ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠭᠤᠯᠬᠤ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2020/7/1
       ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠪᠥᠭᠡᠮ ᠬᠦᠴᠢᠯ ᠢ ᠪᠠᠶᠢᠴᠠᠭᠠᠨ ᠰᠢᠯᠭᠠᠭᠤᠯᠬᠤ ᠬᠦᠷᠢᠶ᠎ᠡ ᠬᠡᠪᠴᠢᠶ᠎ᠡ ᠶᠢ ᠤᠯᠠᠮ ᠴᠢᠨᠠᠭᠰᠢᠳᠠ ᠲᠣᠳᠣᠷᠬᠠᠶᠢᠯᠠᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ︾ ︵ᠥᠪᠥᠷ ᠰᠡᠷᠭᠡᠶᠢᠯᠡᠬᠦ ᠵᠢᠯᠤᠭᠤᠳᠬᠤ ᠲᠠᠷᠬᠠᠭᠠᠭᠰᠠᠨ ﹇2020﹈ 88 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠨ᠂ ︽ᠭᠠᠳᠠᠨ᠎ᠠ ᠠᠴᠠ ᠤᠷᠤᠵᠦ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠨ ᠰᠡᠷᠭᠦᠬᠦ ᠠᠴᠠ ᠰᠡᠷᠭᠡᠶᠢᠯᠡᠬᠦ︾ ᠶᠡᠷᠦᠩᠭᠡᠢ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠶᠢ ᠪᠦᠬᠦ ᠲᠠᠯ᠎ᠠ ᠪᠠᠷ ᠨᠠᠶᠢᠳᠠᠪᠦᠷᠢᠵᠢᠭᠤᠯᠤᠨ᠂ ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠰᠠᠶᠢᠳᠦᠷ ᠬᠢᠵᠦ᠂ ᠴᠠᠭ ᠲᠤᠬᠠᠶ ᠳᠤᠨᠢ ᠣᠯᠵᠤ ᠮᠡᠳᠡᠵᠦ᠂ ᠦᠳᠳᠡᠷ ᠲᠦᠷᠭᠡᠨ ᠰᠢᠢᠳᠪᠦᠷᠢᠯᠡᠨ᠂ ᠨᠠᠷᠢᠯᠢᠭ ᠤᠨᠤᠪᠴᠢᠳᠠᠢ ᠬᠠᠮᠢᠶᠠᠷᠤᠨ ᠡᠵᠡᠮᠳᠡᠵᠦ᠂ ᠪᠦᠲᠦᠮᠵᠢᠲᠡᠶ ᠡᠮᠨᠡᠨ ᠵᠠᠰᠠᠬᠤ ᠶᠢᠨ ᠲᠦᠯᠦᠭᠡ᠂ 2020 ᠣᠨ ᠤ 6 ᠰᠠᠷ᠎ᠠ ᠶᠢᠨ 29 ᠤ ᠡᠳᠦᠷ ᠠᠴᠠ ᠡᠬᠢᠯᠡᠨ ᠰᠢᠨ᠎ᠡ ᠪᠠᠷᠭᠤ ᠪᠠᠷᠠᠭᠤᠨ ᠬᠤᠰᠢᠭᠤᠨ ᠳᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠭᠤᠯᠤᠨ᠎ᠠ᠃        ᠨᠢᠭᠡ᠂ ᠪᠠᠶᠢᠴᠠᠭᠠᠨ ᠰᠢᠯᠭᠠᠭᠤᠯᠬᠤ ᠳᠤ ᠡᠷᠬᠡᠪᠰᠢ ᠮᠡᠳᠡᠬᠦ ᠵᠦᠢᠯ        1. ᠪᠠᠶᠢᠴᠠᠭᠠᠨ ᠰᠢᠯᠭᠠᠭᠤᠯᠤᠭᠴᠢ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠲᠠᠢ ᠤᠷᠢᠳᠴᠢᠯᠠᠨ ᠬᠠᠷᠢᠯᠴᠠᠭᠠᠷᠠᠢ᠃        ᠬᠠᠷᠢᠯᠴᠠᠬᠤ ᠤᠲᠠᠰᠤ᠄ 0470 — 6402436︔        ᠡᠳᠦᠷ ᠪᠦᠷᠢ ᠶᠢᠨ ᠦᠯᠢᠭᠡᠷ ᠠᠪᠬᠤ ᠴᠠᠭ᠄ ᠦᠳᠡ ᠶᠢᠨ ᠡᠮᠦᠨᠡᠬᠢ 9᠄ 00 — 11᠄ 30︔        ᠦᠯᠢᠭᠡᠷ ᠠᠪᠬᠤ ᠭᠠᠵᠠᠷ᠄ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠨᠢᠭᠡᠳᠦᠭᠡᠷ ᠳᠠᠪᠬᠤᠷᠭ᠎ᠠ᠃        2. ︽ᠰᠢᠨ᠎ᠡ ᠬᠡᠯᠪᠡᠷᠢ ᠶᠢᠨ ᠲᠢᠳᠢᠮᠯᠢᠭ ᠸᠢᠷᠦ᠋ᠰ ᠢ ᠪᠠᠶᠢᠴᠠᠭᠠᠨ ᠰᠢᠯᠭᠠᠭᠤᠯᠬᠤ ᠬᠤᠯᠪᠣᠭᠳᠠᠯ ᠪᠥᠬᠦᠶ ᠲᠥᠷᠥ ᠶᠢᠨ ᠪᠤᠳᠤᠯᠭ᠎ᠠ ᠶᠢ ᠲᠡᠭᠦᠯᠳᠡᠷᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠢᠩᠬᠢᠮ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠮᠲᠤᠷᠠᠨ ᠪᠠᠭᠤᠯᠭᠠᠭᠰᠠᠨ ᠮᠡᠳᠡᠭᠳᠡᠯ︾ ︵ᠥᠪᠥᠷ ᠡᠮᠨᠡᠯᠭᠡ ᠪᠠᠳᠤᠯᠠᠭ᠎ᠠ ᠠᠯᠪᠠᠨ ᠲᠠᠷᠬᠠᠭᠠᠭᠰᠠᠨ ﹇2020﹈ 13 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠭᠤᠯᠬᠤ ᠵᠠᠷᠤᠳᠠᠯ ᠨᠢ ᠬᠥᠮᠦᠨ ᠪᠦᠷᠢ 160 ᠲᠥᠭᠦᠷᠢᠭ᠃        ᠬᠤᠶᠠᠷ᠂ ᠠᠩᠬᠠᠷᠬᠤ ᠵᠦᠢᠯ        1. ᠪᠠᠶᠢᠴᠠᠭᠠᠨ ᠰᠢᠯᠭᠠᠭᠤᠯᠤᠭᠴᠢ ᠬᠤᠪᠢ ᠬᠥᠮᠦᠨ ᠤ ᠪᠡᠶ᠎ᠡ ᠶᠢᠨ ᠦᠨᠡᠮᠯᠡᠯ᠂ ᠡᠮᠨᠡᠯᠭᠡ ᠶᠢᠨ ᠳᠠᠭᠠᠳᠬᠠᠯ ᠤᠨ ᠺᠠᠷᠲ ᠢᠶᠠᠨ ᠠᠪᠴᠦ ᠤᠴᠢᠬᠤ ᠶᠢᠨ ᠳᠠᠭᠠᠤ᠂ ᠡᠷᠡᠭᠦᠯ ᠮᠡᠨᠳᠦ ᠶᠢᠨ ᠲᠡᠮᠳᠡᠭ ᠢᠶᠠᠨ ᠭᠠᠷᠭᠠᠵᠦ ᠦᠵᠡᠭᠦᠯᠬᠦ ᠬᠡᠷᠡᠭᠲᠡᠶ︔        2. ᠦᠯᠢᠭᠡᠷ ᠠᠪᠬᠤ ᠠᠴᠠ ᠡᠮᠦᠨᠡᠬᠢ 2 ᠴᠠᠭ ᠤᠨ ᠳᠣᠲᠣᠷ᠎ᠠ ᠬᠤᠭᠤᠯᠠ ᠢᠳᠡᠵᠦ ᠪᠤᠯᠬᠤ ᠦᠬᠡᠢ᠂ ᠦᠯᠢᠭᠡᠷ ᠠᠪᠬᠤ ᠠᠴᠠ ᠡᠮᠦᠨᠡᠬᠢ 30 ᠮᠢᠨᠦ᠋ᠲ ᠤᠨ ᠳᠤᠳᠤᠷ᠎ᠠ ᠲᠠᠮᠠᠬᠢ ᠳᠠᠳᠠᠬᠤ᠂ ᠠᠷᠢᠬᠢ ᠤᠤᠭᠤᠬᠤ᠂ ᠵᠠᠵᠢᠯᠤᠭᠤᠷ ᠰᠢᠬᠢᠷ ᠵᠠᠵᠢᠯᠵᠤ ᠪᠦᠷ ᠪᠣᠯᠬᠤ ᠦᠭᠡᠢ᠃        3. ᠪᠠᠶᠢᠴᠠᠭᠠᠨ ᠰᠢᠯᠭᠠᠵᠤ ᠰᠡᠷᠭᠡᠶᠢᠯᠡᠨ ᠬᠠᠮᠠᠭᠠᠯᠠᠬᠤ ᠱᠠᠭᠠᠷᠳᠠᠯᠭ᠎ᠠ᠄ ᠪᠠᠶᠢᠴᠠᠭᠠᠨ ᠰᠢᠯᠭᠠᠭᠤᠯᠤᠭᠴᠢ ᠡᠷᠬᠡᠪᠰᠢ ᠪᠠᠶᠢᠴᠠᠭᠠᠨ ᠰᠢᠯᠭᠠᠬᠤ ᠪᠠᠶᠢᠭᠤᠯᠤᠮᠵᠢ ᠲᠠᠢ ᠤᠷᠢᠳᠴᠢᠯᠠᠨ ᠬᠠᠷᠢᠯᠴᠠᠵᠤ᠂ ᠠᠩᠬᠠᠷᠬᠤ ᠵᠦᠢᠯᠡᠰ ᠢ ᠣᠶᠢᠯᠠᠭᠠᠬᠤ ᠬᠡᠷᠡᠭᠲᠡᠶ᠃ ᠪᠠᠶᠢᠴᠠᠭᠠᠨ ᠰᠢᠯᠭᠠᠬᠤ ᠪᠠᠶᠢᠭᠤᠯᠤᠮᠵᠢ ᠳᠤ ᠪᠠᠶᠢᠴᠠᠭᠠᠨ ᠰᠢᠯᠭᠠᠭᠤᠯᠬᠤ ᠦᠶ᠎ᠡ ᠳᠤ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠯᠳᠠ ᠪᠠᠨ ᠴᠢᠩᠭᠠᠳᠬᠠᠨ᠂ ᠪᠥᠬᠦ ᠶᠠᠪᠤᠴᠠ ᠳᠤ ᠠᠮᠠᠪᠴᠢ ᠵᠡᠭᠦᠵᠦ᠂ 1 ᠮᠧᠲᠷ ᠠᠴᠠ ᠳᠡᠭᠡᠭᠰᠢᠬᠢ ᠠᠮᠤᠷ ᠲᠦᠪᠰᠢᠨ ᠤ ᠵᠠᠶ ᠶᠢ ᠪᠠᠲᠤᠯᠠᠵᠤ᠂ ᠳᠤᠲᠠᠭᠤ ᠶᠠᠷᠢᠯᠴᠠᠵᠤ᠂ ᠪᠤᠰᠤᠳ ᠲᠠᠢ ᠤᠶᠢᠷᠠᠳᠬᠤ ᠥᠬᠡᠶ ᠪᠠᠶᠢᠬᠤ ᠭᠡᠷᠡᠭᠳᠡᠢ᠃ ᠭᠠᠷ ᠤᠨ ᠠᠷᠢᠭᠤᠨ ᠴᠡᠪᠡᠷ ᠢ ᠠᠩᠬᠠᠷᠤᠨ ᠰᠠᠶᠢᠲᠤᠷ ᠬᠢᠵᠦ᠂ ᠬᠥᠮᠦᠨ ᠬᠤᠷᠠᠵᠦ ᠴᠤᠭᠯᠠᠷᠠᠬᠤ ᠠᠴᠠ ᠵᠠᠶᠢᠯᠠᠰᠬᠢᠬᠦ ᠬᠡᠷᠡᠭᠲᠡᠶ᠃        ᠣᠨᠴᠠᠭᠠᠶᠢᠯᠠᠨ ᠵᠠᠷᠯᠠᠪᠠ                              ᠰᠢᠨ᠎ᠡ ᠪᠠᠷᠭᠤ ᠪᠠᠷᠠᠭᠤᠨ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ                                2020 ᠣᠨ ᠤ 6 ᠰᠠᠷ᠎ᠠ ᠶᠢᠨ 29 ᠤ ᠡᠳᠦᠷ                         ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号