ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020/7/14
       ᠣᠶᠢᠷ᠎ᠠ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠤᠯᠤᠭᠠᠨ᠎ᠠ ᠶᠢᠨ ᠬᠢᠵᠢᠭ ᠢ  ᠰᠡᠷᠭᠡᠶᠢᠯᠡᠨ ᠬᠢᠵᠠᠭᠠᠷᠯᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠤᠳᠤᠷᠢᠳᠬᠤ ᠪᠠᠭ᠂ ᠬᠤᠯᠪᠣᠭᠳᠠᠯ ᠪᠥᠬᠦᠶ  ᠲᠠᠰᠤᠭ ᠤᠨ ᠬᠠᠷᠢᠭᠤᠴᠠᠯᠭᠠᠲᠠᠨ ᠵᠢᠴᠢ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠡᠷᠬᠢᠯᠡᠭᠴᠢ ᠵᠢᠴᠢ ᠬᠤᠯᠤᠭᠠᠨ᠎ᠠ ᠶᠢᠨ ᠰᠡᠷᠭᠡᠶᠢᠯᠡᠯᠲᠡ ᠶᠢᠨ ᠰᠠᠯᠠᠭ᠎ᠠ ᠲᠠᠰᠤᠭ ᠤᠨ ᠬᠠᠮᠢᠶ᠎ᠠ ᠪᠥᠬᠦᠶ ᠬᠥᠮᠦᠰ ᠬᠤᠷᠠᠯ ᠳᠤ ᠣᠷᠣᠯᠴᠠᠵᠠᠶ᠃
       ᠬᠤᠷᠠᠯ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠠᠷᠢᠭᠤᠴᠠᠯᠭᠠᠳᠠᠨ ᠪᠥᠬᠦ ᠣᠷᠣᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠲᠧᠯᠸᠢᠰ ᠤᠳᠠᠰᠤᠳᠦ ᠬᠤᠷᠠᠯ  ᠳᠡᠭᠡᠷᠡᠬᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠤᠷᠳᠤᠨ ᠤ ᠳᠡᠳ᠋ ᠲᠡᠷᠢᠭᠦᠯᠡᠭᠴᠢ ᠡᠸᠤ ᠶᠠᠩ ᠰᠢᠶᠤᠤ ᠡᠾᠦ᠋ᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠷᠬᠢᠯᠡᠭᠴᠢ ᠰᠢᠤᠢ ᠬᠤᠩ ᡁᠢ ᠶᠢᠨ ᠴᠢᠬᠤᠯᠠ ᠴᠣᠬᠤᠯᠠᠪᠤᠷᠢ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠵᠦ᠂ ᠣᠳᠣᠬᠠᠨ ᠤ ᠮᠠᠨ ᠤ ᠬᠤᠰᠢᠭᠤᠨ ᠤ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠷᠢᠯᠠᠭᠤᠯᠤᠯᠪᠠ᠃        ᠬᠤᠷᠠᠯ ᠳᠤ ᠱᠠᠭᠠᠷᠳᠠᠭᠰᠠᠨ ᠨᠢ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠬᠤᠯᠤᠭᠠᠨ᠎ᠠ ᠶᠢᠨ ᠨᠢᠠᠠᠳᠠᠴᠠ ᠥᠨᠳᠥᠷ ᠭᠠᠵᠠᠷ ᠣᠷᠣᠨ ᠳᠤ ᠭᠦᠨᠵᠡᠭᠡᠶᠢᠷᠡᠨ ᠬᠤᠯᠤᠭᠠᠨ᠎ᠠ ᠪᠠ ᠨᠤᠬᠠᠢ ᠶᠢᠨ ᠪᠥᠭᠡᠰᠦ ᠶᠢ ᠠᠯᠠᠵᠦ ᠤᠰᠠᠳᠬᠠᠬᠤ ᠠᠵᠢᠯ ᠢ ᠦᠷᠨᠢᠬᠦᠯᠵᠦ᠂ ᠬᠢᠨᠠᠨ ᠬᠡᠮᠵᠢᠬᠦ ᠬᠡᠪᠴᠢᠶ᠎ᠡ ᠵᠢᠴᠢ ᠮᠥᠷᠳᠡᠨ ᠪᠠᠶᠢᠴᠠᠭᠠᠬᠤ ᠲᠠᠯᠠᠪᠠᠢ ᠶᠢ ᠦᠷᠭᠡᠳᠭᠡᠨ᠂ ᠤᠨᠴᠠᠭᠠᠶᠢᠯᠠᠨ ᠬᠤᠯᠤᠭᠠᠨ᠎ᠠ ᠶᠢᠨ ᠬᠢᠵᠢᠭ ᠤᠨ ᠪᠠᠶᠢᠭᠠᠯᠢ ᠶᠢᠨ ᠬᠢᠵᠢᠭ ᠤᠨ ᠡᠭᠦᠰᠦᠯᠲᠡ ᠶᠢᠨ ᠭᠠᠵᠠᠷ ᠪᠣᠯᠤᠨ ᠭᠤᠤᠯᠳᠠᠯᠭ᠎ᠠ ᠲᠠᠢ ᠬᠢᠵᠢᠭ ᠤᠨ ᠡᠭᠦᠰᠦᠯᠲᠡ ᠶᠢᠨ ᠭᠠᠵᠠᠷ ᠲᠠᠬᠢ ᠠᠮᠢᠲᠠᠨ ᠤ ᠬᠤᠭᠤᠷᠣᠨᠳᠣᠬᠢ ᠬᠤᠯᠤᠭᠠᠨ᠎ᠠ ᠶᠢᠨ ᠬᠢᠵᠢᠭ ᠢ ᠲᠥᠰᠦᠭᠡᠯᠡᠵᠦ ᠤᠷᠢᠳᠴᠢᠯᠠᠨ ᠮᠡᠳᠡᠭᠡᠯᠡᠬᠦ ᠪᠠ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠬᠤ ᠬᠡᠷᠡᠭᠲᠡᠶ᠃ ᠠᠵᠢᠯᠲᠠᠳ ᠡᠷᠬᠡᠪᠰᠢ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠠᠷᠭ᠎ᠠ ᠬᠡᠮᠵᠢᠶ᠎ᠡ ᠪᠠᠨ ᠰᠠᠶᠢᠲᠤᠷ ᠬᠢᠵᠦ᠂ ᠬᠦᠩᠭᠡᠨ ᠬᠠᠭᠤᠳᠠᠮ ᠪᠠᠶᠢᠵᠦ ᠪᠣᠯᠬᠤ ᠦᠭᠡᠢ᠃                        ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号