᠠᠨ ᠤ ᠬᠤᠰᠢᠭᠤᠨ ᠳᠤ ᠬᠦᠨᠵᠡᠭᠡᠶᠢᠷᠡᠨ ︽ᠳᠣᠯᠣᠭᠠᠨ ᠰᠠᠷ᠎ᠠ ᠶᠢᠨ ᠨᠢᠭᠡᠨ ᠤ ᠪᠠᠶᠠᠷ ᠢ ᠤᠭᠳᠤᠨ ᠤᠷᠢ ᠵᠠᠯᠠᠭᠤ ᠨᠠᠰᠤᠨ ᠤ ᠤᠤᠷ ᠴᠢᠨᠠᠷ ᠢᠶᠠᠨ ᠲᠠᠪᠳᠡᠨ ᠪᠤᠯᠪᠠᠰᠤᠷᠠᠭᠤᠯᠤᠶ᠎ᠡ︾ ᠭᠡᠬᠦ ᠭᠤᠤᠯ ᠰᠡᠳᠤᠪᠳᠦ ᠨᠠᠮ ᠤᠨ ᠡᠳᠦᠷ ᠤᠨ ᠰᠢᠷᠢᠰ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/7/1
       ᠣᠶᠢᠷ᠎ᠠ ᠳᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠯᠥᠨ ᠪᠤᠶᠢᠷ ᠬᠤᠲᠠ ᠶᠢᠨ ᠬᠤᠷᠢᠶᠠᠨ ᠤ ᠱᠦᠵᠢ ᠲᠤᠯᠢ ᠵᠡᠷᠭᠡ 25 ᠬᠥᠮᠦᠨ ᠰᠢᠨ᠎ᠡ ᠪᠠᠷᠭᠤ ᠪᠠᠷᠠᠭᠤᠨ ᠬᠤᠰᠢᠭᠤᠨ ᠳᠤ ᠭᠦᠨᠵᠡᠭᠡᠶᠢᠷᠡᠨ ︽ᠲᠤᠯᠤᠭᠠᠨ ᠰᠠᠷ᠎ᠠ ᠶᠢᠨ ᠨᠢᠭᠡᠨ ᠤ ᠪᠠᠶᠠᠷ ᠢ ᠣᠭᠳᠤᠨ ᠤᠷᠢ ᠵᠠᠯᠠᠭᠤ ᠨᠠᠰᠤᠨ ᠤ ᠤᠤᠷ ᠴᠢᠨᠠᠷ ᠢᠶᠠᠨ ᠳᠠᠪᠲᠠᠨ ᠪᠤᠯᠪᠠᠰᠤᠷᠠᠭᠤᠯᠤᠶ᠎ᠡ︾ ᠭᠡᠬᠦ ᠭᠤᠤᠯ ᠰᠡᠳᠦᠪᠲᠦ ᠨᠠᠮ ᠤᠨ ᠡᠳᠦᠷ ᠤᠨ ᠰᠢᠷᠢᠰ ᠠᠵᠢᠯᠯᠠᠭ᠎ᠠ ᠥᠷᠨᠢᠭᠦᠯᠪᠡ᠃ ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠬᠡᠷ ᠤᠨ ᠡᠷᠬᠢᠯᠡᠭᠴᠢ ᠶᠢᠨ ᠼᠠᠩ ᠵᠢᠴᠢ ᠬᠤᠰᠢᠭᠤᠨ ᠤ ᠡᠪᠯᠡᠯ ᠤᠨ ᠬᠤᠷᠢᠶᠠᠨ ᠤ ᠺᠠᠳ᠋ᠷ ᠪᠣᠯᠤᠨ ᠵᠠᠯᠠᠭᠤ ᠰᠠᠶᠢᠨ ᠳᠤᠷᠠᠴᠤᠳ ᠠᠵᠢᠯᠯᠠᠭ᠎ᠠ ᠳᠤ ᠣᠷᠣᠯᠴᠠᠪᠠ᠃
        ᠲᠣᠰ ᠠᠵᠢᠯᠯᠠᠭ᠎ᠠ ᠳᠤ᠂ ᠬᠤᠳᠠ ᠶᠢᠨ ᠡᠪᠯᠡᠯ ᠤᠨ ᠬᠤᠷᠢᠶᠠᠨ ᠤ ᠺᠠᠳ᠋ᠷ ᠠᠵᠢᠯᠳᠡᠳ ᠬᠥᠯᠥᠨ ᠨᠠᠭᠤᠷ ᠤᠨ ᠡᠷᠭᠢ ᠳᠠᠭᠠᠤ ︽ᠬᠤᠭ ᠨᠣᠪᠰᠢ ᠲᠡᠭᠦᠵᠦ᠂ ᠣᠷᠴᠢᠨ ᠲᠣᠭᠤᠷᠢᠨ ᠢᠶᠠᠨ ᠭᠤᠶᠣᠯᠠᠬᠤ︾ ᠠᠵᠢᠯᠯᠠᠭ᠎ᠠ ᠦᠷᠨᠢᠬᠦᠯᠵᠦ᠂ ᠨᠠᠭᠤᠷ ᠤᠨ ᠬᠥᠪᠡᠭᠡᠨ ᠤ ᠤᠶᠢᠷ᠎ᠠ ᠬᠠᠪᠢ ᠶᠢᠨ ᠬᠤᠭ ᠨᠣᠪᠰᠢ ᠶᠢ ᠪᠦᠬᠦᠨ ᠢ ᠬᠤᠭ ᠦᠬᠡᠢ ᠰᠠᠶᠢᠬᠠᠨ ᠴᠡᠪᠠᠷᠯᠠᠵᠠᠢ᠃
               ᠤᠶᠢᠷ᠎ᠠ ᠶᠢᠨ ᠵᠢᠯ ᠠᠴᠠ ᠨᠠᠰᠢ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠠᠮᠲᠤ ᠶᠢᠨ ᠤᠷᠤᠯᠴᠠᠯᠭ᠎ᠠ ᠪᠠ ᠡᠯ᠎ᠡ ᠵᠦᠢᠯ ᠤᠨ ᠬᠠᠮᠠᠭᠠᠯᠠᠵᠤ ᠵᠠᠰᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠪᠠᠷ ᠳᠠᠮᠵᠢᠨ᠂ ᠬᠥᠯᠥᠨ ᠨᠠᠭᠤᠷ ᠤᠨ ᠤᠰᠤᠨ ᠤ ᠴᠢᠨᠠᠷ ᠦᠷᠭᠦᠯᠵᠢᠯᠡᠨ ᠰᠠᠶᠢᠵᠢᠷᠠᠵᠦ᠂ ᠬᠤᠪᠣᠷ ᠴᠤᠬᠠᠭ ᠰᠢᠪᠠᠭᠤᠳ ᠤᠨ ᠲᠥᠷᠥᠯ ᠵᠦᠢᠯ ᠪᠣᠯᠤᠨ ᠲᠤᠭ᠎ᠠ ᠬᠡᠮᠵᠢᠶ᠎ᠡ ᠢᠯᠡᠳᠲᠡ ᠨᠡᠮᠡᠭᠳᠡᠨ᠂ ᠬᠥᠯᠥᠨ ᠨᠠᠭᠤᠷ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢᠯᠡᠳᠲᠡ ᠰᠠᠶᠢᠵᠢᠷᠠᠪᠠ᠃        ᠠᠵᠢᠯᠯᠠᠭ᠎ᠠ ᠲᠤᠮᠳᠡ᠂ ᠲᠣᠯᠢ ᠪᠠᠰᠠ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ ᠤᠨ ᠰᠠᠭᠤᠷᠢᠨ ᠭᠠᠵᠠᠷ ᠪᠣᠯᠤᠨ ᠪᠠᠷᠭᠤ ᠮᠦᠽᠧᠢ ᠪᠠᠷ ᠲᠣᠭᠤᠷᠢᠨ ᠦᠵᠡᠪᠡ᠃
             6 ᠰᠠᠷ᠎ᠠ ᠶᠢᠨ 29 ᠤ ᠡᠳᠦᠷ᠂ ᠬᠤᠲᠠ ᠶᠢᠨ ᠡᠪᠯᠡᠯ ᠤᠨ ᠨᠠᠮ ᠤᠨ ᠬᠤᠷᠢᠶᠠᠨ ᠤ ᠺᠠᠳ᠋ᠷ ᠠᠵᠢᠯᠲᠠᠳ ᠬᠡᠷᠤᠯᠤᠨ ᠰᠤᠮᠤ ᠶᠢᠨ ᠮᠠᠩᠯᠠᠶ ᠭᠠᠴᠠᠭᠠᠨ ᠤ ︽ᠵᠠᠯᠠᠭᠤᠴᠣᠳ ᠤᠨ ᠠᠶᠢᠯ︾ ᠳᠤ ᠭᠦᠨᠵᠡᠭᠡᠶᠢᠷᠡᠨ᠂ ︽ᠲᠤᠯᠤᠭᠠᠨ ᠰᠠᠷ᠎ᠠ ᠶᠢᠨ ᠨᠢᠭᠡᠨ ᠤ ᠪᠠᠶᠠᠷ ᠢ ᠤᠭᠳᠤᠨ ᠤᠷᠢ ᠵᠠᠯᠠᠭᠤ ᠨᠠᠰᠤᠨ ᠤ ᠤᠤᠷ ᠴᠢᠨᠠᠷ ᠢᠶᠠᠨ ᠳᠠᠪᠲᠠᠨ ᠪᠤᠯᠪᠠᠰᠤᠷᠠᠭᠤᠯᠤᠶ᠎ᠡ︾ ᠭᠡᠬᠦ ᠭᠤᠤᠯ ᠰᠠᠳᠤᠪᠳᠦ ᠨᠠᠮ ᠤᠨ ᠡᠳᠤᠷ ᠤᠨ ᠠᠵᠢᠯᠯᠠᠭ᠎ᠠ ᠦᠷᠨᠢᠬᠦᠯᠵᠦ᠂ ᠮᠢᠵᠢᠭ ᠬᠡᠷ ᠪᠦᠯᠢ ᠶᠢᠨ ᠮᠠᠯᠵᠢᠯ ᠤᠨ ᠲᠠᠯᠠᠪᠠᠶ ᠪᠠᠷ ᠲᠣᠭᠤᠷᠢᠨ ᠦᠵᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠳᠡ ᠶᠢᠨ ᠴᠡᠭ ᠤᠨ ᠪᠥᠲᠥᠭᠡᠨ ᠪᠠᠶᠢᠭᠤᠯᠤᠯᠲᠠ ᠪᠠ ᠵᠠᠯᠠᠭᠤᠴᠤᠳ ᠤᠨ ᠠᠳᠠᠯ ᠦᠢᠯᠡᠰ ᠪᠤᠰᠬᠠᠬᠤ ᠵᠡᠷᠭᠡ ᠠᠵᠢᠯ ᠢ ᠦᠷᠨᠢᠭᠦᠯᠦᠭᠰᠡᠨ ᠪᠠᠶᠢᠳᠠᠯ ᠢ ᠨᠠᠷᠢᠯᠢᠭ ᠤᠶᠢᠯᠠᠭᠠᠬᠤ ᠶᠢᠨ ᠬᠠᠮᠳᠦ᠂ ᠪᠦᠬᠦ ᠤᠯᠤᠰ ᠤᠨ ︽5 · 4︾ ᠤ ᠵᠠᠯᠠᠭᠤᠴᠤᠳ ᠤᠨ ᠱᠠᠩᠨᠠᠯ ᠬᠦᠷᠳᠡᠭᠴᠢ᠂ ᠪᠦᠬᠦ ᠤᠯᠤᠰ ᠤᠨ ︽5 · 4︾ ᠤ ᠤᠯᠠᠭᠠᠨ ᠲᠤᠭᠴᠢ ᠡᠪᠯᠡᠯ ᠤᠨ ᠬᠤᠷᠢᠶ᠎ᠡ᠂ ᠪᠦᠬᠦ ᠣᠷᠣᠨ ᠤ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠺᠠᠳ᠋ᠷ᠂ ᠪᠦᠬᠦ ᠣᠷᠣᠨ ᠤ ᠰᠢᠯᠢᠳᠡᠭ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ ᠪᠣᠯᠤᠨ ᠬᠥᠯᠥᠨ ᠪᠤᠶᠢᠷ ᠬᠤᠳᠠ ᠶᠢᠨ ᠵᠠᠯᠠᠭᠤᠴᠤᠳ ᠤᠨ ᠠᠵᠤ ᠠᠬᠤᠶᠢᠯᠠᠯ ᠤᠨ ᠨᠡᠶᠢᠭᠡᠮᠯᠢᠭ ᠤᠨ ᠭᠡᠰᠢᠭᠦᠳ ᠲᠠᠢ ᠶᠠᠷᠢᠯᠴᠠᠵᠤ ᠰᠠᠨᠠᠯ ᠢᠶᠠᠨ ᠰᠤᠯᠢᠯᠴᠠᠭᠰᠠᠨ ᠪᠠᠶᠢᠨ᠎ᠠ᠃
                                                              ᠤᠷᠴᠢᠭᠤᠤᠯᠭᠴᠢ᠄ ᠣᠳᠣᠨᠭᠡᠷᠡᠯ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号