ᠭᠡᠷ ᠪᠦᠯᠢ ᠶᠢᠨ ᠬᠦᠴᠦᠷᠬᠡᠭᠯᠡᠯ ᠳᠤ ᠤᠴᠠᠷᠠᠪᠠᠯ ︽ᠬᠦᠮᠤᠨ ᠤ ᠪᠡᠶ᠎ᠠ ᠶᠢ ᠬᠠᠮᠠᠭᠠᠯᠠᠬᠤ ᠵᠠᠷᠯᠢᠭ︾ ᠢ ᠭᠤᠶᠤᠴᠢᠯᠠᠭᠠᠷᠠᠢ︕
ᠨᠡᠶᠢᠲᠡᠯᠡᠭᠰᠡᠨ ᠴᠠᠭ᠄
2020/9/16
     ᠭᠡᠷ ᠪᠦᠯᠢ ᠶᠢᠨ ᠬᠦᠴᠦᠷᠬᠡᠭᠯᠡᠯ ᠪᠣᠯ ᠨᠢᠭᠡᠨ ᠨᠡᠶᠢᠭᠡᠮ ᠤᠨ ᠠᠰᠠᠭᠤᠳᠠᠯ ᠮᠥᠨ᠂ ᠭᠡᠷ ᠪᠦᠯᠢ ᠶᠢᠨ ᠬᠦᠴᠦᠷᠬᠡᠭᠯᠡᠯ ᠢ ᠦᠨᠳᠦᠰᠦᠨ ᠠᠴᠠ ᠨᠢ ᠬᠤᠷᠢᠭᠯᠠᠨ ᠵᠤᠭᠰᠤᠭᠠᠬᠤ ᠳᠤ ᠡᠷᠬᠡᠪᠰᠢ ᠪᠦᠬᠦ ᠨᠡᠶᠢᠭᠡᠮ ᠢᠶᠠᠷ ᠢᠶᠠᠨ ᠬᠠᠮᠲᠤ ᠪᠠᠷ ᠴᠢᠷᠮᠠᠶᠢᠵᠤ᠂ ᠲᠠᠨᠢᠯᠲᠠ ᠪᠠᠨ ᠳᠡᠭᠡᠭᠰᠢᠯᠡᠭᠦᠯᠦᠨ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠤ᠂ ᠪᠠᠶᠢᠭᠤᠯᠤᠮᠵᠢ ᠲᠣᠭᠲᠠᠴᠠ ᠪᠠᠨ ᠪᠦᠷᠢᠨᠰᠢᠭᠦᠯᠬᠦ ᠬᠡᠷᠡᠭᠲᠡᠢ ᠪᠠᠶᠢᠳᠠᠬ᠃ ᠢᠡᠭᠭᠢᠪᠡᠯ ᠰᠠᠶᠢ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ᠂ ᠭᠡᠷ ᠪᠦᠯᠢ ᠶᠢᠨ ᠬᠦᠴᠦᠷᠬᠡᠭᠯᠡᠯ ᠡᠭᠦᠰᠬᠦ ᠶᠢ ᠪᠦᠲᠦᠮᠵᠢᠲᠡᠶ ᠬᠤᠷᠢᠭᠯᠠᠨ ᠵᠣᠭᠰᠣᠭᠠᠵᠤ᠂ ᠨᠡᠶᠢᠭᠡᠮ ᠪᠠ ᠭᠡᠷ ᠪᠦᠯᠢ ᠶᠢᠨ ᠪᠣᠯᠪᠠᠰᠤᠨ ᠤ ᠳᠠᠪᠰᠢᠯᠲᠠ ᠪᠠ ᠡᠮᠡᠭᠲᠡᠶᠢᠴᠦᠳ ᠤᠨ ᠡᠷᠬᠡ ᠠᠰᠢᠭ ᠤᠨ ᠪᠠᠲᠤᠯᠠᠭ᠎ᠠ ᠶᠢ ᠠᠬᠢᠭᠤᠯᠵᠤ᠂ ᠵᠢᠩᠬᠢᠨᠢ ᠤᠳᠬ᠎ᠠ ᠠᠭᠤᠯᠭ᠎ᠠ ᠳᠡᠭᠡᠷᠡᠬᠢ ᠡᠷᠡᠭᠲᠡᠶ ᠡᠮᠡᠭᠲᠡᠶ ᠡᠷᠬᠡ ᠲᠡᠭᠰᠢ ᠪᠠᠶᠢᠬᠤ ᠶᠢ ᠪᠡᠶᠡᠯᠡᠭᠦᠯᠵᠤ ᠴᠢᠳᠠᠨ᠎ᠠ᠃      ᠲᠡᠭᠡᠪᠡᠯ ᠰᠢᠭᠦᠭᠦ ᠬᠤᠷᠢᠶ᠎ᠠ ᠨᠢ ᠭᠡᠷ ᠪᠦᠯᠢ ᠶᠢᠨ ᠬᠦᠴᠦᠷᠭᠡᠭᠯᠡᠯ ᠢ ᠡᠰᠡᠷᠭᠦᠴᠡᠬᠦ ᠳᠤᠮᠳᠠ ᠶᠠᠮᠠᠷ ᠦᠢᠯᠡᠳᠦᠯ ᠦᠵᠡᠭᠦᠯᠳᠡᠭ ᠪᠤᠯ︖      ᠬᠡᠷᠡᠭ ᠤᠨ ᠵᠢᠱᠢᠶ᠎ᠠ᠄      ᠨᠢᠭᠡ᠂ ᠭᠤᠶᠤᠴᠢᠯᠠᠭᠴᠢ ᠰᠦᠨ ᠣᠪᠣᠭᠲᠤ ᠪᠣᠯᠤᠨ ᠭᠤᠶᠤᠴᠢᠯᠠᠭᠳᠠᠭᠴᠢ ᠭᠤᠤ ᠣᠪᠣᠭᠲᠤ ᠬᠠᠨᠢᠯᠠᠨ ᠰᠠᠭᠤᠭᠰᠠᠨ ᠬᠠᠷᠢᠴᠠᠭ᠎ᠠ ᠲᠠᠢ᠃ ᠡᠨᠡ ᠬᠦ ᠬᠤᠭᠤᠴᠠᠭᠠᠨ ᠳᠤ ᠭᠤᠶᠤᠴᠢᠯᠠᠭᠳᠠᠭᠴᠢ ᠣᠯᠠᠨ ᠤᠳᠠᠭ᠎ᠠ ᠬᠦᠴᠤᠷᠭᠡᠭᠯᠡᠯ ᠤᠨ ᠠᠷᠭ᠎ᠠ ᠪᠡᠷᠢᠯ ᠬᠡᠷᠡᠭᠯᠡᠨ ᠭᠤᠶᠤᠴᠢᠯᠠᠭᠴᠢ ᠶᠢ ᠬᠠᠷᠢᠶᠠᠵᠤ᠂ ᠭᠤᠶᠤᠴᠢᠯᠠᠭᠴᠢ ᠣᠯᠠᠨ ᠤᠳᠠᠭ᠎ᠠ ᠵᠠᠪᠰᠢᠶᠠᠨ ᠣᠯᠭᠤᠭᠰᠠᠨ ᠴᠤ ᠭᠡᠮᠰᠢᠨ ᠵᠠᠰᠠᠷᠠᠬᠤ ᠦᠭᠡᠢ ᠪᠠᠶᠢᠪᠠ᠃ ᠤᠳᠤ ᠭᠤᠶᠤᠴᠢᠯᠠᠭᠴᠢ ᠦᠪᠡᠷ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠳᠠᠬᠤ ᠦᠭᠡᠢ ᠪᠠᠶᠢᠬᠤ ᠶᠢ ᠬᠠᠮᠠᠭᠠᠯᠠᠭᠤᠯᠬᠤ ᠪᠠᠷ ᠠᠷᠠᠳ ᠤᠨ ᠰᠢᠭᠦᠬᠦ ᠬᠤᠷᠢᠶ᠎ᠠ ᠳᠤ ᠭᠤᠶᠤᠴᠢᠯᠠᠪᠠ᠃ ᠯᠢᠨ ᠾᠧ ᠲᠣᠭᠤᠷᠢᠭ ᠤᠨ ᠰᠢᠭᠦᠬᠦ ᠬᠤᠷᠢᠶ᠎ᠠ ᠬᠢᠨᠠᠨ ᠪᠠᠶᠢᠴᠠᠭᠠᠭᠰᠠᠨ ᠤ ᠳᠠᠷᠠᠭ᠎ᠠ᠂ ᠬᠠᠤᠯᠢ ᠴᠠᠭᠠᠵᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ︽ᠬᠥᠮᠦᠨ ᠤ ᠪᠡᠶ᠎ᠡ ᠶᠢ ᠬᠠᠮᠠᠭᠠᠯᠠᠬᠤ ᠵᠠᠷᠯᠢᠭ︾ ᠭᠠᠷᠭᠠᠵᠤ᠂ ᠭᠤᠶᠤᠴᠢᠯᠠᠭᠳᠠᠭᠴᠢ ᠠᠴᠠ ᠭᠤᠶᠤᠴᠢᠯᠠᠭᠴᠢ ᠶᠢ ᠦᠢᠮᠡᠭᠦᠯᠬᠦ᠂ ᠮᠥᠷᠳᠡᠬᠦ᠂ ᠬᠠᠷᠢᠯᠴᠠᠬᠤ ᠶᠢ ᠬᠤᠷᠢᠬᠯᠠᠨ ᠴᠠᠭᠠᠵᠠᠯᠠᠪᠠ᠃      ᠬᠤᠶᠠᠷ᠂ ᠭᠤᠶᠤᠴᠢᠯᠠᠭᠴᠢ ᠲᠢᠶᠠᠨ ᠣᠪᠣᠭᠲᠤ ᠪᠣᠯᠤᠨ ᠭᠤᠶᠤᠴᠢᠯᠠᠭᠳᠠᠭᠴᠢ ᠳ᠋ᠤᠸᠠᠨ ᠣᠪᠣᠭᠲᠤ ᠡᠷ᠎ᠡ ᠡᠮ᠎ᠡ ᠶᠢᠨ ᠬᠠᠷᠢᠴᠠᠭ᠎ᠠ ᠲᠠᠢ᠃ ᠭᠤᠶᠤᠴᠢᠯᠠᠭᠴᠢ 68 ᠨᠠᠰᠤᠲᠠᠢ᠂ ᠭᠤᠶᠤᠴᠢᠯᠠᠭᠳᠠᠭᠴᠢ 58 ᠨᠠᠰᠤᠲᠠᠢ᠃ ᠬᠠᠮᠲᠤ ᠠᠮᠢᠳᠤᠷᠠᠵᠤ ᠪᠠᠶᠢᠭ᠎ᠠ ᠬᠤᠭᠤᠴᠠᠭᠠᠨ ᠳᠤ᠂ ᠭᠤᠶᠤᠴᠢᠯᠠᠭᠴᠢ ᠭᠤᠶᠤᠴᠢᠯᠠᠭᠳᠠᠭᠴᠢ ᠲᠠᠢ ᠬᠡᠷᠡᠯᠳᠦᠭᠰᠡᠨ ᠤ ᠳᠠᠷᠠᠭ᠎ᠠ ᠲᠡᠭᠦᠨ ᠢ ᠲᠦᠯᠬᠢᠵᠦ ᠠᠪᠠᠴᠢᠭᠠᠳ ᠬᠦᠷᠢᠶᠡᠨ ᠳᠠᠬᠢ ᠲᠡᠮᠦᠷ ᠬᠡᠷᠡᠰᠬᠡ ᠳᠡᠭᠡᠷ᠎ᠡ ᠮᠦᠷᠭᠦᠭᠦᠯᠵᠤ᠂ ᠬᠠᠪᠢᠷᠭᠠᠨ ᠶᠠᠰᠤ ᠨᠢ ᠬᠤᠭᠤᠷᠠᠵᠤ᠂ ᠡᠯᠢᠭᠡ ᠪᠥᠭᠡᠷᠡᠨ ᠳᠤᠨᠢ ᠰᠢᠷᠬ᠎ᠠ ᠰᠠᠭᠤᠪᠠ᠃ ᠭᠤᠶᠤᠴᠢᠯᠠᠭᠴᠢ ᠡᠮᠨᠡᠯᠭᠡ ᠠᠴᠠ ᠭᠠᠷᠴᠤ ᠭᠡᠷ ᠲᠡᠭᠡᠨ ᠬᠠᠷᠢᠭᠰᠠᠨ ᠤ ᠳᠠᠷᠠᠭ᠎ᠠ᠂ ᠭᠤᠶᠤᠴᠢᠯᠠᠭᠳᠠᠭᠴᠢ ᠰᠢᠯᠲᠠᠭ ᠡᠷᠢᠵᠦ ᠭᠤᠶᠤᠴᠢᠯᠠᠭᠴᠢ ᠶᠢ ᠰᠦᠷᠳᠡᠭᠦᠯᠤᠭ᠍ᠰᠡᠨ ᠠᠴᠠ ᠭᠤᠶᠤᠴᠢᠯᠠᠭᠴᠢ ᠠᠷᠭ᠎ᠠ ᠪᠤᠰᠤ ᠥᠬᠢᠨ ᠤ ᠳᠤ ᠪᠠᠨ ᠤᠴᠢᠵᠤ ᠡᠪᠡᠳᠴᠢᠨ ᠢᠶᠠᠨ ᠰᠤᠪᠢᠯᠠᠪᠠ ᠃ ᠯᠢᠨ ᠾᠧ ᠲᠣᠭᠤᠷᠢᠭ ᠤᠨ ᠰᠢᠭᠦᠬᠦ ᠬᠤᠷᠢᠶ᠎ᠠ ᠬᠢᠨᠠᠨ ᠪᠠᠶᠢᠴᠠᠭᠠᠭᠰᠠᠨ ᠤ ᠳᠠᠷᠠᠭ᠎ᠠ᠂ ᠬᠠᠤᠯᠢ ᠴᠠᠭᠠᠵᠠ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ︽ᠬᠦᠮᠤᠨ ᠤ ᠪᠡᠶ᠎ᠡ ᠶᠢ ᠬᠠᠮᠠᠭᠠᠯᠠᠬᠤ ᠵᠠᠷᠯᠢᠭ︾ ᠭᠠᠷᠭᠠᠵᠤ᠂ ᠭᠤᠶᠤᠴᠢᠯᠠᠭᠳᠠᠭᠴᠢ ᠶᠢᠨ ᠭᠡᠷ ᠪᠦᠯᠢ ᠶᠢᠨ ᠬᠦᠴᠦᠷᠬᠡᠭᠯᠡᠯ ᠶᠠᠪᠤᠭᠤᠯᠬᠤ ᠶᠢ ᠴᠠᠭᠠᠵᠠᠯᠠᠪᠠ᠃      ᠠᠷᠭ᠎ᠠ ᠬᠡᠮᠵᠢᠶ᠎ᠠ᠄      ● ᠳᠣᠲᠣᠭᠠᠳᠤ ᠶᠢ ᠬᠠᠮᠠᠭᠠᠯᠠᠬᠤ᠂ ᠡᠮᠡᠭᠲᠡᠶᠢᠴᠦᠳ ᠤᠨ ᠬᠤᠯᠪᠤᠭ᠎ᠠ᠂ ᠠᠷᠠᠳ ᠤᠨ ᠶᠠᠪᠤᠳᠠᠯ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ᠂ ᠡᠷᠡᠭᠦᠯ ᠬᠠᠮᠠᠭᠠᠯᠠᠯ ᠵᠡᠷᠭᠡ ᠰᠠᠯᠠᠭ᠎ᠠ ᠮᠥᠴᠢᠷ ᠲᠠᠢ ᠬᠠᠮᠵᠢᠯᠴᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠤ᠂ ᠭᠡᠷ ᠪᠦᠯᠢ ᠶᠢᠨ ᠬᠦᠴᠦᠷᠬᠡᠭᠯᠡᠯ ᠢ ᠤᠯᠠᠨ ᠱᠠᠳᠤ᠂ ᠤᠯᠠᠨ ᠲᠠᠯ᠎ᠠ ᠠᠴᠠ ᠤᠷᠢᠳᠴᠢᠯᠠᠨ ᠰᠡᠷᠭᠡᠶᠢᠯᠡᠵᠦ ᠵᠠᠯᠬᠠᠭᠠᠨ ᠰᠢᠶ᠋ᠳᠬᠡᠨ᠎ᠠ᠃      ● ᠭᠡᠷ ᠪᠦᠯᠢ ᠶᠢᠨ ᠬᠦᠴᠦᠷᠬᠡᠭᠯᠡᠯ ᠢᠶᠠᠷ ᠰᠢᠯᠲᠠᠭ ᠪᠣᠯᠭᠠᠵᠤ ᠤᠷᠤᠭ ᠰᠠᠯᠬᠤ ᠪᠠᠷ ᠳᠤᠷᠠᠳᠤᠭᠰᠠᠨ ᠦᠭᠡᠢ ᠪᠣᠯ ᠰᠢᠭᠦᠯᠲᠡ ᠠᠴᠠ ᠡᠮᠦᠨ᠎ᠡ ᠡᠶᠡᠳᠡᠭᠦᠯᠬᠦ ᠪᠤᠶᠤ ᠲᠢᠩᠬᠢᠮ ᠨᠡᠭᠡᠭᠡᠬᠦ ᠶᠠᠪᠤᠴᠠ ᠳᠤ ᠰᠢᠭᠦᠬᠦ ᠲᠤᠰᠢᠶᠠᠯᠲᠠᠨ ᠲᠤᠬᠠᠶ ᠶᠢᠨ ᠬᠥᠮᠦᠨ ᠲᠠᠢ ᠢᠳᠡᠪᠬᠢᠲᠡᠢ ᠣᠶᠢᠯᠭᠠᠯᠴᠠᠵᠤ᠂ ᠭᠡᠷ ᠪᠦᠯᠢ ᠶᠢᠨ ᠬᠦᠴᠦᠷᠬᠡᠭᠯᠡᠯ ᠤᠨ ᠳᠠᠯᠳᠠ ᠠᠶᠤᠯ ᠣᠷᠣᠰᠢᠵᠤ ᠮᠡᠳᠡᠬᠦ ᠣᠢᠶ᠎ᠠ ᠳᠤ ᠴᠠᠭ ᠲᠤᠬᠠᠶ ᠳᠤᠨᠢ ᠬᠠᠤᠯᠢ ᠴᠠᠭᠠᠵᠠ ᠪᠠᠷ ᠭᠠᠷ ᠲᠦᠷᠦᠭᠦ ᠬᠡᠷᠡᠭᠲᠡᠶ᠃      ● ᠰᠢᠭᠦᠬᠦ ᠲᠤᠰᠢᠶᠠᠯᠲᠠᠨ ᠬᠦᠴᠦᠷᠬᠡᠭᠯᠡᠯ ᠶᠠᠪᠤᠭᠤᠯᠤᠭᠴᠢᠳ ᠲᠤ ᠴᠠᠭ ᠲᠤᠬᠠᠶ ᠳᠤᠨᠢ ᠰᠡᠳᠬᠢᠴᠡ ᠶᠢᠨ ᠵᠢᠯᠣᠭᠤᠳᠤᠯᠭ᠎ᠠ ᠬᠢᠵᠤ᠂ ᠢᠳᠬᠠᠨ ᠰᠠᠨᠠᠭᠤᠯᠬᠤ ᠬᠡᠷᠡᠭᠲᠡᠢ᠃ ︽ᠬᠦᠮᠤᠨ ᠤ ᠪᠡᠶ᠎ᠡ ᠶᠢ ᠬᠠᠮᠠᠭᠠᠯᠠᠬᠤ ᠵᠠᠷᠯᠢᠭ︾ ᠤᠨ ᠬᠢᠵᠠᠭᠠᠷᠯᠠᠯ ᠢ ᠰᠠᠶᠢᠨ ᠳᠤᠷ᠎ᠠ ᠠᠴᠠ ᠪᠠᠨ ᠬᠦᠯᠢᠶᠡᠵᠦ᠂ ᠥᠪᠡᠷ ᠤᠨ ᠠᠯᠳᠠᠭ᠎ᠠ ᠪᠤᠷᠤᠭᠤ ᠪᠠᠨ ᠴᠠᠭ ᠲᠤᠬᠠᠶ ᠳᠤᠨᠢ ᠵᠠᠯᠠᠷᠠᠭᠤᠯᠬᠤ ᠶᠢ ᠵᠢᠯᠤᠭᠤᠳᠬᠤ ᠬᠡᠷᠡᠭᠲᠡᠢ᠃      ● ᠤᠬᠠᠭᠤᠯᠭ᠎ᠠ ᠪᠠ ᠪᠣᠯᠪᠠᠰᠤᠷᠠᠯ ᠤᠨ ᠡᠷᠴᠢᠮ ᠢᠶᠠᠨ ᠲᠠᠰᠤᠷᠠᠯᠲᠠ ᠦᠭᠡᠢ ᠴᠢᠩᠭᠠᠷᠠᠭᠤᠯᠵᠤ᠂ ᠬᠠᠤᠯᠢ ᠴᠠᠭᠠᠵᠠ ᠶᠢᠨ ᠰᠠᠨᠠᠭᠤᠯᠭ᠎ᠠ ᠭᠠᠷᠭᠠᠬᠤ ᠪᠠᠷ ᠳᠠᠮᠵᠢᠭᠤᠯᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠪᠢᠴᠢᠯ ᠺᠢᠨᠣ᠋ ᠂ ᠺᠠᠷᠲ᠋ᠣᠨ ᠱᠤᠭ ᠵᠢᠷᠤᠭ ᠵᠡᠷᠭᠡ ᠣᠯᠠᠨ ᠵᠦᠢᠯ ᠤᠨ ᠬᠡᠯᠪᠡᠷᠢ ᠪᠠᠷ ᠭᠡᠷ ᠪᠦᠯᠢ ᠶᠢᠨ ᠬᠦᠴᠦᠷᠬᠡᠭᠯᠡᠯ ᠤᠨ ᠨᠡᠶᠢᠲᠡᠯᠢᠭ ᠬᠡᠷᠡᠭ ᠤᠨ ᠵᠢᠱᠢᠶ᠎ᠡ ᠶᠢ ᠨᠡᠶᠢᠲᠡᠯᠡᠵᠦ᠂ ᠭᠡᠷ ᠪᠦᠯᠢ ᠶᠢᠨ ᠬᠦᠴᠦᠷᠬᠡᠭᠯᠡᠯ ᠤᠨ ᠬᠤᠤᠷ ᠬᠦᠨᠦᠭᠡᠯᠳᠤ ᠴᠢᠨᠠᠷ ᠤᠨ ᠲᠤᠬᠠᠶ ᠪᠦᠬᠦ ᠨᠡᠶᠢᠭᠡᠮ ᠤᠨ ᠲᠠᠨᠢᠯᠲᠠ ᠪᠠ ᠬᠠᠤᠯᠢ ᠴᠠᠭᠠᠵᠠ ᠶᠢᠨ ᠤᠬᠠᠮᠰᠠᠷ ᠢ ᠳᠡᠭᠡᠭᠰᠢᠯᠡᠭᠦᠯᠵᠤ ᠪᠤᠯᠤᠨ᠎ᠠ᠃
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号