ᠬᠦᠯᠦᠨ ᠪᠠᠯᠭᠠᠰᠦ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ ᠺᠠᠳ᠋ᠷ ᠠᠵᠢᠯᠳᠠᠨ ᠤ ᠲᠣᠭᠲᠠᠭᠠᠯ ᠠᠴᠠ ᠵᠥᠷᠢᠴᠡᠨ ︽ᠰᠤᠷᠭᠠᠭᠤᠯᠢ ᠳᠠᠪᠰᠢᠬᠤ ᠳᠠᠶᠢᠯᠠᠯᠭ᠎ᠠ︾᠂ ︽ᠪᠠᠭᠰᠢ ᠳᠠᠭᠠᠨ ᠲᠠᠯᠠᠷᠬᠠᠬᠤ ᠳᠠᠶᠢᠯᠠᠯᠭ᠎ᠠ︾ ᠳᠤ ᠣᠷᠣᠯᠴᠠᠬᠤ ᠪᠠ ᠳᠠᠶᠢᠯᠠᠯᠭ᠎ᠠ ᠬᠢᠬᠦ ᠶᠢ ᠴᠢᠩᠭ᠎ᠠ ᠴᠠᠭᠠᠵᠠᠯᠠᠵᠦ ᠪᠤᠢ
ᠨᠡᠶᠢᠲᠡᠯᠡᠭᠰᠡᠨ ᠴᠠᠭ᠄
2020/7/30
       ᠣᠳᠣᠬᠠᠨ ᠳᠤ᠂ ᠶᠠᠭ ᠶᠡᠭᠡ ᠰᠤᠷᠭᠠᠭᠤᠯᠢ ᠳᠤ ᠰᠤᠷᠤᠭᠴᠢ ᠡᠯᠰᠡᠬᠦ ᠴᠠᠭ ᠮᠦᠨ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠬᠠᠮᠢᠶ᠎ᠠ ᠪᠦᠬᠦᠢ ᠱᠠᠭᠠᠷᠳᠠᠯᠭ᠎ᠠ ᠶᠢ ᠰᠠᠶᠢᠲᠤᠷ ᠨᠠᠶᠢᠳᠠᠪᠦᠷᠢᠵᠢᠭᠤᠯᠤᠨ᠂ ᠬᠦᠯᠦᠨ ᠪᠠᠯᠭᠠᠰᠦ ᠶᠢᠨ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠬᠤ ᠶᠢᠨ ᠲᠥᠯᠥᠭᠡ᠂ ᠲᠣᠭᠲᠠᠭᠠᠯ ᠠᠴᠠ ᠵᠥᠷᠢᠴᠡᠨ ᠶᠡᠬᠡᠪᠡᠷ ᠳᠠᠶᠢᠯᠠᠯᠭ᠎ᠠ ᠬᠢᠬᠦ ᠵᠡᠷᠭᠡ ᠲᠥᠪ ᠪᠤᠰᠤ ᠰᠤᠷᠲᠠᠯ ᠢ ᠴᠢᠩᠭ᠎ᠠ ᠬᠤᠷᠢᠭᠯᠠᠨ ᠵᠤᠭᠰᠤᠭᠠᠬᠤ ᠶᠢᠨ ᠲᠦᠯᠦᠭᠡ᠂ ᠬᠥᠯᠥᠨ ᠪᠠᠯᠭᠠᠰᠦ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠰᠠᠬᠢᠯᠭ᠎ᠠ ᠪᠠᠲᠤ ᠶᠢ ᠴᠢᠩᠳᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠠᠪᠴᠤ᠂ ᠨᠠᠮ ᠤᠨ ᠭᠡᠰᠢᠭᠦᠨ ᠺᠠᠳ᠋ᠷ ᠪᠣᠯᠤᠨ ᠠᠯᠪᠠᠨ ᠲᠤᠰᠢᠶᠠᠯᠲᠠᠳ ᠲᠣᠭᠲᠠᠭᠠᠯ ᠠᠴᠠ ᠵᠥᠷᠢᠴᠡᠨ ︽ᠰᠤᠷᠭᠠᠭᠤᠯᠢ ᠳᠠᠪᠰᠢᠬᠤ ᠳᠠᠶᠢᠯᠠᠯᠭ᠎ᠠ︾ ︽ᠪᠠᠭᠰᠢ ᠳᠠᠭᠠᠨ ᠳᠠᠯᠠᠷᠬᠠᠬᠤ ᠳᠠᠶᠢᠯᠠᠯᠭ᠎ᠠ︾ ᠭᠡᠬᠦ ᠨᠡᠷ᠎ᠡ ᠪᠠᠷ ᠡᠯ᠎ᠡ ᠲᠥᠷᠥᠯ ᠤᠨ ᠰᠤᠷᠭᠠᠭᠤᠯᠢ ᠳᠠᠪᠰᠢᠬᠤ ᠳᠠᠶᠢᠯᠠᠯᠭ᠎ᠠ ᠳᠤ ᠣᠷᠣᠯᠴᠠᠬᠤ ᠪᠠ ᠳᠠᠶᠢᠯᠠᠯᠭ᠎ᠠ ᠬᠢᠬᠦ ᠶᠢ ᠴᠢᠩᠭ᠎ᠠ ᠴᠠᠭᠠᠵᠠᠯᠠᠵᠤ᠂ ᠲᠥᠪ ᠴᠢᠬᠡᠴᠢ ᠬᠡᠪ ᠰᠤᠷᠲᠠᠯ ᠲᠠᠢ ᠰᠠᠶᠢᠨ ᠰᠠᠶᠢᠬᠠᠨ ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠬᠤ ᠪᠠᠷ ᠴᠢᠷᠮᠠᠶᠢᠵᠦ ᠪᠤᠢ᠃
       ᠨᠢᠭᠡ᠂ ᠡᠭᠦᠷᠭᠡ ᠲᠤᠰᠢᠶᠠᠯ ᠢᠶᠠᠨ ᠬᠦᠢᠴᠡᠳᠭᠡᠬᠦ ᠳᠤ ᠬᠢᠨᠠᠯᠲᠠ ᠲᠠᠯᠪᠢᠵᠤ᠂ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠨ᠎ᠠ᠃ ᠪᠢᠴᠢᠭ ᠮᠠᠲ᠋ᠧᠷᠢᠶᠠᠯ ᠳᠠᠷᠤᠮᠠᠯᠯᠠᠨ ᠲᠠᠷᠬᠠᠭᠠᠬᠤ᠂ ᠸᠢᠴᠠᠲ ᠤᠨ ᠠᠵᠢᠯ ᠤᠨ ᠳᠠᠪᠴᠠᠩ ᠢᠶᠠᠷ ᠱᠠᠯᠠᠪᠳᠠᠭᠤᠯᠤᠨ ᠴᠢᠬᠤᠯᠠᠴᠢᠯᠠᠬᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠲᠠᠪᠴᠠᠩ ᠢ ᠢᠯᠡ ᠨᠡᠶᠢᠲᠡᠯᠡᠬᠦ ᠵᠡᠷᠭᠡ ᠠᠷᠭ᠎ᠠ ᠪᠠᠷ ᠳᠠᠮᠵᠢᠨ ᠰᠠᠬᠢᠯᠭ᠎ᠠ ᠪᠠᠲᠤ ᠶᠢ ᠳᠠᠬᠢᠨ ᠴᠢᠩᠭᠠᠳᠬᠠᠵᠦ᠂ ᠨᠠᠮ ᠤᠨ ᠭᠡᠰᠢᠭᠦᠨ ᠺᠠᠳ᠋ᠷ ᠪᠣᠯᠤᠨ ᠠᠯᠪᠠᠨ ᠲᠤᠰᠢᠶᠠᠯᠲᠠᠳ ᠢ ᠪᠠᠭᠰᠢ ᠳᠤ ᠪᠠᠨ ᠲᠠᠯᠠᠷᠬᠠᠬᠤ ᠳᠠᠶᠢᠯᠠᠯᠭ᠎ᠠ᠂ ᠰᠤᠷᠭᠠᠭᠤᠯᠢ ᠳᠠᠪᠰᠢᠬᠤ ᠳᠠᠶᠢᠯᠠᠯᠭ᠎ᠠ ᠳᠤ ᠣᠷᠣᠯᠴᠠᠬᠤ ᠦᠬᠡᠢ᠂ ᠳᠠᠶᠢᠯᠠᠯᠭ᠎ᠠ ᠬᠢᠬᠦ ᠦᠬᠡᠢ᠂ ᠦᠷ᠎ᠡ ᠬᠡᠤᠬᠡᠳ ᠤᠨ ᠰᠤᠷᠭᠠᠭᠤᠯᠢ ᠳᠠᠪᠰᠢᠬᠤ ᠲᠠᠰᠢᠷᠠᠮ ᠢᠶᠠᠷ ᠡᠳ᠋ ᠬᠤᠭᠰᠢᠯ ᠬᠤᠷᠢᠶᠠᠵᠤ ᠪᠣᠯᠬᠤ ᠦᠭᠡᠢ ᠭᠡᠵᠦ ᠱᠠᠭᠠᠷᠳᠠᠵᠠᠢ᠃ ᠡᠭᠦᠨ ᠤ ᠬᠠᠮᠳᠦ᠂ ᠨᠠᠮ ᠤᠨ ᠭᠡᠰᠢᠭᠦᠨ ᠺᠠᠳ᠋ᠷ ᠠᠵᠢᠯᠲᠠᠨ ︽ᠰᠤᠷᠭᠠᠭᠤᠯᠢ ᠳᠠᠪᠰᠢᠬᠤ ᠳᠠᠶᠢᠯᠠᠯᠭ᠎ᠠ︾᠂ ︽ᠪᠠᠭᠰᠢ ᠳᠠᠭᠠᠨ ᠲᠠᠯᠠᠷᠬᠠᠬᠤ ᠳᠠᠶᠢᠯᠠᠯᠭ᠎ᠠ︾ ᠳᠤ ᠣᠷᠣᠯᠴᠠᠬᠤ ᠪᠠ ᠳᠠᠶᠢᠯᠠᠯᠭ᠎ᠠ ᠬᠢᠬᠦ ᠶᠢ ᠴᠢᠩᠭ᠎ᠠ ᠴᠠᠭᠠᠵᠠᠯᠠᠬᠤ ᠠᠮᠠᠯᠠᠯᠲᠠ ᠶᠢᠨ ᠪᠢᠴᠢᠭ ᠪᠠ ᠰᠠᠨᠠᠭᠠᠴᠢᠯᠠᠭ᠎ᠠ ᠶᠢᠨ ᠪᠢᠴᠢᠭ ᠲᠤ ᠭᠠᠷ ᠤᠨ ᠦᠰᠦᠭ ᠵᠢᠷᠤᠪᠠ᠃
       ᠬᠤᠶᠠᠷ᠂ ᠤᠬᠠᠭᠤᠯᠵᠤ ᠬᠥᠲᠥᠯᠥᠨ ᠵᠢᠯᠣᠭᠤᠳᠴᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢ ᠶᠢᠨ ᠬᠤᠩᠬᠤ ᠶᠢ ᠳᠤᠤᠭᠠᠷᠭᠠᠨ᠎ᠠ᠃ ᠸᠢᠴᠠᠲ ᠤᠨ ᠣᠯᠠᠨ ᠨᠡᠶᠢᠲᠡ ᠶᠢᠨ ᠳᠠᠪᠴᠠᠩ ᠢ ᠬᠦᠢᠴᠡᠳ ᠠᠰᠢᠭᠯᠠᠨ ᠰᠡᠷᠡᠮᠵᠢᠯᠡᠭᠦᠯᠬᠦ ᠬᠥᠮᠦᠵᠢᠯ ᠤᠨ ᠮᠡᠳᠡᠭᠡ ᠵᠠᠩᠭᠢ ᠳᠠᠷᠬᠠᠭᠠᠵᠦ᠂ ᠨᠠᠮ ᠤᠨ ᠭᠡᠰᠢᠭᠦᠨ ᠺᠠᠳ᠋ᠷᠴᠤᠳ ᠤᠨ ᠳᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠶᠢ ᠢᠳᠡᠪᠬᠢᠲᠡᠶ ᠪᠠᠷ ᠤᠬᠠᠭᠤᠯᠬᠤ ᠪᠠ ᠬᠥᠮᠦᠵᠢᠭᠦᠯᠦᠨ ᠬᠦᠳᠦᠯᠦᠨ ᠵᠢᠯᠤᠭᠤᠳᠪᠠ᠃ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠭᠡᠯ ᠥᠭᠬᠦ ᠳᠦᠷᠢᠮ︾ ᠵᠡᠷᠭᠡ ᠪᠢᠴᠢᠭ ᠮᠠᠲ᠋ᠧᠷᠢᠶᠠᠯ ᠤᠨ ᠠᠭᠤᠯᠭ᠎ᠠ ᠶᠢ ᠰᠤᠷᠤᠯᠴᠠᠨ ᠳᠤᠤᠱᠯᠠᠭᠤᠯᠬᠤ ᠶᠢ ᠴᠢᠩᠭᠠᠳᠬᠠᠵᠤ᠂ ᠪᠦᠬᠦ ᠺᠠᠳ᠋ᠷ ᠠᠵᠢᠯᠲᠠᠨ ᠢ ᠳᠠᠶᠢᠴᠢᠯᠠᠨ ᠲᠣᠭᠲᠠᠭᠠᠯ ᠠᠴᠠ ᠵᠥᠷᠢᠴᠡᠨ ᠰᠤᠷᠭᠠᠭᠤᠯᠢ ᠳᠠᠪᠰᠢᠬᠤ ᠳᠠᠶᠢᠯᠠᠯᠭ᠎ᠠ ᠪᠠ ᠪᠠᠭᠰᠢ ᠳᠠᠭᠠᠨ ᠳᠠᠯᠠᠷᠬᠠᠬᠤ ᠳᠠᠶᠢᠯᠠᠯᠭ᠎ᠠ ᠳᠤ ᠣᠷᠣᠯᠴᠠᠬᠤ ᠪᠠ ᠳᠠᠶᠢᠯᠠᠯᠭ᠎ᠠ ᠬᠢᠬᠦ ᠶᠢ ᠤᠬᠠᠮᠰᠠᠷ ᠠᠴᠠ  ᠪᠠᠨ ᠬᠤᠷᠢᠭᠯᠠᠵᠦ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠰᠡᠷᠡᠮᠵᠢ ᠶᠢᠨ ᠬᠤᠩᠬᠤ ᠶᠢ ᠤᠷᠢᠳᠴᠢᠯᠠᠨ ᠳᠤᠤᠭᠠᠷᠭᠠᠪᠠ᠃        ᠭᠤᠷᠪᠠ᠂ ᠰᠠᠬᠢᠯᠭ᠎ᠠ ᠪᠠᠲᠤ ᠶᠢ ᠭᠡᠷᠡᠭᠵᠢᠬᠦᠯᠦᠨ ᠬᠠᠷᠢᠭᠤᠴᠠᠯᠭ᠎ᠠ ᠨᠡᠬᠡᠮᠵᠢᠯᠡᠵᠦ᠂ ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠪᠠ᠃ ᠪᠠᠯᠭᠠᠰᠦ ᠶᠢᠨ ᠢᠯᠡ ᠨᠡᠶᠢᠲᠡᠯᠡᠬᠦ ᠪᠤᠯᠤᠩ᠂ ︽ᠭᠤᠷᠪᠠᠨ ᠶᠠᠪᠤᠳᠠᠯ︾ ᠢ ᠢᠯᠡ ᠨᠡᠶᠢᠲᠡᠯᠡᠬᠦ ᠲᠠᠪᠴᠠᠩ ᠤᠨ ᠢᠯᠡ ᠨᠡᠶᠢᠲᠡᠯᠡᠬᠦ ᠪᠢᠴᠢᠭ ᠮᠠᠲ᠋ᠧᠷᠢᠶᠠᠯ ᠳᠤ ᠢᠯᠡᠴᠢᠯᠡᠨ ᠮᠡᠳᠡᠭᠦᠯᠬᠦ ᠤᠲᠠᠰᠤ᠂ ᠢᠯᠡᠴᠢᠯᠡᠨ ᠮᠡᠳᠡᠭᠦᠯᠬᠦ ᠰᠢᠤᠳᠠᠨ ᠤ ᠬᠠᠶᠢᠷᠴᠠᠭ ᠢ ᠨᠡᠶᠢᠲᠡᠯᠡᠵᠡᠶ᠃ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠵᠦ᠂ ᠣᠯᠠᠨ ᠤ ᠢᠳᠡᠪᠬᠢᠲᠡᠢ ᠬᠢᠨᠠᠯᠲᠠ ᠳᠠᠯᠪᠢᠬᠤ ᠶᠢ ᠵᠣᠷᠢᠭᠵᠢᠭᠤᠯᠵᠤ᠂ ᠣᠯᠠᠨ ᠲᠦᠮᠡᠨ ᠤ ᠬᠢᠨᠠᠯᠲᠠ ᠲᠠᠯᠪᠢᠬᠤ ᠢᠳᠡᠪᠬᠢᠵᠢᠯ ᠢ ᠭᠦᠢᠴᠡᠳ ᠳᠠᠶᠢᠴᠢᠯᠠᠵᠤ᠂ ︽ᠬᠢᠨᠠᠯᠲᠠ ᠲᠠᠯᠪᠢᠬᠤ ᠲᠣᠣᠷ︾ ᠢ ᠰᠠᠶᠢᠲᠤᠷ ᠰᠦᠯᠵᠢᠵᠦ᠂ ᠰᠠᠯᠬᠢ ᠡᠰᠡᠷᠭᠦᠯᠡᠨ ᠰᠠᠬᠢᠯᠭ᠎ᠠ ᠪᠠᠲᠤ ᠠᠴᠠ ᠵᠥᠷᠢᠴᠡᠨ᠂ ᠲᠣᠭᠲᠠᠭᠠᠯ ᠠᠴᠠ ᠵᠥᠷᠢᠴᠡᠨ ︽ᠰᠤᠷᠭᠠᠭᠤᠯᠢ ᠳᠠᠪᠰᠢᠬᠤ ᠳᠠᠶᠢᠯᠠᠯᠭ᠎ᠠ︾᠂ ︽ᠪᠠᠭᠰᠢ ᠳᠠᠭᠠᠨ ᠳᠠᠯᠠᠷᠬᠠᠬᠤ ᠳᠠᠶᠢᠯᠠᠯᠭ᠎ᠠ︾ ᠳᠤ ᠣᠷᠣᠯᠴᠠᠬᠤ ᠪᠠ ᠳᠠᠶᠢᠯᠠᠯᠭ᠎ᠠ ᠬᠢᠬᠦ ᠶᠢ ᠣᠯᠵᠤ ᠮᠡᠳᠡᠮᠡᠭᠴᠡ ᠴᠢᠩᠭ᠎ᠠ ᠰᠢᠢᠳᠪᠦᠷᠢᠯᠡᠨ᠎ᠡ᠃                          ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号