ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 45 ᠳ᠋ᠤᠭᠠᠷ ᠲᠣᠭᠠᠲᠤ ᠠᠯᠪᠠᠨ ᠵᠠᠷᠯᠠᠯ
ᠨᠡᠶᠢᠲᠡᠯᠡᠭᠰᠡᠨ ᠴᠠᠭ᠄
2020/8/4
       ᠤᠶᠢᠷ᠎ᠠ ᠶᠢᠨ ᠡᠳᠦᠷ ᠲᠤ᠂ ᠬᠢᠯᠢ ᠶᠢᠨ ᠭᠠᠳᠠᠨᠠᠬᠢ ᠬᠢᠵᠢᠭ ᠤᠨ ᠪᠠᠶᠢᠳᠠᠯ ᠪᠣᠯᠤᠨ ᠳᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠡᠳᠦᠷ ᠢᠷᠡᠬᠦᠶ᠎ᠡ ᠬᠦᠨᠳᠦ ᠨᠣᠴᠢᠲᠠᠶ ᠪᠣᠯᠵᠤ᠂ ︽ᠭᠠᠳᠠᠨ᠎ᠠ ᠠᠴᠠ ᠤᠷᠤᠵᠦ ᠢᠷᠡᠬᠦ ᠶᠢ ᠰᠡᠷᠭᠡᠶᠢᠯᠡᠨ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠠᠴᠠ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠪᠥᠬᠦ ᠲᠠᠯ᠎ᠠ ᠪᠠᠷ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠦᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠰᠤᠳᠤᠯᠤᠨ ᠲᠤᠭᠳᠠᠭᠠᠭᠰᠠᠨ ᠨᠢ᠄        ᠨᠢᠭᠡ᠂ ᠤᠶᠢᠷ᠎ᠠ ᠳᠤ ᠯᠢᠶᠣᠤᠨᠢᠩ ᠮᠤᠵᠢ ᠶᠢᠨ ᠳ᠋ᠠᠯᠢᠶᠠᠨ ᠬᠤᠲᠠ᠂ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠤ ᠦᠷᠦᠮᠴᠢ ᠬᠤᠲᠠ ᠵᠡᠷᠭᠡ ᠳᠤᠮᠳᠠ ᠲᠦᠭᠰᠢᠬᠦᠷᠢ ᠪᠠ ᠲᠦᠭᠰᠢᠭᠦᠷᠢ ᠶᠡᠬᠡᠲᠡᠶ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠡᠷᠬᠡᠪᠰᠢ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ᠂ ᠭᠠᠴᠠᠭ᠎ᠠ ᠳᠤ ᠳᠠᠩᠰᠠᠯᠠᠭᠤᠯᠤᠨ ᠮᠡᠳᠡᠬᠦᠯᠬᠦ ᠬᠡᠷᠡᠭᠲᠡᠢ᠃ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ︽ᠬᠥᠯᠥᠨ ᠪᠤᠶᠢᠷ ᠬᠤᠲᠠ ᠶᠢᠨ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠪᠤᠷᠢᠯᠠᠭᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 