ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠳᠤᠪᠴᠢᠶ᠎ᠠ ᠶᠢᠨ ᠨᠠᠮ ᠤᠨ ᠡᠭᠦᠷ ︽ᠨᠢᠭᠡ ᠭᠠᠷᠠᠭ ᠤᠨ ᠮᠠᠯᠴᠢᠨ ᠪᠣᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020/8/3
       ᠦᠨᠳᠦᠰᠦᠨ ᠱᠠᠲᠤᠨ ᠤ ᠨᠠᠮ ᠤᠨ ᠡᠭᠦᠷ ᠤᠨ ᠪᠠᠬᠢᠯᠡᠯᠲᠡ ᠶᠢᠨ ᠦᠢᠯᠡᠳᠦᠯ ᠢ ᠤᠯᠠᠮ ᠴᠢᠨᠠᠭᠰᠢᠳᠠ ᠪᠠᠬᠢᠵᠢᠬᠦᠯᠦᠨ᠂ ᠣᠯᠠᠨ ᠲᠦᠮᠡᠨ ᠯᠦᠭᠡ ᠶᠢᠨ ᠨᠢᠭᠲᠠ ᠬᠠᠷᠢᠯᠴᠠᠭ᠎ᠠ ᠪᠠᠨ ᠬᠦᠨᠵᠡᠭᠡᠶᠢᠷᠡᠬᠦᠯᠬᠦ ᠶᠢᠨ ᠲᠦᠯᠦᠭᠡ᠂ ᠣᠶᠢᠷ᠎ᠠ ᠳᠤ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠨᠠᠮ ᠤᠨ ᠡᠭᠦᠷ ᠨᠠᠮ ᠤᠨ ᠭᠡᠰᠢᠭᠦᠳ ᠢᠶᠠᠨ ᠵᠣᠬᠢᠶᠠᠨ ᠪᠠᠶᠢᠭᠤᠯᠵᠤ᠂ ᠬᠥᠯᠥᠨ ᠪᠠᠯᠭᠠᠰᠤ ᠶᠢᠨ ᠬᠥᠯᠥᠨ ᠨᠠᠭᠤᠷ ᠭᠠᠴᠠᠭᠠᠨ ᠤ ᠮᠠᠯᠴᠢᠨ ᠴᠠᠩ ᠱᠧᠩ ᠤᠨ ᠳᠤ ᠭᠦᠨᠵᠡᠭᠡᠶᠢᠷᠡᠨ ︽ᠨᠢᠭᠡ ᠭᠠᠷᠠᠭ ᠤᠨ ᠮᠠᠯᠴᠢᠨ ᠪᠣᠯᠬᠤ︾ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ᠃ ᠮᠠᠯᠴᠢᠳ ᠲᠤ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠠᠮᠢᠳᠤᠷᠠᠯ ᠤᠨ ᠬᠡᠷᠡᠭᠰᠡᠯ  ᠬᠦᠷᠭᠡᠬᠦ ᠶᠢᠨ ᠬᠠᠮᠳᠦ᠂ ᠮᠠᠯᠴᠢᠳ ᠢ ᠬᠠᠪᠰᠤᠷᠤᠨ ᠬᠠᠰᠢᠶ᠎ᠠ ᠰᠠᠷᠠᠪᠴᠢ᠂ ᠮᠠᠯ ᠤᠨᠤᠭ᠎ᠠ ᠤᠰᠤᠯᠠᠬᠤ᠂ ᠬᠤᠭ ᠨᠣᠪᠰᠢ ᠳᠡᠬᠦᠵᠦ ᠬᠠᠶᠠᠬᠤ ᠵᠡᠷᠭᠡ ᠡᠳᠦᠷ ᠲᠤᠲᠤᠮ ᠤᠨ ᠠᠵᠢᠯ ᠢ ᠨᠢ ᠬᠢᠵᠦ ᠦᠭᠬᠦᠨ᠂ ᠮᠠᠯᠴᠢᠳ ᠤᠨ ᠨᠢᠭᠡ ᠡᠳᠦᠷ ᠤᠨ ᠠᠮᠢᠳᠤᠷᠠᠯ ᠢ ᠪᠡᠶᠡᠴᠢᠯᠡᠨ ᠤᠶᠢᠯᠠᠭᠠᠵᠠᠢ᠃
       ᠠᠵᠢᠯᠯᠠᠭᠠᠨ ᠤ ᠳᠤᠮᠳᠠ ᠨᠠᠮ ᠤᠨ ᠭᠡᠰᠢᠭᠦᠳ ᠮᠠᠯᠴᠢᠳ ᠲᠠᠢ ᠰᠠᠨᠠᠯ ᠢᠶᠠᠨ ᠰᠣᠯᠢᠯᠴᠠᠵᠤ᠂ ᠦᠨᠳᠦᠰᠦᠨ ᠠᠮᠢᠳᠤᠷᠠᠯ ᠤᠨ ᠪᠠᠶᠢᠳᠠᠯ ᠢ ᠨᠢ ᠤᠶᠢᠯᠠᠭᠠᠵᠦ᠂ ᠪᠤᠳᠠᠳᠦ ᠬᠦᠴᠢᠷᠳᠡᠯ ᠢ ᠨᠢ ᠯᠠᠪᠯᠠᠨ ᠠᠰᠠᠭᠤᠵᠤ᠂ ᠠᠷᠭ᠎ᠠ ᠤᠬᠠᠭᠠᠨ ᠭᠠᠷᠭᠠᠨ ᠦᠭᠴᠦ᠂ ᠨᠠᠮ ᠤᠨ ᠭᠡᠰᠢᠭᠦᠨ ᠪᠣᠯᠤᠨ ᠮᠠᠯᠴᠢᠳ ᠤᠨ ᠬᠤᠭᠤᠷᠣᠨᠳᠣᠬᠢ ᠨᠥᠬᠦᠷᠯᠡᠯ ᠢ ᠭᠦᠨᠵᠡᠭᠡᠶᠢᠷᠡᠭᠦᠯᠬᠦ ᠶᠢᠨ ᠬᠠᠮᠲᠤ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢᠨ ᠤᠬᠠᠮᠰᠠᠷ ᠢ ᠴᠤ ᠨᠡᠮᠡᠭᠳᠡᠭᠦᠯᠵᠡᠢ᠃
                      ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号