ᠪᠦᠬᠦ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠤᠬᠠᠢ ᠶᠢᠨ ᠲᠠᠯᠠᠪᠣᠷ ᠤᠨ ᠬᠤᠷᠠᠯ ᠬᠤᠷᠠᠯᠳᠤᠵᠤ᠂ ᠪᠦ᠋ ᠰᠢᠶᠣᠤ ᠯᠢᠨ ᠬᠤᠷᠠᠯ ᠡᠷᠬᠢᠯᠡᠨ ᠶᠠᠷᠢᠶ᠎ᠠ ᠲᠠᠯᠪᠢᠪᠠ
ᠨᠡᠶᠢᠲᠡᠯᠡᠭᠰᠡᠨ ᠴᠠᠭ᠄
2020/8/10
       8 ᠰᠠᠷ᠎ᠠ ᠶᠢᠨ 9 ᠤ ᠡᠳᠦᠷ᠂ ᠦᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠦᠬᠦ ᠣᠷᠣᠨ ᠤ ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠲᠤᠬᠠᠢ ᠶᠢᠨ ᠲᠠᠯᠠᠪᠣᠷ ᠤᠨ ᠬᠤᠷᠠᠯ ᠢ ᠬᠦᠯᠦᠨ ᠪᠣᠶᠢᠷ ᠬᠤᠲᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠳᠤ ᠬᠤᠷᠠᠯᠳᠤᠭᠤᠯᠪᠠ᠃ ᠦᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠬᠤᠷᠠᠯ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ᠃        ᠪᠦ᠋ ᠰᠢᠶᠣᠤ ᠯᠢᠨ ᠵᠢᠭᠠᠬᠤ ᠳᠠᠭᠠᠨ᠂ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠪᠣᠯ ᠮᠠᠨ ᠤ ᠣᠷᠣᠨ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠴᠢᠬᠤᠯᠠ ᠠᠭᠤᠯᠭ᠎ᠠ ᠮᠦᠨ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠬᠤ᠂ ᠪᠦᠬᠦ ᠲᠠᠯ᠎ᠠ ᠪᠠᠷ ᠴᠢᠨᠡᠭᠡᠯᠢᠭ ᠨᠡᠶᠢᠭᠡᠮ ᠢ ᠪᠡᠶᠡᠯᠡᠭᠦᠯᠬᠦ ᠬᠠᠷᠠᠯᠲᠠ ᠶᠢᠨ ᠲᠤᠯᠭᠠᠮ᠎ᠠ ᠱᠠᠭᠠᠷᠳᠠᠯᠭ᠎ᠠ ᠮᠦᠨ᠂ ᠦᠵᠡᠰᠬᠦᠯᠡᠩᠲᠦ ᠰᠠᠶᠢᠬᠠᠨ ᠦᠪᠦᠷ ᠮᠣᠩᠭᠤᠯ ᠢᠶᠠᠨ ᠪᠦᠲᠦᠭᠡᠨ ᠪᠠᠶᠢᠭᠤᠯᠬᠤ ᠳᠤ ᠪᠠᠶᠢᠪᠠᠰᠤ ᠵᠣᠬᠢᠬᠤ ᠤᠳᠬ᠎ᠠ ᠠᠭᠤᠯᠭ᠎ᠠ ᠪᠣᠯᠣᠨ᠎ᠠ᠃ ᠡᠯ᠎ᠡ ᠱᠠᠲᠤᠨ ᠤ ᠡᠯ᠎ᠡ ᠰᠠᠯᠠᠭ᠎ᠠ ᠮᠦᠴᠢᠷ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠠᠵᠢᠯ ᠢ ᠲᠤᠶᠢᠯ ᠤᠨ ᠴᠢᠬᠤᠯᠠ ᠪᠠᠶᠢᠷᠢᠨ ᠳᠤ ᠲᠠᠯᠪᠢᠵᠤ᠂ ᠮᠠᠯᠵᠢᠬᠤ ᠣᠷᠣᠨ ᠮᠠᠯ ᠠᠵᠤ ᠠᠬᠤᠢ ᠮᠠᠯᠴᠢᠳ ᠢ ᠨᠡᠩ ᠶᠡᠭᠡ ᠬᠦᠴᠦᠨ ᠢᠶᠠᠷ ᠳᠡᠮᠵᠢᠬᠦ ᠬᠡᠷᠡᠭᠲᠡᠢ᠃ ᠮᠠᠯᠵᠢᠬᠤ ᠣᠷᠣᠨ ᠤ ᠣᠳᠣᠬᠢᠴᠢᠯᠠᠯᠲᠠ ᠶᠢ ᠠᠬᠢᠭᠤᠯᠬᠤ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠤᠯᠠᠮ ᠨᠡᠮᠡᠭᠳᠡᠭᠦᠯᠦᠨ᠂ ᠪᠠᠶᠢᠭᠠᠯᠢ ᠶᠢᠨ ᠵᠢᠮ᠎ᠡ ᠶᠣᠰᠣ᠂ ᠠᠵᠤ ᠠᠬᠤᠢ ᠶᠢᠨ ᠵᠢᠮ᠎ᠡ ᠶᠣᠰᠣ ᠪᠠ ᠨᠡᠶᠢᠭᠡᠮ ᠤᠨ ᠬᠦᠭᠵᠢᠯᠲᠡ ᠶᠢᠨ ᠵᠢᠮ᠎ᠡ ᠶᠣᠰᠣ ᠶᠢ ᠵᠢᠷᠤᠮᠯᠠᠵᠤ᠂ ᠨᠤᠲᠤᠭ ᠪᠡᠯᠴᠢᠭᠡᠷ ᠢ ᠳᠠᠭᠠᠭᠠᠴᠢᠯᠠᠨ ᠡᠵᠡᠩᠨᠡᠬᠦ ᠲᠦᠷᠥ ᠶᠢᠨ ᠪᠣᠳᠣᠯᠭ᠎ᠠ ᠬᠤᠪᠢᠷᠠᠬᠤ ᠦᠭᠡᠢ ᠪᠠᠶᠢᠬᠤ ᠶᠢ ᠪᠠᠲᠤᠯᠠᠭᠰᠠᠨ ᠤᠷᠢᠳᠠᠯ ᠳᠣᠣᠷ᠎ᠠ᠂ ᠮᠠᠯᠴᠢᠨ ᠲᠦᠮᠡᠨ ᠤ ᠬᠦᠰᠡᠯ ᠰᠠᠨᠠᠯ ᠢ ᠭᠦᠢᠴᠡᠳ ᠬᠦᠨᠳᠦᠳᠬᠡᠨ᠂ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠤ ᠰᠠᠨᠠᠯ ᠢ ᠦᠷᠭᠡᠨ ᠳᠡᠯᠭᠡᠷᠡᠩᠭᠦᠢ ᠰᠣᠨᠣᠰᠴᠤ᠂ ᠠᠰᠠᠭᠤᠳᠠᠯ ᠢ ᠢᠯᠡᠷᠡᠭᠦᠯᠦᠨ᠂ ᠲᠤᠷᠰᠢᠯᠭ᠎ᠠ ᠪᠠᠨ ᠳ᠋ᠦᠩᠨᠡᠵᠦ᠂ ᠢᠳᠡᠪᠬᠢᠲᠡᠢ ᠪᠦᠭᠡᠳ ᠯᠠᠪᠳᠠᠭᠤᠨ ᠢᠶᠠᠷ ᠲᠦᠯᠬᠢᠨ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ᠂ ᠦᠪᠦᠷ ᠮᠣᠩᠭᠤᠯ ᠤᠨ ᠦᠪᠡᠷᠮᠢᠴᠡ ᠣᠨᠴᠠᠯᠢᠭ ᠢ ᠢᠯᠡᠷᠡᠭᠦᠯᠦᠭᠰᠡᠨ᠂ ᠠᠮᠢ ᠠᠬᠤᠢ ᠶᠢ ᠲᠡᠷᠢᠭᠦᠨ ᠳᠤ ᠪᠣᠳᠣᠯᠬᠢᠯᠠᠵᠤ᠂ ᠪᠤᠬᠢᠷᠲᠤᠯ ᠦᠭᠡᠢ ᠬᠦᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠮᠠᠯᠵᠢᠬᠤ ᠣᠷᠣᠨ ᠤ ᠴᠢᠨᠠᠷᠯᠢᠭ ᠬᠦᠭᠵᠢᠯᠲᠡ ᠶᠢᠨ ᠰᠢᠨ᠎ᠡ ᠵᠠᠮ ᠢ ᠴᠢᠷᠮᠠᠶᠢᠨ ᠰᠦᠪᠡᠭᠴᠢᠯᠡᠬᠦ ᠬᠡᠷᠡᠭᠲᠡᠢ ᠭᠡᠰᠡᠨ ᠪᠠᠶᠢᠨ᠎ᠠ᠃        ᠪᠦ᠋ ᠰᠢᠶᠣᠤ ᠯᠢᠨ ᠴᠢᠩᠭᠠᠳᠬᠠᠬᠤ ᠳᠠᠭᠠᠨ᠂ ᠨᠤᠲᠤᠭ ᠪᠡᠯᠴᠢᠭᠡᠷ ᠤᠨ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠲᠤᠶᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ ᠢ ᠬᠠᠮᠠᠭᠠᠯᠠᠬᠤ ᠶᠢ ᠤᠰᠤᠨ ᠤ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠲᠡᠷᠢᠭᠦᠨ ᠴᠢᠬᠤᠯᠠ ᠡᠭᠦᠷᠭᠡ ᠪᠣᠯᠭᠠᠨ᠂ ᠬᠦᠮᠦᠨ ᠤ ᠠᠵᠢᠯᠯᠠᠭ᠎ᠠ ᠠᠴᠠ ᠪᠣᠯᠵᠤ ᠨᠤᠲᠤᠭ ᠪᠡᠯᠴᠢᠭᠡᠷ ᠢ ᠨᠦᠯᠦᠭᠡᠯᠡᠬᠦ ᠪᠠ ᠡᠪᠳᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠢ᠃ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠦᠷᠢᠴᠡᠯ ᠭᠠᠷᠬᠤ ᠳᠤ ᠬᠦᠷᠪᠡᠯ᠂ ᠠᠮᠢ ᠠᠬᠤᠢ ᠣᠷᠴᠢᠨ ᠲᠣᠭᠤᠷᠢᠨ ᠢ ᠬᠠᠮᠠᠭᠠᠯᠠᠬᠤ ᠶᠢ ᠡᠷᠬᠡᠪᠰᠢ ᠲᠡᠷᠢᠭᠦᠨ ᠳᠤ ᠲᠠᠯᠪᠢᠬᠤ ᠬᠡᠷᠡᠭᠲᠡᠢ᠃ ᠡᠯ᠎ᠡ ᠱᠠᠲᠤᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ ᠰᠢᠨ᠎ᠡ ᠬᠦᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠢ ᠪᠣᠯᠭᠠᠨ ᠲᠤᠤᠱᠯᠠᠭᠤᠯᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠭᠡᠷᠡᠴᠢᠯᠡᠯᠲᠡ ᠪᠠᠷ ᠭᠤᠣᠯ ᠱᠤᠭᠤᠮ ᠪᠣᠯᠭᠠᠨ᠂ ᠮᠠᠯ ᠠᠵᠤ ᠠᠬᠤᠢ ᠶᠢᠨ ᠬᠦᠭᠵᠢᠯᠲᠡ᠂ ᠴᠠᠭᠠᠨ ᠢᠳᠡᠭᠡᠨ ᠤ ᠠᠵᠤ ᠦᠢᠯᠡᠰ ᠢ ᠬᠦᠭᠵᠢᠭᠦᠯᠦᠨ ᠮᠠᠨᠳᠤᠭᠤᠯᠬᠤ ᠪᠠ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠪᠤᠬᠢᠷᠲᠤᠯ ᠦᠭᠡᠢ ᠰᠢᠯᠢᠳᠡᠭ ᠮᠠᠯ ᠤᠨ ᠠᠰᠢᠭ ᠰᠢᠮ᠎ᠡ ᠶᠢ ᠬᠠᠩᠭᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠤᠯᠠᠮᠵᠢᠯᠠᠯᠲᠤ ᠮᠠᠯ ᠠᠵᠤ ᠠᠬᠤᠢ ᠠᠴᠠ ᠣᠳᠣᠬᠢᠴᠢᠯᠠᠭᠰᠠᠨ ᠮᠠᠯ ᠠᠵᠤ ᠠᠬᠤᠢ ᠲᠡᠰᠢ ᠬᠤᠪᠢᠷᠠᠭᠤᠯᠬᠤ ᠶᠢ ᠲᠦᠷᠭᠡᠳᠬᠡᠬᠦ ᠬᠡᠷᠡᠭᠲᠡᠢ᠃ ᠠᠷᠠᠳ ᠲᠦᠮᠡᠨ ᠢ ᠳᠡᠭᠡᠳᠦᠯᠡᠵᠦ᠂ ᠮᠠᠯᠵᠢᠬᠤ ᠣᠷᠣᠨ ᠤ ᠰᠠᠭᠤᠷᠢ ᠲᠦᠬᠦᠭᠡᠷᠦᠮᠵᠢ ᠶᠢᠨ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠳᠤᠲᠠᠭᠤᠳᠠᠯ ᠢ ᠨᠦᠬᠦᠪᠦᠷᠢᠯᠡᠬᠦ ᠶᠢ ᠲᠦᠷᠭᠡᠳᠭᠡᠨ᠂ ᠣᠯᠠᠨ ᠲᠦᠮᠡᠨ ᠤ ᠶᠠᠪᠤᠵᠤ ᠰᠠᠭᠤᠬᠤ᠂ ᠴᠠᠬᠢᠯᠭᠠᠨ ᠬᠡᠷᠡᠭᠯᠡᠬᠦ᠂ ᠴᠢᠮᠡᠭᠡ ᠨᠡᠪᠲᠡᠷᠡᠭᠦᠯᠭᠡ ᠵᠢᠴᠢ ᠰᠤᠷᠭᠠᠨ ᠬᠦᠮᠦᠵᠢᠯ᠂ ᠰᠣᠶᠣᠯ᠂ ᠡᠷᠡᠭᠦᠯ ᠬᠠᠮᠠᠭᠠᠯᠠᠯ᠂ ᠨᠠᠰᠤᠵᠢᠯ ᠵᠡᠷᠭᠡ ᠪᠣᠳᠠᠲᠠᠢ ᠠᠰᠠᠭᠤᠳᠠᠯ ᠢ ᠪᠦᠬᠦ ᠬᠦᠴᠦᠨ ᠢᠶᠠᠷ ᠰᠢᠢᠳᠪᠦᠷᠢᠯᠡᠵᠦ᠂ ᠬᠤᠲᠠ ᠬᠦᠳᠡᠭᠡ ᠶᠢ ᠨᠢᠭᠡ ᠴᠣᠭᠴᠠᠵᠢᠭᠤᠯᠤᠨ ᠬᠦᠭᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠴᠦᠬᠡᠨ ᠲᠣᠭᠠᠲᠤ ᠦᠨᠳᠦᠰᠦᠲᠡᠨ ᠤ ᠰᠣᠶᠣᠯ ᠢ ᠬᠠᠮᠠᠭᠠᠯᠠᠨ ᠤᠯᠠᠮᠵᠢᠯᠠᠬᠤ ᠶᠢ ᠴᠢᠩᠭᠠᠳᠬᠠᠵᠤ᠂ ᠮᠠᠯᠵᠢᠬᠤ ᠣᠷᠣᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠬᠦᠭᠡᠷᠦᠮᠵᠢ ᠶᠢ ᠤᠯᠠᠮ ᠴᠢᠨᠠᠭᠰᠢᠳᠠ ᠰᠠᠶᠢᠵᠢᠷᠠᠭᠤᠯᠤᠨ᠂ ᠵᠤᠭᠠᠴᠠᠯ ᠪᠣᠯᠣᠨ ᠰᠣᠶᠣᠯ ᠭᠦᠨᠵᠡᠭᠡᠢ ᠠᠭᠤᠰᠤᠯᠴᠠᠬᠤ ᠶᠢ ᠠᠬᠢᠭᠤᠯᠵᠤ᠂ ᠴᠦᠬᠡᠨ ᠲᠣᠭᠠᠲᠤ ᠦᠨᠳᠦᠰᠦᠲᠡᠨ ᠤ ᠣᠶᠣᠨ ᠤ ᠭᠡᠷ ᠣᠷᠣᠨ ᠢᠶᠠᠨ ᠰᠠᠬᠢᠨ ᠬᠠᠮᠠᠭᠠᠯᠠᠬᠤ ᠬᠡᠷᠡᠭᠲᠡᠢ ᠭᠡᠪᠡ᠃        ᠬᠤᠷᠠᠯ ᠳᠤ ᠰᠢᠨ᠎ᠡ ᠪᠠᠷᠭᠤ ᠪᠠᠷᠠᠭᠤᠨ ᠬᠤᠰᠢᠭᠤ᠂ ᠠᠪᠠᠭ᠎ᠠ ᠬᠤᠰᠢᠭᠤ᠂ ᠤᠷᠠᠳ ᠤᠨ ᠳᠤᠮᠳᠠᠳᠤ ᠬᠤᠰᠢᠭᠤ᠂ ᠠᠷᠤ ᠬᠤᠷᠴᠢᠨ ᠬᠤᠰᠢᠭᠤ ᠨᠡᠶᠢᠲᠡᠯᠢᠭ ᠶᠠᠷᠢᠶ᠎ᠠ ᠲᠠᠯᠪᠢᠪᠠ᠃ᠬᠤᠷᠠᠯ ᠳᠤ ᠣᠷᠣᠯᠴᠠᠭᠰᠠᠳ ᠪᠠᠰᠠ ᠰᠢᠨ᠎ᠡ ᠪᠠᠷᠭᠤ ᠪᠠᠷᠠᠭᠤᠨ ᠬᠤᠰᠢᠭᠤᠨ ᠤ ᠮᠠᠯᠵᠢᠬᠤ ᠡᠷᠦᠬᠡ ᠶᠢᠨ ᠠᠷᠢᠭᠤᠳᠬᠠᠬᠤ ᠡᠨᠧᠷᠬᠢ ᠶᠢᠨ ᠢᠯᠴᠢ ᠬᠠᠩᠭᠠᠬᠤ ᠲᠤᠷᠰᠢᠯᠲᠠ ᠶᠢᠨ ᠴᠡᠭ᠂ ᠤᠰᠤᠨ ᠤ ᠠᠮᠢ ᠠᠬᠤᠢ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ  PPP ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠮᠠᠯᠵᠢᠯ ᠤᠨ ᠲᠤᠰᠬᠠᠢ ᠬᠤᠷᠰᠢᠶᠠᠵᠢᠯ ᠤᠨ ᠪᠦᠲᠦᠭᠡᠨ ᠪᠠᠶᠢᠭᠤᠯᠤᠯᠲᠠ ᠶᠢᠨ ᠡᠵᠡᠩᠨᠡᠯᠲᠡ ᠪᠠ ᠬᠤᠷᠰᠢᠶᠠᠵᠢᠯ ᠤᠨ ᠭᠡᠰᠢᠭᠦᠳ ᠤᠨ ᠦᠢᠯᠡᠳᠪᠦᠷᠢᠯᠡᠯ ᠠᠮᠢᠳᠤᠷᠠᠯ᠂ ᠤᠯᠠᠮᠵᠢᠯᠠᠯᠲᠤ ᠨᠡᠭᠦᠳᠡᠯ ᠰᠣᠶᠣᠯ ᠢ ᠪᠡᠶᠡᠴᠢᠯᠡᠨ ᠣᠶᠢᠯᠠᠭᠠᠬᠤ ᠵᠤᠭᠠᠴᠠᠯ ᠤᠨ ᠡᠵᠡᠩᠨᠡᠯᠲᠡ ᠵᠢᠴᠢ ᠲᠠᠯ᠎ᠠ ᠨᠤᠲᠤᠭ ᠤᠨ ᠬᠤᠨᠢᠨ ᠤ ᠮᠢᠬ᠎ᠠ ᠶᠢᠨ ᠠᠵᠤ ᠦᠢᠯᠡᠰ᠂ ᠡᠯᠧᠺᠲᠷᠣᠨ ᠬᠤᠳᠠᠯᠳᠤᠭᠠᠨ ᠤ ᠶᠠᠪᠤᠳᠠᠯ ᠪᠠ ᠦᠨᠳᠦᠰᠦᠲᠡᠨ ᠤ ᠣᠨᠴᠠᠯᠢᠭᠲᠤ ᠪᠦᠲᠦᠭᠡᠭᠳᠡᠬᠦᠨ ᠤ ᠬᠦᠭᠵᠢᠯᠲᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠬᠦᠷᠴᠦ ᠲᠣᠭᠤᠷᠢᠨ ᠦᠵᠡᠪᠡ᠃        ᠦᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠡᠯ᠎ᠡ ᠠᠶᠢᠮᠠᠭ ᠬᠤᠲᠠ ᠵᠢᠴᠢ 33 ᠮᠠᠯᠵᠢᠬᠤ ᠬᠤᠰᠢᠭᠤ ᠬᠤᠲᠠ ᠶᠢᠨ ᠭᠤᠣᠯ ᠬᠠᠷᠢᠭᠤᠴᠠᠯᠭᠠᠲᠠᠳ ᠲᠤᠬᠠᠢ ᠶᠢᠨ ᠲᠠᠯᠠᠪᠤᠷ ᠤᠨ ᠬᠤᠷᠠᠯ ᠳᠤ ᠣᠷᠣᠯᠴᠠᠪᠠ᠃                                ᠰᠤᠷᠪᠤᠯᠵᠢᠯᠠᠭᠴᠢ᠄ ᠳ᠋ᠠᠢ ᠬᠤᠩ                                ᠣᠷᠴᠢᠭᠤᠯᠤᠭᠴᠢ᠄ ᠦᠷᠴᠠᠶᠢᠬᠤ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号