ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠠᠯᠪᠠᠨ ᠵᠠᠷᠯᠠᠯ ﹇2021﹈ 2 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2021/1/11
       ᠬᠢᠯᠢ ᠶᠢᠨ ᠭᠠᠳᠠᠨᠠᠬᠢ ᠵᠢᠴᠢ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠲᠠᠰ ᠤᠨ ᠲᠦᠭᠰᠢᠭᠦᠷᠢᠲᠡᠢ ᠭᠠᠵᠠᠷ ᠣᠷᠣᠨ ᠤ ᠬᠥᠮᠦᠰ ᠪᠣᠯᠣᠨ ᠡᠳ᠋ ᠪᠣᠳᠠᠰ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠡᠭᠦᠰᠬᠦ ᠠᠴᠠ ᠰᠡᠷᠭᠡᠶᠢᠯᠡᠬᠦ︾ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠬᠤ ᠶᠢᠨ ᠲᠥᠯᠥᠭᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠰᠣᠳᠣᠯᠣᠯᠲᠠ ᠪᠠᠷ ᠳᠠᠮᠵᠢᠵᠤ᠂ ᠡᠳᠦᠭᠡ ᠬᠤᠯᠪᠣᠭᠳᠠᠯ ᠪᠥᠬᠦᠶ ᠵᠦᠶᠯᠡᠰ ᠢ ᠳᠣᠣᠷ᠎ᠠ ᠮᠡᠳᠡᠭᠳᠡᠶ᠎ᠡ᠄        ᠨᠢᠭᠡ᠂ ᠤᠯᠤᠰ ᠤᠨ ᠳᠣᠲᠣᠭᠠᠳᠤ ᠶᠢᠨ ᠳᠤᠮᠳᠠ ᠥᠨᠳᠥᠷ ᠳᠡᠰ ᠤᠨ ᠲᠦᠭᠰᠢᠭᠦᠷᠢᠲᠡᠢ ᠭᠠᠵᠠᠷ ᠣᠷᠣᠨ ᠤ ᠬᠥᠮᠦᠰ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠬᠡᠷᠡᠭᠲᠡᠢ᠃ 2020 ᠣᠨ ᠤ 12 ᠰᠠᠷ᠎ᠠ ᠶᠢᠨ 15 ᠤ ᠡᠳᠦᠷ  ᠠᠴᠠ ᠡᠬᠢᠯᠡᠨ᠂ ᠾᠧᠪᠧᠶ ᠮᠤᠵᠢ ᠶᠢᠨ ᠱᠢ ᠵᠢᠶᠠ ᠵᠤᠸᠠᠩ ᠬᠤᠲᠠ᠂ ᠰᠢᠩ ᠲᠠᠢ ᠬᠤᠲᠠ ᠵᠡᠷᠭᠡ ᠳᠤᠮᠳᠠ ᠥᠨᠳᠥᠷ ᠲᠠᠰ ᠤᠨ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠪᠠᠯ᠂ ᠴᠥᠮ 14 ᠡᠳᠦᠷ ᠲᠤᠰᠠᠭᠠᠷᠯᠠᠵᠤ᠂ ᠰᠠᠭᠤᠭ᠎ᠠ ᠨᠡᠶᠢᠭᠡᠮ ᠲᠣᠭᠤᠷᠢᠭ ᠨᠢ ᠨᠢᠭᠡᠳ ᠨᠢᠭᠡ ᠪᠠᠷ ᠬᠠᠷᠭᠤᠭᠤᠯᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃ ᠪᠤᠰᠤᠳ ᠳᠤᠮᠳᠠ ᠥᠨᠳᠥᠷ ᠲᠦᠭᠰᠢᠭᠦᠷᠢᠲᠡᠶ ᠭᠠᠵᠠᠷ ᠣᠷᠣᠨ ᠠᠴᠠ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠡᠷᠬᠡᠪᠰᠢ ᠲᠦᠷᠦᠭᠦᠦ 7 ᠡᠳᠦᠷ ᠤᠨ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠶᠢᠬᠤ ᠬᠡᠷᠡᠭᠲᠡᠶ᠂ ᠮᠠᠨ ᠤ ᠬᠤᠰᠢᠭᠤᠨ ᠳᠤ ᠪᠤᠴᠠᠵᠤ ᠢᠷᠡᠭᠰᠡᠨ ᠲᠤᠬᠠᠶ ᠶᠢᠨ ᠡᠳᠦᠷ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠭᠰᠡᠨ ᠦᠷ᠎ᠡ ᠳ᠋ᠦᠩ ᠨᠢ ᠪᠢᠯᠢᠭ ᠴᠢᠨᠠᠷᠲᠠᠶ ᠪᠠᠶᠢᠵᠤ᠂ 14 ᠡᠳᠦᠷ ᠤᠨ ᠬᠡᠷ ᠪᠦᠯᠢ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠪᠡ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠪᠢᠯᠢᠭ ᠴᠢᠨᠠᠷ  ᠤᠨ ᠭᠡᠷᠡᠴᠢ ᠬᠠᠩᠭᠠᠵᠤ ᠳᠡᠶᠢᠯᠬᠦ ᠥᠬᠡᠶ ᠪᠣᠯ᠂ ᠡᠷᠬᠡᠪᠰᠢ ᠬᠤᠰᠢᠭᠤᠨ ᠳᠤ ᠣᠷᠣᠵᠤ ᠢᠷᠡᠭᠰᠡᠨ ᠠᠩᠬᠠᠨ ᠤ ᠴᠠᠭ ᠲᠤ ᠲᠥᠪᠯᠡᠷᠡᠭᠦᠯᠦᠨ ᠲᠤᠰᠠᠭᠠᠷᠯᠠᠬᠤ ᠶᠢᠨ ᠬᠠᠮᠲᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ ᠬᠡᠷᠡᠭᠲᠡᠶ᠂ ᠰᠢᠯᠭᠠᠨ ᠪᠠᠶᠢᠴᠠᠭᠠᠭᠰᠠᠨ ᠦᠷ᠎ᠡ ᠳ᠋ᠦᠩ ᠨᠢ ᠪᠢᠯᠢᠭ ᠴᠢᠨᠠᠷ ᠲᠠᠢ ᠪᠣᠯᠣᠭᠰᠠᠨ ᠤ ᠳᠠᠷᠠᠭ᠎ᠠ ᠬᠠᠮᠢᠶ᠎ᠠ ᠪᠥᠬᠦᠶ ᠱᠠᠭᠠᠷᠳᠠᠯᠭ᠎ᠠ ᠶᠣᠰᠣᠭᠠᠷ ᠬᠠᠮᠢᠶᠠᠷᠤᠨ ᠡᠵᠡᠮᠳᠡᠨ᠎ᠡ᠃        