15 ᠳ᠋ᠤᠭᠠᠷ ᠲᠣᠭᠠᠲᠤ ᠠᠯᠪᠠᠨ ᠵᠠᠷ︾ ᠤᠨ ᠵᠣᠷᠢᠭ ᠰᠠᠨᠠᠭ᠎ᠠ ᠶᠣᠰᠣᠭᠠᠷ ᠬᠡᠷᠡᠭᠵᠢᠭᠦᠯᠬᠦ ᠬᠡᠷᠡᠭᠲᠡᠶ᠃        ᠬᠤᠶᠠᠷ᠂ ᠤᠶᠢᠷ᠎ᠠ ᠶᠢᠨ ᠬᠤᠭᠤᠴᠠᠭᠠᠨ ᠳᠤ ᠪᠤᠰᠤᠳ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠦᠮᠦᠰ ᠬᠠᠮᠢᠶ᠎ᠠ ᠪᠦᠬᠦᠢ ᠭᠠᠵᠠᠷ ᠣᠷᠣᠨ ᠤ ᠣᠨᠣᠰᠢᠯᠠᠭᠰᠠᠨ ᠡᠪᠡᠳᠴᠢᠨ ᠤ ᠵᠢᠱᠢᠶ᠎ᠡ ᠶᠢᠨ ᠵᠠᠮ ᠮᠥᠷ ᠢ ᠨᠡᠶᠢᠲᠡᠯᠡᠬᠦ ᠶᠢ ᠨᠢᠠᠠᠳᠠ ᠠᠩᠬᠠᠷᠴᠤ᠂ ᠨᠢᠭᠡ ᠳᠡᠷᠭᠡᠨ ᠳᠤ ᠰᠠᠭᠤᠭᠰᠠᠨ ᠲᠡᠦᠬᠡ ᠲᠠᠢ ᠬᠥᠮᠦᠰ ᠰᠠᠨᠠᠭᠠᠴᠢᠯᠠᠭ᠎ᠠ ᠠᠴᠠ ᠪᠠᠨ ᠨᠡᠶᠢᠭᠡᠮ ᠲᠣᠭᠤᠷᠢᠭ᠂ ᠭᠠᠴᠠᠭ᠎ᠠ ᠳᠤ ᠮᠡᠳᠡᠭᠦᠯᠦᠨ ᠳᠠᠩᠰᠠᠯᠠᠭᠤᠯᠵᠤ᠂ ᠡᠭᠦᠨ ᠤ ᠬᠠᠮᠳᠦ ᠪᠣᠳᠠᠲᠤ ᠪᠠᠶᠢᠳᠠᠯ ᠢ ᠦᠨᠳᠦᠰᠦᠯᠡᠨ ᠬᠠᠮᠵᠢᠯᠴᠠᠵᠤ ᠪᠠᠶᠢᠭᠠᠳ ᠲᠤᠰᠠᠭᠠᠷᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃        ᠭᠤᠷᠪᠠ᠂ ᠥᠷᠭᠡᠨ ᠤᠯᠠᠨ ᠲᠦᠮᠡᠨ ᠬᠡᠷᠪᠡ ᠴᠢᠬᠤᠯᠠ ᠦᠬᠡᠢ ᠪᠣᠯ ᠳᠤᠮᠳᠠ ᠲᠦᠭᠰᠢᠬᠦᠷᠢ ᠪᠠ ᠲᠦᠭᠰᠢᠭᠦᠷᠢ ᠶᠡᠬᠡᠲᠡᠶ ᠭᠠᠵᠠᠷ ᠣᠷᠣᠨ ᠳᠤ ᠣᠴᠢᠵᠤ ᠪᠣᠯᠬᠤ ᠦᠭᠡᠢ᠃ ᠬᠡᠷᠪᠡ ᠣᠴᠢᠬᠤ ᠴᠢᠬᠤᠯᠠᠲᠠᠢ ᠪᠣᠯ ᠮᠠᠨ ᠤ ᠬᠤᠰᠢᠭᠤᠨ ᠳᠤ ᠪᠤᠴᠠᠵᠦ ᠢᠷᠡᠬᠦ ᠠᠴᠠ ᠡᠮᠦᠨ᠎ᠡ ᠰᠠᠨᠠᠭᠠᠴᠢᠯᠠᠭ᠎ᠠ ᠠᠴᠠ ᠪᠠᠨ ᠪᠠᠶᠢᠭᠤᠯᠭ᠎ᠠ ᠨᠢᠭᠡᠴᠡ᠂ ᠰᠠᠭᠤᠭ᠎ᠠ ᠭᠠᠵᠠᠷ ᠤᠨ ᠨᠡᠶᠢᠭᠡᠮ ᠲᠣᠭᠤᠷᠢᠭ ︵ᠭᠠᠴᠠᠭ᠎ᠠ︶ ᠲᠤ ᠮᠡᠳᠡᠭᠦᠯᠬᠦ ᠬᠡᠷᠡᠭᠲᠡᠢ᠃ ᠡᠯ᠎ᠡ ᠨᠡᠶᠢᠭᠡᠮ ᠲᠣᠭᠤᠷᠢᠭ᠂ ᠭᠠᠴᠠᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠭᠦᠷᠭᠡ ᠬᠠᠷᠢᠭᠤᠴᠠᠯᠭ᠎ᠠ ᠶᠢ ᠰᠠᠶᠢᠲᠤᠷ ᠨᠠᠶᠢᠳᠠᠪᠦᠷᠢᠵᠢᠭᠤᠯᠵᠦ᠂ ᠭᠠᠳᠠᠨ᠎ᠠ ᠠᠴᠠ ᠢᠷᠡᠭᠰᠡᠨ ᠬᠥᠮᠦᠰ ᠢ ᠵᠢᠭᠰᠠᠭᠠᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃        ᠳᠥᠷᠪᠡ᠂ ᠮᠠᠨ ᠤ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠨᠢᠭᠡᠨᠲᠡ ᠰᠢᠨ᠎ᠡ  ᠬᠡᠯᠪᠡᠷᠢ ᠶᠢᠨ ᠲᠢᠲᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠢᠳᠠᠪᠤᠷᠢ ᠲᠠᠢ ᠪᠣᠯᠵᠠᠶ᠃ ᠪᠠᠶᠢᠴᠠᠭᠠᠨ ᠰᠢᠯᠭᠠᠬᠤ ᠰᠠᠨᠠᠭ᠎ᠠ ᠲᠠᠢ ᠬᠥᠮᠦᠰ ᠬᠤᠰᠢᠭᠤᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠦᠪ ᠲᠤ ᠤᠴᠢᠭᠠᠷᠠᠢ᠂ ᠯᠠᠪᠯᠠᠬᠤ ᠤᠲᠠᠰᠤ᠄ 6402436᠃        ᠲᠠᠪᠤ᠂ ᠲᠤᠰ ᠠᠯᠪᠠᠨ ᠵᠠᠷᠯᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠠᠴᠠ ᠵᠥᠷᠢᠴᠡᠵᠦ᠂ ᠬᠦᠨᠳᠦ ᠨᠣᠴᠢᠲᠠᠶ ᠤᠷᠰᠢᠭ ᠲᠠᠲᠠᠭᠰᠠᠨ ᠪᠠᠶᠢᠪᠠᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ  ᠬᠠᠮᠢᠶᠠᠷᠤᠯᠳᠠ ᠶᠢᠨ ᠰᠢᠢᠳᠭᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠳᠤ ᠲᠣᠭᠲᠠᠭᠠᠭᠰᠠᠨ ᠵᠤᠬᠢᠬᠤ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠡᠭᠦᠷᠭᠡᠯᠡᠨ᠎ᠡ᠃        ᠵᠢᠷᠭᠤᠭ᠎ᠠ᠂ ᠲᠤᠰ ᠵᠠᠷᠯᠠᠯ ᠳᠤ ᠲᠤᠷᠠᠳᠤᠭᠰᠠᠨ ᠦᠬᠡᠢ ᠪᠤᠰᠤᠳ ᠵᠦᠢᠯ ᠪᠠᠶᠢᠪᠠᠯ ᠳᠠᠬᠢᠨ ᠮᠡᠳᠡᠭᠳᠡᠨ᠎ᠡ᠃              ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ                   ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                     2020 ᠣᠨ ᠤ 7 ᠰᠠᠷ᠎ᠠ ᠶᠢᠨ 29 ᠤ ᠡᠳᠦᠷ    
 
ᠢᠷᠡᠯᠲᠡ᠄ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号