︽ᠤᠯᠠᠭᠠᠨᠮᠥ᠋ᠴᠢᠷ ᠤᠨ ᠰᠠᠷ᠎ᠠ  ᠠᠯᠢᠪᠠ ᠪᠦᠬᠦᠨ ᠠᠷᠠᠳ ᠲᠦᠮᠡᠨ ᠤ ᠲᠥᠯᠥᠭᠡ︾ ︽ᠦᠬᠡᠷᠳᠦ ᠬᠦᠢᠳᠡᠨ  ᠤ ᠤᠤᠭᠠᠨ ᠦᠯᠦᠭᠡᠢ  ᠪᠠᠶᠠᠨ ᠳᠠᠩᠰᠤᠭ ᠳᠠᠯ᠎ᠠ ᠨᠤᠲᠤᠭ︾ ᠪᠣᠳᠠᠲᠤ ᠦᠵᠡᠮᠵᠢ ᠶᠢᠨ ᠲᠣᠭᠯᠠᠯᠲᠠ ᠬᠤᠰᠢᠭᠤᠨ ᠤ ᠠᠷᠠᠳ ᠤᠨ ᠵᠠᠩ ᠦᠢᠯᠡ ᠰᠤᠶᠤᠯ ᠤᠨ ᠠᠵᠦ ᠦᠢᠯᠡᠰ ᠤᠨ ᠬᠦᠷᠢᠶᠡᠯᠡᠩ ᠳᠤ ᠶᠠᠪᠤᠭᠳᠠᠪᠠ
ᠨᠡᠶᠢᠲᠡᠯᠡᠭᠰᠡᠨ ᠴᠠᠭ᠄
2020/8/10
       8 ᠰᠠᠷ᠎ᠠ ᠶᠢᠨ 7 ᠤ ᠣᠷᠣᠢ᠂ ︽ᠦᠭᠡᠷᠳᠦ ᠬᠦᠢᠳᠡᠨ ᠤ ᠤᠤᠭᠠᠨ ᠦᠯᠦᠬᠡᠢ  ᠪᠠᠶᠠᠨ ᠳᠠᠩᠰᠤᠭ ᠲᠠᠯ᠎ᠠ ᠨᠤᠲᠤᠭ︾ ᠬᠡᠮᠡᠬᠦ ᠭᠤᠣᠯ ᠰᠡᠳᠦᠪᠲᠦ ᠠᠷᠠᠳ ᠲᠤ ᠠᠰᠢᠭ ᠬᠦᠷᠲᠡᠭᠡᠬᠦ ᠲᠣᠭᠯᠠᠯᠲᠠ ᠬᠤᠰᠢᠭᠤᠨ ᠤ ᠵᠠᠩ ᠦᠢᠯᠡ ᠰᠣᠶᠣᠯ ᠤᠨ ᠠᠵᠤ ᠦᠢᠯᠡᠰ ᠤᠨ ᠬᠦᠷᠢᠶᠡᠯᠡᠩ ᠳᠤ ᠦᠪᠡᠳᠡᠭᠰᠢ ᠶᠡᠭᠡ ᠪᠠᠷ ᠶᠠᠪᠤᠭᠳᠠᠵᠤ᠂ ᠲᠠᠯ᠎ᠠ ᠨᠤᠲᠤᠭ ᠤᠨ ᠬᠥᠪᠡᠭᠦᠳ ᠥᠬᠢᠳ ᠤᠨ ᠪᠠᠶᠠᠵᠢᠨ ᠴᠢᠨᠡᠭᠡᠯᠢᠭᠵᠢᠵᠦ᠂ ᠡᠬᠡ ᠤᠯᠤᠰ ᠤᠨ ᠤᠮᠠᠷᠠᠲᠤ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠢ ᠪᠦᠲᠦᠭᠡᠨ ᠪᠠᠶᠢᠭᠤᠯᠬᠤ ᠤᠶᠤᠨ ᠰᠠᠨᠠᠭᠠᠨ ᠤ ᠳᠦᠷᠰᠦ ᠪᠠᠶᠢᠳᠠᠯ ᠢ ᠳᠡᠯᠭᠡᠨ ᠦᠵᠡᠭᠦᠯᠵᠡᠢ᠃        ︽ᠦᠬᠡᠷᠳᠦ ᠬᠦᠢᠳᠡᠨ︾ ᠭᠡᠬᠦ ᠳᠠᠭᠤᠤ ᠪᠦᠵᠢᠭ ᠨᠢ ᠲᠠᠯ᠎ᠠ ᠨᠤᠲᠤᠭ ᠤᠨ ᠨᠠᠮ ᠰᠡᠯᠡᠭᠦᠨ ᠪᠠ ᠷᠣᠮᠠᠨᠲ᠋ᠢᠭ ᠢ ᠢᠯᠡᠷᠡᠬᠦᠯᠵᠦ᠂ ᠮᠣᠩᠭᠤᠯ ᠦᠨᠳᠦᠰᠦᠳᠡᠨ ᠤ ᠴᠤᠭ ᠵᠢᠪᠬᠤᠭ᠎ᠠ ᠶᠢ ᠦᠵᠡᠭᠴᠢᠳ ᠲᠤ ᠤᠶᠢᠯᠠᠭᠠᠭᠤᠯᠤᠯ᠎ᠠ᠃ ᠲᠣᠭᠯᠠᠭᠴᠢᠳ ᠪᠠᠶᠠᠷ ᠤᠨ ᠡᠳᠦᠷ ᠤᠨ ᠬᠤᠪᠴᠠᠰᠤ ᠵᠠᠰᠠᠯ ᠢᠶᠠᠷ ᠢᠶᠠᠨ ᠭᠤᠶᠤᠯᠠᠵᠦ᠂ ᠨᠠᠮ ᠤᠨ ᠭᠡᠷᠡᠯ ᠰᠠᠴᠤᠷᠠᠩᠭᠤᠶ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ ᠳᠣᠤᠷ᠎ᠠ᠂ ᠦᠨᠳᠦᠰᠦᠨ ᠱᠠᠲᠤᠨ ᠤ ᠮᠠᠯᠴᠢᠳ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠵᠣᠯ ᠵᠢᠷᠭᠠᠯᠲᠤ ᠠᠮᠢᠳᠤᠷᠠᠯ ᠳᠡᠰᠢ ᠡᠷᠡᠰ ᠰᠢᠭᠤᠷᠬᠠᠢ ᠤᠷᠤᠭᠰᠢᠯᠠᠨ ᠳᠠᠪᠰᠢᠵᠦ ᠪᠠᠶᠢᠬᠤ ᠶᠢ ᠤᠯᠠᠨ ᠪᠦᠬᠦᠳᠡ ᠳᠤ ᠳᠤᠰᠬᠠᠭᠰᠠᠨ ᠪᠠᠶᠢᠨ᠎ᠠ᠃︽ᠮᠠᠯᠴᠢᠨ ᠤ ᠬᠦᠦ︾᠂ ︽ᠳᠤᠯᠢᠶᠠᠳᠦ ᠪᠥᠭᠡ︾᠂ ︽ᠴᠡᠭᠡ ᠶᠢᠨ ᠰᠡᠳᠬᠢᠯ︾ ᠵᠡᠷᠭᠡ ᠰᠦᠷ ᠵᠢᠪᠬᠤᠭ᠎ᠠ ᠲᠠᠢ ᠪᠥᠵᠢᠭ᠂ ᠢᠷᠠᠭᠤ ᠰᠠᠶᠢᠬᠠᠨ ᠭᠤᠴᠣᠯᠠᠯ ᠳᠠᠭᠤᠤ ᠨᠤᠭᠤᠳ ᠲᠠᠯ᠎ᠠ ᠨᠤᠲᠤᠭ ᠤᠨ ᠬᠥᠪᠡᠭᠦᠳ ᠥᠬᠢᠳ ᠤᠨ ᠪᠦᠯᠬᠦᠮᠳᠡᠨ ᠳᠡᠮᠡᠴᠡᠬᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠮᠠᠯᠵᠢᠬᠤ ᠣᠷᠣᠨ ᠤ ᠰᠢᠨ᠎ᠡ ᠵᠢᠷᠤᠭ ᠲᠥᠰᠦᠪ ᠢ ᠵᠢᠷᠤᠭᠯᠠᠬᠤ ᠢᠲᠡᠭᠡᠯ ᠵᠣᠷᠢᠭ ᠢ ᠢᠯᠡᠷᠡᠭᠦᠯᠪᠡ᠃
       ᠪᠦᠬᠦ᠋ᠢᠯᠡ ᠲᠣᠭᠯᠠᠯᠲᠠ ᠨᠢ ︽ᠠᠮᠢ ᠠᠬᠤᠶ ᠶᠢ ᠤᠷᠢᠳ ᠢᠶᠠᠷ ᠪᠣᠳᠣᠯᠬᠢᠯᠠᠵᠤ ᠪᠣᠬᠢᠷᠲᠤᠯ ᠦᠭᠡᠢ ᠬᠥᠭᠵᠢᠭᠦᠯᠬᠦ︾ ᠪᠠᠷ ᠭᠤᠣᠯ ᠵᠣᠷᠢᠯᠲᠠ ᠪᠤᠯᠭᠠᠨ᠂ ᠲᠠᠯ᠎ᠠ ᠨᠤᠲᠤᠭ ᠤᠨ ᠲᠠᠭᠤᠨ ᠢ ᠬᠠᠩᠭᠢᠨᠠᠭᠤᠯᠵᠤ᠂ ᠥᠭᠡᠳᠡᠯᠡᠨ ᠳᠠᠪᠰᠢᠬᠤ ᠭᠤᠤᠯ ᠬᠥᠭ ᠠᠶᠠᠰ ᠢᠶᠠᠷ ᠪᠢᠯᠬᠠᠮ᠎ᠠ ᠪᠠᠶᠢᠵᠠᠢ᠃ ᠤᠯᠠᠭᠠᠨᠮᠥ᠋ᠴᠢᠷ ᠤᠨ ᠲᠣᠭᠯᠠᠭᠴᠢᠳ᠂ ᠡᠯ᠎ᠡ ᠨᠡᠶᠢᠭᠡᠮᠯᠢᠭ ᠤᠨ ᠭᠡᠰᠢᠭᠦᠳ ᠪᠣᠯᠤᠨ ᠮᠠᠯᠴᠢᠳ ᠥᠪᠡᠷ ᠤᠨ ᠵᠣᠬᠢᠶᠠᠭᠰᠠᠨ ᠳᠠᠭᠤᠤ ᠪᠥᠵᠢᠭ ᠢᠶᠠᠷ ᠢᠶᠠᠨ ᠦᠬᠡᠷᠳᠦ ᠬᠦᠢᠳᠡᠨ ᠤ ᠦᠯᠦᠬᠡᠢ᠂ ᠪᠠᠶᠠᠨ ᠳᠠᠩᠰᠤᠭ ᠲᠠᠯ᠎ᠠ ᠨᠤᠲᠤᠭ ᠢᠶᠠᠨ ᠪᠦᠷᠢᠨ ᠢᠯᠡᠷᠡᠭᠦᠯᠵᠦ᠂ ᠦᠨᠳᠦᠰᠦᠲᠡᠨ ᠤ ᠰᠣᠶᠣᠯ ᠳᠤ ᠬᠠᠶᠢᠷᠠᠲᠠᠢ᠂ ᠠᠵᠢᠯ ᠬᠢᠵᠦ ᠦᠢᠯᠡᠰ ᠪᠤᠰᠬᠠᠬᠤ ᠢᠲᠡᠭᠡᠯ ᠵᠤᠷᠢᠭ ᠪᠣᠯᠤᠨ ᠡᠶ᠎ᠡ ᠵᠣᠬᠢᠴᠠᠩᠭᠤᠢ ᠵᠣᠯ ᠵᠢᠷᠭᠠᠯᠲᠤ ᠰᠢᠨ᠎ᠡ ᠪᠠᠷᠭᠤ ᠪᠠᠷᠠᠭᠤᠨ ᠬᠤᠰᠢᠭᠤ ᠶᠢ ᠬᠠᠮᠲᠤ ᠪᠠᠷ ᠪᠦᠳᠦᠬᠡᠨ ᠪᠠᠶᠢᠭᠤᠯᠬᠤ ᠰᠠᠶᠢᠨ ᠰᠠᠶᠢᠬᠠᠨ ᠵᠥᠩᠨᠡᠯ  ᠢᠶᠠᠨ ᠭᠦᠢᠴᠡᠳ  ᠢᠯᠡᠳᠭᠡᠭᠰᠡᠨ ᠪᠠᠶᠢᠨ᠎ᠠ᠃        ︽ᠥᠨᠢ ᠡᠭᠦᠷᠢᠳᠡ ᠲᠠᠯ᠎ᠠ ᠨᠤᠲᠤᠭ ᠤᠨ ᠬᠤᠪᠢᠰᠬᠠᠯᠲᠤ ᠤᠳᠬ᠎ᠠ ᠤᠷᠠᠯᠢᠭ ᠤᠨ ᠬᠥᠩᠭᠡᠨ ᠮᠣᠷᠢᠲᠤ ᠴᠡᠷᠢᠭ ᠪᠣᠯᠬᠤ︾ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠶᠠᠪᠤᠭ᠎ᠠ ᠤᠯᠠᠭᠠᠨᠮᠥ᠋ᠴᠢᠷ ᠨᠠᠮ ᠤᠨ ᠲᠠᠭᠤᠨ ᠢ ᠤᠯᠠᠮᠵᠢᠯᠠᠬᠤ᠂ ᠪᠣᠯᠪᠠᠰᠤᠨ ᠬᠡᠪ ᠰᠤᠷᠲᠠᠯ ᠢ ᠵᠠᠯᠭᠠᠮᠵᠢᠯᠠᠬᠤ ᠶᠠᠪᠤᠴᠠ ᠳᠤ ᠦᠢᠯᠡᠳᠦᠯ ᠢᠶᠠᠨ ᠦᠷᠬᠦᠯᠵᠢᠯᠡᠨ ᠢᠳᠡᠪᠬᠢᠲᠡᠶ ᠪᠠᠳᠠᠷᠠᠭᠤᠯᠵᠦ᠂ ᠡᠨᠡ ᠬᠦ ᠦᠵᠡᠮᠵᠢ ᠶᠢᠨ ᠣᠷᠣᠨ ᠨᠢ ᠰᠢᠨ᠎ᠡ ᠴᠠᠭ ᠦᠶ᠎ᠡ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠤ ᠦᠷᠭᠡᠨ ᠠᠭᠤᠳᠠᠮ ᠲᠠᠯ᠎ᠠ ᠨᠤᠲᠤᠭ ᠲᠤ ᠨᠡᠩ ᠤᠯᠠᠨ ᠦᠵᠡᠰᠬᠦᠯᠡᠩᠲᠦ ᠰᠠᠶᠢᠬᠠᠨ᠂ ᠨᠡᠩ ᠤᠯᠠᠨ ᠨᠠᠨᠳᠢᠨ ᠳᠤᠷᠠᠰᠤᠮᠵᠢ ᠦᠯᠡᠳᠡᠭᠡᠬᠦ ᠨᠢ ᠯᠠᠪᠲᠠᠢ ᠶᠤᠮ᠃                     ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号