︽ᠳᠤᠮᠳᠠᠳᠤ ᠤᠯᠤᠰ ᠤᠨ ᠵᠢᠭᠠᠰᠤᠨ ᠤ ᠶᠠᠪᠤᠳᠠᠯ ᠤᠨ ᠬᠤᠷᠴᠠ ᠰᠡᠯᠡᠮ᠎ᠡ ᠳᠠᠯᠠᠶᠢᠯᠭᠠᠭᠰᠠᠨ 2020 ᠤᠨ︾ ᠰᠢᠨ᠎ᠡ ᠪᠠᠷᠭᠤ ᠪᠠᠷᠠᠭᠤᠨ ᠬᠤᠰᠢᠭᠤ ᠬᠦᠳᠡᠯᠦᠯᠴᠡᠵᠦ ᠪᠤᠢ
ᠨᠡᠶᠢᠲᠡᠯᠡᠭᠰᠡᠨ ᠴᠠᠭ᠄
2020/7/7
       ᠣᠶᠢᠷ᠎ᠠ ᠳᠤ᠂ ᠬᠥᠯᠥᠨ ᠪᠤᠶᠢᠷ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠵᠢᠭᠠᠰᠤᠨ  ᠠᠵᠦ ᠠᠬᠤᠢ ᠶᠢᠨ ᠰᠠᠯᠠᠭ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ   ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠪᠣᠯᠤᠨ ᠰᠢᠨ᠎ᠡ ᠪᠠᠷᠭᠤ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠲᠠᠢ ᠬᠠᠮᠲᠤ ᠪᠠᠷ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠳᠤ ᠬᠠᠤᠯᠢ ᠭᠡᠷᠡᠭᠵᠢᠬᠦᠯᠬᠦ ᠶᠠᠪᠤᠴᠠ ᠳᠤ ᠢᠯᠭᠠᠷᠠᠭᠤᠯᠵᠤ ᠭᠠᠷᠭᠠᠭᠰᠠᠨ ᠵᠢᠭᠠᠰᠦ ᠠᠩᠨᠠᠬᠤ ᠳᠤᠤᠷ ᠪᠠᠭᠠᠵᠢ ᠶᠢ ᠬᠠᠤᠯᠢ ᠶᠣᠰᠣᠭᠠᠷ ᠲᠥᠪᠯᠡᠷᠡᠭᠦᠯᠦᠨ ᠤᠰᠠᠳᠬᠠᠪᠠ᠃
       ᠳᠤᠰ ᠠᠵᠢᠯᠯᠠᠭ᠎ᠠ ᠳᠤ᠂ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠢᠨ ᠡᠯ᠎ᠡ ᠲᠥᠷᠥᠯ ᠤᠨ ᠵᠢᠭᠠᠰᠦ ᠠᠩᠨᠠᠬᠤ ᠲᠣᠤᠷ ᠪᠠᠭᠠᠵᠢ ᠶᠢ ᠬᠤᠶᠠᠷ ᠲᠡᠷᠭᠡ ᠲᠦᠬᠦᠷᠡᠩ ᠳᠡᠭᠡᠭᠡᠵᠦ᠂ ᠬᠤᠭ ᠨᠣᠪᠰᠢ ᠰᠢᠢᠳᠪᠦᠷᠢᠯᠡᠬᠦ ᠲᠠᠯᠠᠪᠠᠶ ᠳᠤ ᠠᠪᠠᠴᠢᠵᠦ ᠪᠤᠯᠠᠵᠠᠶ᠃ ᠣᠶᠢᠯᠠᠭᠠᠭᠰᠠᠨ ᠢᠶᠠᠷ᠂ 5 ᠰᠠᠷ᠎ᠠ ᠶᠢᠨ 1 ᠤ ᠡᠳᠦᠷ ᠠᠴᠠ ᠡᠬᠢᠯᠡᠨ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠠᠶᠢᠭᠠᠯᠢ ᠶᠢᠨ ᠤᠰᠤᠨ ᠣᠷᠣᠨ ᠪᠦᠬᠦ ᠲᠠᠯ᠎ᠠ ᠪᠠᠷ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠤ ᠣᠷᠣᠵᠤ᠂ ︽ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠵᠢᠭᠠᠰᠤ ᠠᠩᠨᠠᠬᠤ ᠶᠢ ᠴᠠᠭᠠᠵᠠᠯᠠᠬᠤ ᠣᠷᠣᠨ︾ ᠳᠤ ᠵᠢᠭᠠᠰᠤᠨ ᠦᠢᠯᠡᠰ ᠤᠨ ᠡᠬᠢ ᠪᠠᠶᠠᠯᠢᠭ ᠢ ᠬᠠᠤᠯᠢ ᠪᠤᠰᠤ ᠪᠠᠷ ᠠᠩᠨᠠᠵᠤ ᠱᠦᠭᠦᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠦᠭᠪᠡ᠃ ᠣᠳᠣ ᠪᠣᠯᠲᠠᠯ᠎ᠠ᠂ ᠬᠠᠤᠯᠢ ᠬᠡᠷᠡᠭᠵᠢᠭᠦᠯᠬᠦ ᠶᠠᠪᠤᠴᠠ ᠳᠤ 9 ᠨᠡᠶᠢᠯᠡᠮᠡᠯ ᠲᠣᠣᠷ᠂ 112 ᠡᠷᠭᠢᠯᠳᠦᠭᠡ ᠲᠣᠣᠷ᠂ 331 ᠭᠠᠵᠠᠷ ᠤᠨ ᠰᠢᠩᠭᠡᠯᠢᠭ᠂ 122 ᠴᠠᠭᠠᠷᠢᠭ ᠲᠣᠣᠷ᠂ 51050 ᠭᠠᠷᠤᠶ ᠮᠧᠲᠷ ᠡᠯᠬᠦᠬᠡ ᠲᠤᠤᠷ ᠪᠤᠯᠤᠨ 12 ᠤᠰᠤᠨ ᠰᠡᠷᠡᠭᠡ ᠶᠢ ᠴᠡᠪᠡᠷᠯᠡᠭᠰᠡᠨ ᠪᠠᠶᠢᠨ᠎ᠠ᠃
       ᠰᠢᠨ᠎ᠡ ᠪᠠᠷᠭᠤ ᠪᠠᠷᠠᠭᠤᠨ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠥᠯᠥᠨ ᠨᠠᠭᠤᠷ ᠤᠨ ᠤᠰᠤᠨ ᠣᠷᠣᠨ ᠢ ᠶᠡᠷᠦᠩᠬᠡᠶᠢᠯᠡᠨ ᠵᠠᠰᠠᠬᠤ᠂ ︽ᠳᠤᠮᠳᠠᠳᠦ ᠤᠯᠤᠰ ᠤᠨ ᠵᠢᠭᠠᠰᠤᠨ ᠠᠵᠤ ᠠᠬᠤᠢ ᠶᠢᠨ ᠵᠠᠰᠠᠭ ᠤᠨ ᠶᠠᠪᠤᠳᠠᠯ ᠤᠨ ᠬᠤᠷᠴᠠ ᠰᠠᠯᠡᠮ᠎ᠡ ᠳᠠᠯᠠᠶᠢᠯᠭᠠᠭᠰᠠᠨ 2020 ᠤᠨ︾ ᠰᠢᠷᠢᠰ ᠲᠤᠰᠬᠠᠶ ᠬᠠᠤᠯᠢ ᠭᠡᠷᠡᠭᠵᠢᠬᠦᠯᠬᠦ ᠠᠵᠢᠯᠯᠠᠭ᠎ᠠ ᠪᠠ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ᠂ ᠵᠢᠭᠠᠰᠤ ᠠᠩᠨᠠᠬᠤ ᠶᠢ ᠴᠠᠭᠠᠵᠠᠯᠠᠬᠤ ᠣᠷᠣᠨ ᠤ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠵᠢᠭᠠᠰᠤᠨ ᠠᠵᠤ ᠠᠬᠤᠢ ᠶᠢᠨ ᠡᠬᠢ ᠪᠠᠶᠠᠯᠢᠭ ᠪᠣᠯᠤᠨ ᠵᠢᠭᠠᠰᠤᠨ ᠠᠵᠤ ᠠᠬᠤᠢ ᠶᠢᠨ ᠤᠰᠤᠨ ᠣᠷᠣᠨ ᠤ ᠣᠷᠴᠢᠨ ᠲᠣᠭᠤᠷᠢᠨ ᠢ ᠡᠪᠳᠡᠭᠰᠡᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠬᠠᠤᠯᠢ ᠶᠣᠰᠣᠭᠠᠷ ᠴᠢᠩᠭ᠎ᠠ ᠴᠣᠬᠢᠯᠲᠠ ᠦᠭᠪᠡ᠃ ᠣᠶᠢᠯᠠᠭᠠᠭᠰᠠᠨ ᠢᠶᠠᠷ᠂ ᠡᠨᠡ ᠵᠢᠯ ᠤᠨ 4 ᠰᠠᠷ᠎ᠠ ᠶᠢᠨ 17 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠭᠡᠷᠡᠭᠵᠢᠬᠦᠯᠬᠦ ᠶᠡᠭᠡ ᠠᠩᠭᠢ ᠶᠢᠨ ᠭᠡᠰᠢᠭᠦᠨ ᠬᠡᠷᠦᠯᠦᠨ ᠭᠤᠤᠯ ᠤᠨ ᠭᠤᠤᠯᠳᠠᠯᠭ᠎ᠠ ᠲᠠᠢ ᠭᠤᠤᠯ ᠤᠨ ᠬᠡᠰᠡᠭ ᠲᠤ ᠰᠠᠭᠤᠷᠢᠰᠢᠵᠦ᠂ ᠡᠳᠦᠷ ᠪᠦᠷᠢ ᠭᠤᠷᠪᠠ ᠤᠳᠠᠭ᠎ᠠ ᠭᠤᠣᠯ ᠳᠠᠭᠠᠤ ᠲᠣᠭᠤᠷᠢᠨ ᠴᠠᠭᠳᠠᠬᠤ ᠶᠢ ᠪᠠᠷᠢᠮᠲᠠᠯᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠵᠢᠭᠠᠰᠤᠨ ᠦᠢᠯᠡᠰ ᠤᠨ ᠡᠬᠢ ᠪᠠᠶᠠᠯᠢᠭ ᠵᠢᠴᠢ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠵᠠᠶ᠃ ᠬᠠᠷᠢᠶ᠎ᠠ ᠣᠷᠣᠨ ᠳᠠᠬᠢ ᠵᠢᠭᠠᠰᠤᠨ ᠣᠩᠭᠤᠴᠠ ᠶᠢ ᠪᠦᠷᠢᠳᠬᠡᠨ ᠳᠠᠩᠰᠠᠯᠠᠵᠤ᠂ ᠬᠥᠮᠦᠨ ᠡᠷᠭᠢ ᠳᠡᠭᠡᠷ᠎ᠡ ᠭᠠᠷᠬᠤ᠂ ᠲᠣᠤᠷ ᠢ ᠬᠥᠮᠥᠷᠭᠡ ᠳᠤ ᠣᠷᠣᠭᠤᠯᠬᠤ ᠶᠢ ᠦᠨᠡᠨᠬᠦ ᠪᠠᠲᠤᠯᠠᠵᠤ᠂ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠡᠮᠬᠢ ᠵᠢᠷᠤᠮ ᠲᠠᠢ ᠲᠣᠭᠲᠠᠭᠤᠨ ᠪᠠᠶᠢᠬᠤ ᠶᠢ ᠦᠨᠡᠨᠬᠦ ᠪᠠᠳᠤᠯᠠᠪᠠ᠃
 
       ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭ᠎ᠠ ᠪᠤᠯ ᠵᠢᠭᠠᠰᠤᠨ ᠤ ᠲᠥᠷᠥᠯ ᠤᠨ ᠦᠷᠡᠵᠢᠬᠦ᠂ ᠲᠦᠷᠢᠰᠦ ᠨᠡᠪᠴᠢᠭᠦᠯᠬᠦ ᠵᠢᠴᠢ ᠨᠢᠯᠬ᠎ᠠ ᠵᠢᠭᠠᠰᠤᠨ ᠤ ᠦᠰᠦᠯᠳᠡ ᠶᠢᠨ ᠵᠠᠩᠭᠢᠯᠠᠭ᠎ᠠ ᠶᠢᠨ ᠬᠤᠭᠤᠴᠠᠭ᠎ᠠ ᠪᠤᠯᠤᠨ᠎ᠠ᠂ ᠤᠰᠤᠨ ᠤ ᠠᠮᠢᠳᠤ ᠪᠣᠳᠠᠰ ᠪᠠ ᠵᠢᠭᠠᠰᠤᠨ ᠤ ᠦᠢᠯᠡᠰ ᠤᠨ ᠡᠬᠢ ᠪᠠᠶᠠᠯᠢᠭ ᠤᠨ ᠦᠷᠡᠵᠢᠨ ᠪᠤᠶᠢᠵᠢᠬᠤ ᠪᠠ ᠠᠮᠤᠷᠵᠢᠨ ᠳᠡᠩᠭᠡᠭᠡᠷᠡᠬᠦ ᠴᠢᠬᠤᠯᠠ ᠱᠠᠲᠤ ᠦᠶ᠎ᠡ ᠪᠣᠯᠤᠨ᠎ᠠ᠃ ᠵᠢᠭᠠᠰᠤ ᠠᠩᠨᠠᠬᠤ ᠶᠢ ᠴᠠᠭᠠᠵᠠᠯᠠᠬᠤ ᠬᠤᠭᠤᠴᠠᠭᠠᠨ ᠳᠠᠬᠢ ᠬᠠᠤᠯᠢ ᠪᠤᠰᠤ ᠪᠠᠷ ᠠᠩᠨᠠᠵᠤ ᠱᠦᠭᠦᠬᠦ ᠠᠵᠢᠯᠯᠠᠭ᠎ᠠ ᠵᠢᠭᠠᠰᠤᠨ ᠤ ᠲᠥᠷᠥᠯ ᠤᠨ ᠣᠷᠣᠰᠢᠨ ᠲᠣᠭᠲᠠᠨᠢᠵᠤ ᠦᠷᠡᠵᠢᠬᠦ ᠳᠤ ᠬᠦᠨᠳᠦ ᠨᠣᠴᠢᠲᠠᠶ ᠬᠤᠤᠷ ᠬᠥᠨᠥᠭᠡᠯ ᠤᠴᠠᠷᠠᠭᠤᠯᠬᠤ ᠪᠠᠷ ᠪᠠᠷᠠᠬᠤ ᠥᠬᠡᠶ᠂ ᠮᠠᠨ ᠤ ᠬᠤᠰᠢᠭᠤᠨ ᠤ ᠪᠠᠶᠢᠭᠠᠯᠢ ᠶᠢᠨ ᠤᠰᠤᠨ ᠣᠷᠣᠨ ᠤ ᠪᠦᠬᠦ᠋ᠢᠯᠡ ᠠᠮᠢ ᠠᠬᠤᠶ ᠶᠢᠨ ᠳᠡᠩᠴᠡᠬᠦᠷᠢ ᠶᠢ ᠴᠦ ᠬᠦᠨᠳᠦ ᠨᠣᠴᠢᠲᠠᠶ ᠨᠦᠯᠦᠬᠡᠯᠡᠬᠦ ᠪᠤᠯᠤᠨ᠎ᠠ᠃ ᠥᠷᠭᠡᠨ ᠣᠯᠠᠨ ᠲᠦᠮᠡᠨ ᠬᠠᠤᠯᠢ ᠪᠤᠰᠤ ᠪᠠᠷ ᠠᠩᠨᠠᠵᠤ ᠱᠦᠭᠦᠬᠦ ᠠᠵᠢᠯᠯᠠᠭ᠎ᠠ ᠶᠢ ᠴᠠᠭ ᠲᠤᠬᠠᠶ ᠳᠤᠨᠢ ᠢᠯᠡᠴᠢᠯᠡᠨ ᠮᠡᠳᠡᠭᠦᠯᠬᠦ ᠪᠤᠶᠤ ᠬᠤᠷᠢᠭᠯᠠᠨ ᠵᠣᠭᠰᠣᠭᠠᠵᠤ᠂ ᠪᠠᠶᠢᠭᠠᠯᠢ ᠶᠢᠨ ᠤᠰᠤᠨ ᠣᠷᠣᠨ ᠤ ᠵᠢᠭᠠᠰᠤᠨ ᠠᠵᠤ ᠠᠬᠤᠶ ᠶᠢᠨ ᠡᠬᠢ ᠪᠠᠶᠠᠯᠢᠭ ᠢ ᠬᠠᠮᠲᠤ ᠪᠠᠷ ᠬᠠᠮᠠᠭᠠᠯᠠᠬᠤ ᠶᠢ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠦᠰᠡᠨ ᠤᠷᠢᠶᠠᠯᠠᠵᠦ ᠪᠠᠶᠢᠨ᠎ᠠ᠃                         ᠤᠷᠴᠢᠭᠤᠯᠤᠭᠴᠢ᠄ ᠴᠡᠴᠡᠭ      
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号