ᠮᠠᠯᠵᠢᠬᠤ ᠣᠷᠣᠨ ᠤ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠄ ︽ᠳᠣᠯᠣᠭᠠᠨ ᠲᠣᠰᠬᠤᠨ ᠢ ᠨᠢᠭᠡ ᠴᠤᠭᠴᠠᠵᠢᠭᠤᠯᠵᠦ︾ ᠣᠷᠣᠨ ᠨᠤᠲᠤᠭ ᠤᠨ ᠣᠨᠴᠠᠯᠢᠭᠲᠤ ᠠᠵᠤ ᠦᠢᠯᠡᠰ ᠲᠤ ᠲᠦᠰᠢᠭᠯᠡᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠭᠠᠴᠠᠭᠠᠨ ᠤ ᠮᠠᠯᠴᠢᠨ ᠳᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2020/8/11
       ᠮᠠᠯᠵᠢᠬᠤ ᠣᠷᠣᠨ ᠤ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠮᠠᠨ ᠤ ᠬᠤᠰᠢᠭᠤᠨ ᠳᠤ ᠡᠮᠬᠢ ᠵᠢᠷᠤᠮ ᠲᠠᠢ ᠥᠷᠨᠢᠭᠦᠯᠦᠭᠰᠡᠨ ᠠᠴᠠ ᠨᠠᠰᠢ᠂ ᠬᠤᠰᠢᠭᠤᠨ ᠤ ᠠᠯᠳ᠋ᠬᠠᠮᠡᠭᠡᠯ  ᠪᠠᠯᠭᠠᠰᠦ ᠶᠢᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠳᠣᠯᠣᠭᠠᠨ ᠭᠠᠴᠠᠭ᠎ᠠ ︽ᠳᠣᠯᠣᠭᠠᠨ ᠲᠣᠰᠬᠤᠨ ᠢ ᠨᠢᠭᠡ ᠴᠣᠭᠴᠠᠵᠢᠭᠤᠯᠬᠤ︾ ᠬᠤᠯᠪᠣᠭᠠᠲᠤ ᠬᠤᠷᠰᠢᠶᠠᠵᠢᠯ ᠪᠠᠶᠢᠭᠤᠯᠵᠤ᠂ ᠳᠣᠯᠣᠭᠠᠨ ᠲᠣᠰᠬᠤᠨ ᠤ ᠠᠵᠤ ᠠᠬᠤᠢ ᠶᠢᠨ ᠴᠣᠭᠴᠠ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠭᠰᠠᠨ ᠪᠠᠶᠢᠨ᠎ᠠ᠃ ᠬᠤᠯᠪᠣᠭᠠᠲᠤ ᠬᠤᠷᠰᠢᠶᠠᠵᠢᠯ ᠪᠠᠶᠢᠭᠤᠯᠤᠭᠳᠠᠭᠰᠠᠨ ᠠᠴᠠ ᠨᠠᠰᠢ᠂ ᠲᠤᠰ ᠪᠡᠶ᠎ᠡ ᠶᠢᠨ ᠪᠣᠳᠠᠲᠤ ᠪᠠᠶᠢᠳᠠᠯ ᠳᠤ ᠨᠡᠶᠢᠴᠡᠭᠰᠡᠨ ᠤᠳᠤᠬᠢᠴᠢᠯᠠᠬᠤ᠂ ᠰᠢᠨᠵᠢᠯᠡᠬᠦ  ᠤᠬᠠᠭᠠᠨᠴᠢᠯᠠᠬᠤ ᠬᠦᠭᠵᠢᠯᠳᠡ ᠶᠢᠨ ᠴᠢᠭᠯᠡᠯ ᠢ ᠢᠳᠡᠪᠬᠢᠲᠡᠶ ᠰᠦᠪᠡᠭᠴᠢᠯᠡᠨ᠂ ᠣᠷᠭᠠᠨᠢᠭ ᠢᠳᠡᠰᠢᠨ ᠨᠣᠭᠤᠭ᠎ᠠ᠂ ᠭᠤᠸᠠ ᠵᠢᠮᠢᠰ ᠢ ᠳᠠᠷᠢᠵᠦ ᠤᠷᠭᠤᠭᠤᠯᠬᠤ ᠪᠠᠷ ᠳᠠᠮᠵᠢᠨ ᠮᠠᠯᠴᠢᠨ ᠲᠠᠷᠢᠶᠠᠴᠢᠳ ᠤᠨ ᠣᠷᠣᠯᠭ᠎ᠠ  ᠶᠢᠨ ᠨᠡᠮᠡᠭᠳᠡᠯ ᠢ ᠳᠠᠶᠢᠴᠢᠯᠠᠵᠦ᠂ ᠡᠭᠦᠨ ᠤ ᠬᠠᠮᠲᠤ ︽ᠳᠠᠷᠢᠶᠠᠨ ᠭᠠᠵᠠᠷ ᠢᠶᠠᠷ ᠮᠠᠯ ᠲᠡᠵᠢᠭᠡᠬᠦ︾ ᠰᠢᠨ᠎ᠡ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠭᠠᠷᠭᠠᠵᠦ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠭᠠᠴᠠᠭᠠᠨ ᠤ ᠨᠤᠲᠤᠭ ᠪᠡᠯᠴᠢᠭᠡᠷ ᠤᠨ ᠲᠠᠯᠠᠪᠠᠢ ᠪᠠᠭ᠎ᠠ ᠮᠠᠯ ᠰᠦᠷᠦᠭ ᠣᠯᠠᠨ ᠪᠠᠶᠢᠬᠤ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠬᠦ ᠪᠤᠯᠤᠨ᠎ᠠ᠃
       ᠭᠤᠸᠠ ᠶᠢᠨ ᠲᠠᠷᠢᠶᠠᠨ ᠳᠤ᠂ ᠭᠤᠸᠠ ᠶᠢᠨ ᠲᠠᠷᠢᠶᠠᠴᠢᠨ ᠴᠧᠨ ᠹᠡ ᠶᠠᠭ ᠰᠠᠶᠢᠬᠠᠨ ᠲᠡᠭᠦᠭᠰᠡᠨ ᠲᠠᠷᠪᠤᠰ ᠲᠤ  ᠲᠡᠮᠳᠡᠭ ᠨᠠᠭᠠᠵᠦ ᠳᠠᠯᠪᠢᠨ᠎ᠠ᠃ ᠡᠨᠡ ᠬᠦ ︽ᠵᠢᠷᠭᠤᠭᠠᠨ ᠲᠣᠰᠬᠤᠨ ᠤ ᠲᠠᠷᠪᠤᠰ︾ ᠭᠡᠵᠦ ᠪᠢᠴᠢᠭᠰᠡᠨ ᠵᠢᠵᠢᠭ ᠲᠡᠮᠳᠡᠭ ᠨᠢ ᠲᠡᠳᠡᠨ ᠤ ︽ᠡᠷᠳᠡᠨᠢ︾ ᠪᠤᠯᠤᠨ᠎ᠠ᠂ ᠡᠭᠦᠨ ᠢ ᠨᠠᠭᠠᠭᠰᠠᠨ ᠠᠴᠠ ᠲᠡᠳᠡᠨ ᠤ ᠲᠠᠷᠪᠤᠰ ᠢᠶᠠᠨ ᠵᠠᠬ᠎ᠠ ᠳᠡᠯᠭᠡᠭᠦᠷ ᠳᠡᠭᠡᠷᠡᠬᠢ ᠪᠤᠰᠤᠳ ᠲᠠᠷᠪᠤᠰ ᠠᠴᠠ ᠨᠢᠭᠡ ᠳᠠᠬᠢᠨ ᠢᠯᠡᠬᠦᠦ ᠦᠨ᠎ᠡ ᠪᠠᠷ ᠬᠤᠳᠠᠯᠳᠤᠬᠤ ᠪᠣᠯᠤᠨ᠎ᠠ᠃ ᠦᠨᠦ ᠵᠢᠯ ᠴᠧᠨ ᠹᠠ ᠶᠢᠨ 28 ᠮᠦ ᠭᠤᠸᠠ ᠶᠢᠨ ᠲᠠᠷᠢᠶ᠎ᠠ ᠨᠢ ᠲᠡᠭᠦᠨ ᠳᠤ 8 ᠲᠦᠮᠡᠨ ᠲᠥᠭᠦᠷᠢᠭ ᠤᠨ ᠴᠡᠪᠡᠷ ᠠᠰᠢᠭ ᠣᠷᠣᠯᠭ᠎ᠠ ᠠᠪᠴᠢᠷᠠᠵᠤ ᠦᠭᠬᠦ ᠪᠤᠯᠤᠨ᠎ᠠ᠃        ︽ᠵᠢᠷᠭᠤᠭᠠᠨ ᠲᠣᠰᠬᠤᠨ ᠤ ᠲᠠᠷᠪᠤᠰ︾ ᠤᠨ ᠲᠠᠸᠠᠷ ᠤᠨ ᠲᠡᠮᠳᠡᠭ ᠪᠣᠯ ᠰᠢᠷᠠᠲᠠᠯ᠎ᠠ ᠭᠠᠴᠠᠭᠠᠨ ᠤ ︽ᠵᠢᠷᠭᠤᠭᠠᠨ ᠳᠤᠰᠬᠤᠨ ᠤ ᠲᠠᠷᠪᠤᠰ︾ ᠤᠨ ᠣᠷᠭᠠᠨᠢᠭ ᠭᠡᠷᠡᠴᠢᠯᠡᠯ ᠤᠨ ᠲᠠᠸᠠᠷ ᠤᠨ ᠲᠡᠮᠳᠡᠭ ᠪᠣᠯᠤᠨ᠎ᠠ᠃ ︽ᠵᠢᠷᠭᠤᠭᠠᠨ ᠲᠣᠰᠬᠤᠨ ᠤ ᠲᠠᠷᠪᠤᠰ︾ ᠪᠣᠯ ᠤᠯᠠᠮᠵᠢᠯᠠᠯᠲᠤ ᠤᠷᠤᠨ ᠨᠤᠲᠤᠭ ᠤᠨ ᠪᠦᠲᠦᠭᠡᠭᠳᠡᠬᠦᠨ ᠮᠥᠨ᠂ ᠣᠷᠭᠠᠨᠢᠭ ᠭᠡᠷᠡᠴᠢᠯᠡᠯ ᠤᠨ ᠲᠠᠸᠠᠷ ᠤᠨ ᠲᠡᠮᠳᠡᠭ ᠲᠠᠢ ᠪᠣᠯᠬᠤ ᠠᠴᠠ ᠡᠮᠦᠨ᠎ᠡ᠂ ᠦᠨ᠎ᠡ ᠬᠠᠩᠰᠢ ᠨᠢ ᠵᠠᠬ᠎ᠠ ᠳᠡᠯᠭᠡᠬᠦᠷ ᠳᠡᠭᠡᠷᠡᠬᠢ ᠡᠩ ᠤᠨ ᠲᠠᠷᠪᠤᠰ ᠤᠨ ᠦᠨ᠎ᠡ ᠬᠠᠩᠰᠢ ᠲᠠᠢ ᠠᠳᠠᠯᠢᠬᠠᠨ᠃ 2014 ᠣᠨ ᠳᠤ᠂ ᠠᠯᠳ᠋ᠬᠠᠮᠡᠭᠡᠯ ᠪᠠᠯᠭᠠᠰᠦ ︽ᠵᠢᠷᠭᠤᠭᠠᠨ ᠲᠣᠰᠬᠤᠨ ᠤ ᠲᠠᠷᠪᠤᠰ︾ ᠲᠤ ᠤᠷᠭᠠᠨᠢᠭ ᠭᠡᠷᠡᠴᠢᠯᠡᠯ ᠤᠨ ᠲᠠᠸᠠᠷ ᠤᠨ ᠲᠡᠮᠳᠡᠭ ᠢ ᠳᠠᠩᠰᠠᠯᠠᠭᠤᠯᠤᠨ ᠬᠡᠷᠡᠭᠯᠡᠭᠰᠡᠨ ᠤ ᠳᠠᠷᠠᠭ᠎ᠠ᠂ ᠬᠤᠳᠠᠯᠳᠤᠬᠤ ᠦᠨ᠎ᠡ ᠨᠢ ᠨᠢᠭᠡ ᠳᠠᠬᠢᠨ ᠤᠷᠴᠢᠮ ᠨᠡᠮᠡᠭᠳᠡᠪᠡ᠃ ᠡᠨᠡ ᠵᠢᠯ᠂ ᠠᠯᠳ᠋ᠬᠠᠮᠡᠭᠡᠯ ᠪᠠᠯᠭᠠᠰᠦ ᠶᠢᠨ ︽ᠳᠣᠯᠣᠭᠠᠨ ᠲᠣᠰᠬᠤᠨ︾ ᠤ ᠬᠤᠯᠪᠣᠭᠠᠲᠤ ᠬᠤᠷᠰᠢᠶᠠᠵᠢᠯ ᠪᠠᠶᠢᠭᠤᠯᠤᠭᠳᠠᠵᠦ᠂ ᠣᠨᠴᠠᠯᠢᠭᠲᠤ ᠠᠵᠤ ᠦᠢᠯᠡᠰ ᠢ ᠬᠡᠷᠬᠢᠨ ᠬᠦᠭᠵᠢᠬᠦᠯᠬᠦ ᠶᠢ ᠪᠤᠳᠤᠯᠬᠢᠯᠠᠵᠦ ᠪᠠᠶᠢᠭᠰᠠᠨ ᠲᠢᠶᠠᠨ ᠵᠠᠨ ᠺᠦᠨ ᠵᠢᠷᠭᠤᠭᠠᠨ ᠲᠣᠰᠬᠤᠨ ᠤ ᠲᠠᠷᠪᠤᠰ ᠲᠤ ᠣᠷᠭᠠᠨᠢᠭ ᠭᠡᠷᠡᠴᠢᠯᠡᠯ ᠤᠨ ᠲᠠᠸᠠᠷ ᠤᠨ ᠲᠡᠮᠳᠡᠭ ᠬᠠᠳᠠᠵᠦ᠂ ᠪᠤᠰᠤᠳ ᠭᠠᠴᠠᠭ᠎ᠠ ᠳᠤ ᠳᠡᠯᠭᠡᠷᠡᠭᠦᠯᠬᠦ ᠶᠢᠨ ᠬᠠᠮᠲᠤ ᠪᠦᠷᠬᠦᠴᠡ ᠶᠢᠨ ᠬᠡᠪᠴᠢᠶ᠎ᠡ ᠶᠢ ᠦᠷᠭᠡᠳᠭᠡᠵᠦ᠂ ︽ᠲᠤᠬᠠᠶ ᠶᠢᠨ ᠭᠠᠵᠠᠷ ᠤᠨ ᠭᠤᠸᠠ︾ ᠶᠢ ᠣᠷᠭᠠᠨᠢᠭ ᠲᠠᠷᠪᠤᠰ ᠪᠣᠯᠭᠠᠬᠤ ᠪᠠᠷ ᠪᠠᠷᠠᠬᠤ ᠥᠬᠡᠶ᠂ ᠪᠠᠰᠠ ᠳᠤᠯᠤᠭᠠᠨ ᠲᠣᠰᠬᠤᠨ ᠤ ᠢᠳᠡᠰᠢᠨ ᠨᠣᠭᠤᠭ᠎ᠠ ᠳᠤ ᠣᠷᠭᠠᠨᠢᠭ᠂ ᠪᠣᠬᠢᠷᠲᠤᠯ ᠥᠬᠡᠶ ᠪᠡᠶ᠎ᠡ ᠶᠢᠨ ᠭᠠᠷᠤᠯ ᠤᠨ ᠫᠠᠶᠢᠰᠠ ᠵᠡᠬᠦᠯᠭᠡᠭᠰᠡᠨ ᠪᠠᠶᠢᠨ᠎ᠠ᠃
       ᠬᠠᠭᠠᠰ ᠲᠠᠷᠢᠶᠠᠯᠠᠬᠤ ᠬᠠᠭᠠᠰ ᠮᠠᠯᠵᠢᠬᠤ ᠭᠠᠴᠠᠭ᠎ᠠ ᠪᠣᠯᠤᠭᠰᠠᠨ ᠤ ᠬᠤᠪᠢ ᠳᠤ᠂ ᠭᠠᠴᠠᠭᠠᠨ ᠳᠤ ᠲᠠᠷᠢᠶᠠᠯᠠᠩ ᠳᠤ ᠬᠡᠷᠡᠭᠯᠡᠬᠦ ᠭᠠᠵᠠᠷ ᠪᠠᠶᠢᠬᠤ ᠪᠠᠷ ᠪᠠᠷᠠᠬᠤ ᠦᠭᠡᠶ ᠪᠠᠰᠠ ᠵᠢᠵᠢᠭ ᠭᠡᠰᠡᠭ ᠤᠨ ᠨᠤᠲᠤᠭ ᠪᠡᠯᠴᠢᠭᠡᠷ ᠲᠠᠢ ᠪᠠᠶᠢᠵᠤ᠂ ᠭᠠᠴᠠᠭᠠᠨ ᠤ ᠬᠠᠭᠠᠰ ᠰᠢᠬᠠᠮ ᠰᠠᠭᠤᠭᠠᠯᠢ ᠠᠷᠠᠳ ᠪᠦᠷ ᠮᠠᠯ ᠲᠡᠵᠢᠭᠡᠵᠦ᠂ ᠵᠤᠨ ᠪᠤᠯᠤᠭᠰᠠᠭᠠᠷ ᠵᠥᠪᠬᠡᠨ 125000 ᠮᠦ ᠬᠠᠮᠲᠤ ᠶᠢᠨ ᠨᠤᠲᠤᠭ ᠳᠡᠭᠡᠷᠡᠬᠢ ᠡᠪᠡᠰᠦ ᠪᠡᠯᠴᠢᠭᠡᠷ ᠢ ᠪᠤᠯᠢᠶᠠᠯᠳᠤᠵᠤ᠂ ᠬᠠᠮᠲᠤ ᠶᠢᠨ ᠨᠤᠲᠤᠭ ᠦᠷᠭᠦᠯᠵᠢᠯᠡᠨ ᠮᠠᠭᠤᠳᠠᠵᠤ᠂ ᠡᠪᠦᠯ ᠤᠨ ᠦᠶ᠎ᠡ ᠳᠤ ᠡᠪᠡᠰᠦ ᠪᠣᠷᠳᠤᠭ᠎ᠠ ᠶᠡᠭᠡ ᠬᠡᠮᠵᠢᠶ᠎ᠡ ᠪᠠᠷ ᠬᠤᠳᠠᠯᠳᠤᠨ ᠠᠪᠴᠤ᠂ ᠮᠠᠯ ᠠᠷᠠᠴᠢᠯᠠᠨ ᠲᠡᠵᠢᠭᠡᠬᠦ ᠥᠪᠡᠷ ᠤᠨ ᠥᠷᠲᠡᠭ ᠨᠡᠮᠡᠭᠳᠡᠵᠦ᠂ ᠮᠠᠯ ᠠᠷᠠᠴᠢᠯᠠᠨ ᠲᠡᠵᠢᠭᠡᠬᠦ ᠡᠷᠦᠬᠡ ᠶᠢᠨ ᠤᠷᠤᠯᠭ᠎ᠠ ᠶᠢ ᠳᠡᠭᠡᠭᠰᠢᠯᠡᠭᠦᠯᠵᠦ ᠴᠢᠳᠠᠬᠤ ᠦᠭᠡᠢ ᠮᠥᠷᠲᠡᠭᠡᠨ ᠪᠠᠰᠠ ᠨᠤᠲᠤᠭ ᠪᠡᠯᠴᠢᠭᠡᠷ ᠤᠨ ᠠᠮᠢ ᠠᠬᠤᠶ ᠶᠢ ᠵᠤᠬᠢᠬᠤ ᠬᠡᠮᠵᠢᠶ᠎ᠡ  ᠪᠠᠷ ᠡᠪᠳᠡᠨ᠎ᠠ᠃ ᠡᠭᠦᠨ ᠳᠤ ᠪᠡᠯᠴᠢᠭᠡᠷ ᠪᠠᠭ᠎ᠠ ᠪᠠᠶᠢᠬᠤ ᠳᠤᠲᠠᠭᠤᠳᠠᠯ ᠢ ᠳᠠᠪᠠᠭᠤᠯᠢᠭ ᠲᠠᠯ᠎ᠠ ᠪᠣᠯᠭᠠᠬᠤ ᠶᠢᠨ ᠲᠥᠯᠥᠭᠡ᠂ ᠲᠢᠶᠠᠨ ᠵᠠᠨ ᠺᠦᠨ ︽ᠳᠠᠷᠢᠶᠠᠨ ᠭᠠᠵᠠᠷ ᠢᠶᠠᠷ ᠮᠠᠯ ᠲᠡᠵᠢᠭᠡᠬᠦ︾ ᠦᠢᠯᠡᠳᠪᠦᠷᠢᠯᠡᠯ ᠤᠨ ᠵᠠᠭᠪᠤᠷ ᠢ ᠳᠤᠷᠠᠳᠴᠤ᠂ ᠭᠠᠴᠠᠭᠠᠨ ᠤ ᠲᠠᠷᠢᠶᠠᠯᠠᠩ ᠳᠤ ᠬᠡᠷᠡᠭᠯᠡᠬᠦ ᠭᠠᠵᠠᠷ ᠢ ᠠᠰᠢᠭᠯᠠᠵᠤ᠂ ᠬᠦᠭᠡ ᠪᠠᠷ ᠳᠠᠷᠤᠰᠢᠭᠤᠯᠤᠭᠰᠠᠨ ᠪᠣᠷᠳᠤᠭ᠎ᠠ ᠲᠠᠷᠢᠵᠤ᠂ ᠮᠠᠯ ᠳᠤ ᠲᠡᠵᠢᠭᠡᠯ ᠪᠣᠷᠳᠤᠭ᠎ᠠ ᠬᠠᠩᠭᠠᠵᠤ᠂ ᠡᠪᠡᠰᠦ ᠪᠡᠯᠴᠢᠭᠡᠷ ᠪᠠᠭ᠎ᠠ ᠪᠠᠶᠢᠬᠤ ᠠᠰᠠᠭᠤᠳᠠᠯ ᠢ ᠰᠢᠢᠳᠪᠦᠷᠢᠯᠡᠬᠦ ᠪᠠᠷ ᠪᠤᠯᠵᠠᠢ᠃
       ᠵᠤᠨ ᠪᠤᠯᠤᠭᠰᠠᠭᠠᠷ ᠭᠠᠴᠠᠭᠠᠨ ᠤ ᠵᠤᠰᠠᠯᠠᠩ ᠪᠡᠯᠴᠢᠭᠡᠷ ᠲᠤ ᠮᠠᠯ ᠬᠠᠷᠢᠭᠤᠯᠵᠦ᠂ ᠡᠪᠦᠯ ᠤᠨ ᠤᠯᠠᠷᠢᠯ ᠳᠤ ᠤᠳᠤᠬᠢᠴᠢᠯᠠᠯᠳᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠪᠣᠯᠤᠨ ᠬᠦᠭᠡ ᠪᠠᠷ ᠳᠠᠷᠤᠰᠢᠭᠤᠯᠤᠭᠰᠠᠨ ᠪᠣᠷᠳᠤᠭ᠎ᠠ ᠶᠢ ᠠᠰᠢᠭᠯᠠᠨ ᠬᠠᠰᠢᠶᠠᠯᠠᠨ ᠲᠡᠵᠢᠭᠡᠵᠦ ᠪᠤᠯᠤᠨ᠎ᠠ᠂ ᠡᠨᠡ ᠨᠢ ᠬᠠᠳᠤᠯᠠᠩ ᠪᠡᠯᠴᠢᠭᠡᠷ ᠢ ᠠᠮᠤᠷᠵᠢᠭᠤᠯᠤᠨ ᠰᠡᠷᠬᠦᠭᠡᠬᠦ ᠪᠠᠷ ᠪᠠᠷᠠᠬᠤ ᠦᠬᠡᠢ ᠲᠠᠷᠢᠶᠠᠯᠠᠩ ᠳᠤ ᠬᠡᠷᠡᠭᠯᠡᠬᠦ ᠭᠠᠵᠠᠷ ᠢ ᠠᠰᠢᠭᠯᠠᠨ ᠮᠠᠯ ᠤᠨᠤᠭ᠎ᠠ ᠡᠪᠦᠯ ᠤᠨ ᠤᠯᠠᠷᠢᠯ  ᠳᠤ ᠡᠪᠡᠰᠦ ᠪᠣᠷᠳᠤᠭ᠎ᠠ ᠳᠤᠲᠠᠭᠳᠠᠵᠤ ᠪᠠᠶᠢᠭ᠎ᠠ ᠠᠰᠠᠭᠤᠳᠠᠯ ᠢ ᠪᠠᠰᠠ ᠰᠢᠢᠳᠪᠦᠷᠢᠯᠡᠴᠢᠬᠡᠨ᠎ᠡ᠃ ᠣᠳᠣ ᠭᠠᠴᠠᠭᠠᠨ ᠤ ᠰᠠᠭᠤᠭᠠᠯᠢ ᠠᠷᠠᠳ ᠤᠨ ᠲᠠᠷᠢᠮᠠᠯ ᠤᠨ ᠬᠦᠷᠢᠶᠡᠯᠡᠩ ᠳᠤ ᠪᠦᠷ ᠬᠦᠭᠡ ᠪᠠᠷ ᠲᠠᠷᠤᠰᠢᠭᠤᠯᠤᠭᠰᠠᠨ ᠪᠤᠷᠳᠤᠭ᠎ᠠ ᠳᠠᠷᠢᠵᠦ᠂ ᠡᠪᠦᠯ ᠤᠨ ᠤᠯᠠᠷᠢᠯ ᠳᠤ ᠬᠠᠰᠢᠶᠠᠯᠠᠨ ᠲᠡᠵᠢᠭᠡᠬᠦ ᠳᠤ ᠪᠡᠯᠡᠳᠬᠡᠯ ᠬᠢᠵᠦ ᠪᠠᠶᠢᠨ᠎ᠠ᠃ ᠣᠳᠣᠬᠠᠨ ᠳᠤ ᠰᠢᠷᠠᠲᠠᠯ᠎ᠠ ᠭᠠᠴᠠᠭᠠᠨ ᠤ ᠡᠪᠦᠯ ᠤᠨ ᠤᠯᠠᠷᠢᠯ ᠤᠨ ᠮᠠᠯ ᠲᠡᠵᠢᠭᠡᠬᠦ ᠳᠤ ᠬᠡᠷᠡᠭᠯᠡᠬᠦ ᠤᠳᠤᠬᠢᠴᠢᠯᠠᠯᠳᠠ ᠶᠢᠨ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠶᠠᠭ ᠪᠦᠲᠦᠭᠡᠨ ᠪᠠᠶᠢᠭᠤᠯᠵᠤ ᠪᠠᠶᠢᠨ᠎ᠠ᠃
       ᠠᠯᠳ᠋ᠬᠠᠮᠡᠭᠡᠯ ᠪᠠᠯᠭᠠᠰᠦ ᠶᠢᠨ ︽ᠳᠣᠯᠣᠭᠠᠨ ᠲᠣᠰᠬᠤᠨ ᠢ ᠨᠢᠭᠡ ᠴᠣᠭᠴᠠᠵᠢᠭᠤᠯᠬᠤ︾ ᠪᠦᠲᠦᠭᠡᠨ ᠪᠠᠶᠢᠭᠤᠯᠤᠯᠲᠠ ᠶᠢᠨ ᠲᠤᠷᠰᠢᠯᠲᠠ ᠶᠢᠨ ᠴᠡᠭ ᠪᠠᠶᠢᠭᠤᠯᠤᠭᠳᠠᠭᠰᠠᠨ ᠤ ᠳᠠᠷᠠᠭ᠎ᠠ᠂ ᠬᠠᠭᠠᠰ ᠲᠠᠷᠢᠶᠠᠯᠠᠬᠤ ᠬᠠᠭᠠᠰ ᠮᠠᠯᠵᠢᠬᠤ ᠭᠠᠴᠠᠭᠠᠨ ᠤ ᠣᠨᠴᠠᠯᠢᠭ ᠪᠣᠯᠤᠨ ᠪᠣᠳᠠᠲᠤ ᠪᠠᠶᠢᠳᠠᠯ ᠲᠠᠢ ᠨᠢᠠᠠᠳᠠ ᠤᠶᠠᠯᠳᠤᠭᠤᠯᠤᠨ᠂ ︽ᠠᠮᠢ ᠠᠬᠤᠢ ᠶᠢ ᠤᠷᠢᠳ ᠢᠶᠠᠷ ᠪᠣᠳᠣᠯᠬᠢᠯᠠᠨ᠂ ᠪᠣᠬᠢᠷᠲᠤᠯ ᠦᠭᠡᠢ ᠬᠥᠭᠵᠢᠭᠦᠯᠬᠦ︾ ᠪᠠᠷ ᠤᠳᠤᠷᠢᠳᠤᠮᠵᠢ ᠪᠣᠯᠭᠠᠨ᠂ ᠮᠠᠯ ᠠᠵᠤ ᠠᠬᠤᠢ ᠶᠢᠨ ᠬᠥᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ᠂ ᠮᠠᠯᠵᠢᠬᠤ ᠣᠷᠣᠨ ᠤ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠮᠠᠯᠴᠢᠳ ᠤᠨ ᠳᠣᠲᠣᠭᠠᠳᠤ ᠬᠦᠳᠡᠯᠭᠡᠭᠴᠢ ᠬᠦᠴᠦᠨ ᠢ ᠬᠥᠭᠵᠢᠭᠡᠬᠦ ᠡᠨᠡ ᠬᠦ ᠭᠤᠣᠯ ᠰᠢᠵᠢᠮ ᠲᠠᠢ ᠨᠢᠭᠲᠠ ᠤᠶᠠᠯᠳᠤᠭᠤᠯᠵᠤ᠂ ᠠᠵᠤ ᠦᠢᠯᠡᠰ ᠤᠨ ᠬᠥᠭᠵᠢᠯᠲᠡ ᠶᠢ ᠲᠡᠷᠢᠭᠦᠨ ᠪᠠᠶᠢᠷᠢᠨ ᠳᠤ ᠲᠠᠯᠪᠢᠵᠤ᠂ ᠮᠠᠨ ᠤ ᠬᠤᠰᠢᠭᠤᠨ ᠤ ᠮᠠᠯᠵᠢᠬᠤ ᠤᠷᠤᠨ ᠤ ᠤᠳᠤᠬᠢᠴᠢᠯᠠᠯᠳᠠ ᠶᠢᠨ ᠳᠤᠷᠰᠢᠯᠳᠠ ᠶᠢᠨ ᠴᠡᠭ ᠤᠨ ᠪᠦᠲᠦᠭᠡᠨ ᠪᠠᠶᠢᠭᠤᠯᠤᠯᠳᠠ ᠶᠢᠨ ᠠᠵᠢᠯ ᠳᠤ ᠲᠦᠰᠢᠭᠯᠡᠨ᠂ ᠤᠳᠤᠬᠢᠴᠢᠯᠠᠯᠳᠠ ᠶᠢᠨ ᠳᠡᠵᠢᠭᠡᠨ ᠦᠷᠡᠵᠢᠬᠦᠯᠬᠦ ᠰᠠᠭᠤᠷᠢᠨ ᠭᠠᠵᠠᠷ  ᠤᠨ ᠲᠦᠷᠦᠯ ᠵᠦᠢᠯ ᠢ ᠭᠡᠷᠡᠭᠵᠢᠬᠦᠯᠬᠦ ᠪᠠᠷ ᠭᠠᠷᠳᠠᠨ ᠬᠢᠬᠦ ᠴᠡᠭ ᠪᠤᠯᠭᠠᠨ᠂ ᠳᠤᠳᠠᠭᠤᠳᠠᠯ ᠢ ᠨᠦᠬᠦᠪᠦᠷᠢᠯᠡᠨ ᠬᠦᠷᠦᠯᠴᠡᠬᠦ ᠦᠬᠡᠢ ᠳᠠᠯ᠎ᠠ ᠪᠠᠨ ᠬᠦᠴᠦᠷᠭᠡᠭᠵᠢᠬᠦᠯᠵᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠬᠦᠯᠬᠦ ᠪᠠ ᠠᠮᠢ ᠠᠬᠤᠶᠢᠴᠢ ᠪᠠᠷ ᠳᠡᠵᠢᠭᠡᠨ ᠦᠷᠡᠵᠢᠬᠦᠯᠬᠦ ᠶᠢ ᠭᠡᠷᠡᠭᠵᠢᠬᠦᠯᠦᠨ᠂ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢ ᠰᠦᠪᠡᠭᠴᠢᠯᠡᠵᠦ᠂ ᠮᠠᠯᠵᠢᠬᠤ ᠤᠷᠤᠨ ᠤ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠳᠤ ᠳᠤᠷᠰᠢᠯᠭ᠎ᠠ ᠬᠤᠷᠠᠮᠳᠤᠭᠤᠯᠤᠨ ᠦᠭᠴᠦ ᠳᠠᠭᠤᠷᠢᠶᠠᠯ ᠦᠵᠡᠬᠦᠯᠦᠨ᠎ᠡ᠃                             ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号