ᠬᠤᠶᠠᠷ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠬᠤᠳᠠᠯᠳᠤᠭᠠᠨ ᠤ ᠬᠡᠲᠦ ᠳᠡᠯᠭᠡᠭᠦᠷ᠂ ᠵᠣᠴᠢᠳ ᠤᠨ ᠪᠠᠭᠤᠳᠠᠯ᠂ ᠬᠤᠭᠤᠯᠠᠨ ᠬᠡᠷ᠂ ᠰᠦᠯᠵᠢᠶᠡᠨ ᠪᠠᠭᠠᠷ᠂ ᠨᠣᠮ ᠤᠨ ᠰᠠᠩ᠂ ᠪᠡᠶ᠎ᠡ ᠤᠬᠢᠶᠠᠬᠤ ᠭᠠᠵᠠᠷ᠂ ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ᠂ ᠠᠷᠢᠭᠤᠳᠬᠠᠬᠤ᠂ ᠭᠠᠳᠠᠨ᠎ᠠ ᠠᠴᠠ ᠢᠷᠡᠭᠰᠡᠨ ᠬᠥᠮᠦᠰ ᠢ ᠳᠡᠩᠰᠡᠯᠡᠨ ᠲᠡᠮᠳᠡᠭᠯᠡᠬᠦ᠂ ︽ᠠᠶᠠᠯᠠᠯ ᠤᠨ ᠺᠣᠳ᠋︾ ᠢ ᠪᠠᠶᠢᠴᠠᠭᠠᠨ ᠦᠵᠡᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠨᠥᠬᠦᠴᠡᠯ ᠳᠤ ᠨᠡᠶᠢᠴᠡᠬᠦ ᠥᠬᠡᠶ ᠶᠢ ᠨᠢ ᠴᠥᠮ ᠵᠣᠭᠰᠣᠭᠠᠨ ᠴᠡᠭᠴᠡᠯᠡᠨ ᠰᠠᠶᠢᠵᠢᠷᠠᠭᠤᠯᠵᠤ᠂ ᠢᠯᠡ ᠪᠠᠷ ᠨᠡᠶᠢᠲᠡᠯᠡᠬᠦ ᠬᠡᠷᠡᠭᠲᠡᠶ᠃        ᠭᠤᠷᠪᠠ᠂ ᠡᠵᠡᠩᠨᠡᠯᠲᠡ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠵᠢᠭᠤᠯᠤᠬᠤ ᠬᠡᠷᠡᠭᠲᠡᠢ᠃ ᠭᠠᠳᠠᠭᠠᠳᠤ ᠠᠴᠠ ᠣᠷᠣᠭᠤᠯᠤᠭᠰᠠᠨ ᠬᠦᠢᠲᠡᠨ ᠬᠡᠯᠬᠢᠶᠡᠲᠦ ᠢᠳᠡᠭᠡᠨ ᠡᠵᠡᠩᠨᠡᠬᠦ ᠠᠵᠤ ᠠᠬᠤᠶᠢᠯᠠᠯ ᠤᠨ ᠪᠣᠷᠤᠯᠠᠭᠤᠯᠬᠤ ᠢᠳᠡᠭᠡᠨ ᠳᠤ ᠪᠥᠭᠡᠮ ᠬᠦᠴᠢᠯ ᠢ ᠪᠠᠶᠢᠴᠠᠭᠠᠨ ᠰᠢᠯᠭᠠᠭᠰᠠᠨ ᠮᠡᠳᠡᠭᠦᠯᠦᠯᠲᠡ᠂ ᠠᠷᠢᠭᠤᠳᠬᠠᠭᠰᠠᠨ ᠭᠡᠷᠡᠴᠢ ᠪᠠᠶᠢᠬᠤ ᠦᠭᠡᠢ ᠶᠢ ᠪᠠᠶᠢᠴᠠᠭᠠᠨ ᠲᠣᠳᠣᠯᠠᠮᠠᠭᠴᠠ ᠴᠥᠮ ᠠᠵᠢᠯ ᠢ ᠨᠢ ᠵᠣᠭᠰᠣᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠡᠮ ᠤᠨ ᠳᠡᠯᠭᠡᠭᠦᠷ ︽ᠬᠠᠯᠠᠭᠤᠨ ᠢ ᠪᠠᠭᠤᠷᠠᠭᠤᠯᠵᠤ ᠬᠠᠨᠢᠶᠠᠳᠤ ᠶᠢ ᠵᠣᠭᠰᠣᠭᠠᠵᠤ ᠸᠢᠷᠦ᠋ᠰ ᠢ ᠡᠰᠡᠷᠭᠦᠴᠡᠬᠦ︾ ᠡᠮ ᠤᠨ ᠵᠦᠶᠯ ᠢ ᠪᠣᠷᠣᠯᠠᠭᠤᠯᠬᠤ ᠳᠠᠭᠠᠨ ᠦᠨᠡᠨ ᠨᠡᠷ᠎ᠡ ᠪᠠᠷ ᠳᠠᠩᠰᠠᠯᠠᠭᠤᠯᠬᠤ ᠶᠢ ᠴᠢᠩᠭ᠎ᠠ ᠬᠡᠷᠡᠭᠵᠢᠭᠦᠯᠬᠦ ᠥᠬᠡᠶ ᠪᠣᠯ ᠴᠥᠮ ᠠᠵᠢᠯ ᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠲᠦᠷᠭᠡᠨ ᠬᠦᠷᠭᠡᠬᠦ ᠠᠵᠢᠯ ᠲᠥᠷᠥᠯ ᠪᠡᠶ᠎ᠡ ᠶᠢᠨ ᠳᠤᠯᠠᠭᠠᠨ ᠢ ᠬᠡᠮᠵᠢᠬᠦ᠂ ᠠᠷᠢᠭᠤᠳᠬᠠᠬᠤ ᠠᠵᠢᠯ ᠢ ᠴᠢᠩᠭ᠎ᠠ ᠬᠡᠷᠡᠭᠵᠢᠭᠦᠯᠬᠦ ᠦᠭᠡᠶ ᠪᠣᠯ ᠴᠥᠮ ᠠᠵᠢᠯ ᠢ ᠨᠢ ᠵᠣᠭᠰᠣᠭᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠠᠵᠢᠯᠲᠠᠳ ᠠᠮᠠᠪᠴᠢ ᠴᠢᠩᠭ᠎ᠠ ᠵᠡᠭᠦᠬᠦ᠂ ᠠᠷᠢᠭᠤᠳᠬᠠᠵᠤ ᠪᠠᠺᠧᠲᠷᠢ ᠠᠯᠠᠬᠤ ᠳᠦᠷᠢᠮ ᠢ ᠬᠡᠷᠡᠭᠵᠢᠭᠦᠯᠦᠭᠰᠡᠨ ᠦᠭᠡᠶ ᠪᠣᠯ ᠴᠥᠮ ᠠᠵᠢᠯ ᠡᠷᠬᠢᠯᠡᠬᠦ ᠶᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠮᠠᠰᠢᠨ ᠲᠡᠷᠭᠡ ᠰᠡᠯᠪᠢᠨ ᠵᠠᠰᠠᠬᠤ᠂ ᠰᠡᠯᠪᠢᠭ ᠲᠣᠨᠤᠭ ᠡᠵᠡᠩᠨᠡᠬᠦ ᠵᠡᠷᠭᠡ ᠠᠵᠤ ᠠᠬᠤᠶᠢᠯᠠᠯ  ᠤᠳ ᠬᠢᠯᠢ ᠶᠢᠨ ᠭᠠᠳᠠᠨᠠᠬᠢ ᠵᠢᠴᠢ ᠳᠤᠮᠳᠠ ᠥᠨᠳᠥᠷ ᠲᠠᠰ ᠤᠨ ᠲᠦᠭᠰᠢᠭᠦᠷᠢᠲᠡᠶ ᠭᠠᠵᠠᠷ ᠣᠷᠣᠨ ᠤ ᠡᠳ᠋ ᠪᠣᠳᠠᠰ ᠢ ᠬᠡᠷᠡᠭᠯᠡᠵᠦ ᠪᠠᠶᠢᠪᠠᠯ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠵᠤ ᠳᠡᠩᠰᠡᠯᠡᠨ ᠲᠡᠮᠳᠡᠭᠯᠡᠬᠦ ᠶᠢ ᠰᠠᠶᠢᠲᠤᠷ ᠬᠢᠵᠦ᠂ ᠠᠷᠢᠭᠤᠳᠬᠠᠵᠤ ᠪᠠᠺᠧᠲᠷᠢ ᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠭᠠᠳᠠᠭᠠᠳᠤ ᠠᠴᠠ ᠣᠷᠣᠭᠤᠯᠤᠭᠰᠠᠨ ᠡᠳ᠋ ᠪᠠᠷᠠᠭ᠎ᠠ ᠨᠢ ᠡᠷᠬᠡᠪᠰᠢ ︽ᠳᠥᠷᠪᠡᠨ ᠦᠨᠡᠮᠯᠡᠯ︾ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠂ ᠲᠡᠶᠢᠮᠦ ᠪᠢᠰᠢ ᠪᠣᠯ ᠴᠥᠮ ᠠᠵᠢᠯ ᠢ ᠨᠢ ᠵᠣᠭᠰᠣᠭᠠᠵᠤ ᠴᠡᠭᠴᠡᠯᠡᠨ ᠰᠠᠶᠢᠵᠢᠷᠠᠭᠤᠯᠤᠨ᠎ᠠ᠃        ᠳᠥᠷᠪᠡ᠂ ᠲᠣᠣᠷᠵᠢᠭᠤᠯᠬᠤ ᠬᠠᠮᠢᠶᠠᠷᠤᠯᠲᠠ ᠶᠢ ᠦᠷᠭᠦᠯᠵᠢᠯᠡᠨ ᠴᠢᠩᠭᠠᠷᠠᠭᠤᠯᠬᠤ ᠬᠡᠷᠡᠭᠲᠡᠢ᠃ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶᠂ ᠡᠯ᠎ᠡ ᠠᠰᠠᠷ ᠢ ᠬᠠᠮᠢᠶᠠᠷᠬᠤ ᠳᠠᠷᠤᠭ᠎ᠠ ᠨᠠᠷ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ᠂ ᠬᠠᠷᠢᠶᠠᠲᠤ ᠣᠷᠣᠨ ᠤ ᠬᠥᠮᠦᠰ  ᠤᠨ ᠪᠠᠶᠢᠳᠠᠯ ᠢ ᠣᠶᠢᠯᠠᠭᠠᠵᠤ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠮᠠᠨ ᠤ ᠬᠤᠰᠢᠭᠤᠨ ᠳᠤ ᠪᠤᠴᠠᠵᠤ ᠢᠷᠡᠭᠰᠡᠨ ᠬᠥᠮᠦᠰ ᠢ ᠱᠠᠭᠠᠷᠳᠠᠨ ᠳᠠᠩᠰᠠᠯᠠᠬᠤ᠂ ᠭᠤᠶᠤᠴᠢᠯᠠᠨ ᠮᠡᠳᠡᠭᠦᠯᠬᠦ ᠠᠵᠢᠯ ᠢ ᠰᠠᠶᠢᠲᠤᠷ ᠬᠢᠬᠦ ᠶᠢᠨ ᠬᠠᠮᠲᠤ᠂ 14 ᠡᠳᠦᠷ ᠤᠨ ᠳᠣᠲᠣᠷ᠎ᠠ ᠵᠢᠭᠤᠯᠴᠢᠯᠠᠨ ᠰᠠᠭᠤᠭᠰᠠᠨ ᠲᠡᠦᠬᠡ ᠪᠠ ᠡᠷᠡᠭᠦᠯ ᠮᠡᠨᠳᠦ ᠶᠢᠨ ᠪᠠᠶᠢᠳᠠᠯ ᠢ ᠡᠷᠦᠬᠡ ᠳᠠᠷᠠᠭᠠᠯᠠᠨ ᠨᠠᠶᠢᠳᠠᠪᠤᠷᠢᠵᠢᠭᠤᠯᠵᠤ᠂ ᠲᠤᠭ᠎ᠠ ᠨᠢ ᠲᠣᠳᠣᠷᠬᠠᠶ᠂ ᠪᠠᠶᠢᠳᠠᠯ ᠨᠢ ᠲᠣᠳᠣᠷᠬᠠᠶ ᠪᠠᠶᠢᠬᠤ ᠬᠡᠷᠡᠭᠲᠡᠶ᠃        ᠲᠠᠪᠤ᠂ ᠬᠢᠯᠢ ᠶᠢᠨ ᠭᠠᠳᠠᠨ᠎ᠠ ᠠᠴᠠ ᠬᠢᠵᠢᠭ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠨ ᠡᠵᠡᠮᠳᠡᠬᠦ ᠶᠢ ᠪᠣᠳᠠᠳᠠᠶᠢᠵᠢᠭᠤᠯᠬᠤ ᠬᠡᠷᠡᠭᠲᠡᠢ᠃ ᠬᠢᠯᠢ ᠪᠠᠷ ᠣᠷᠣᠵᠤ ᠢᠷᠡᠭᠰᠡᠨ ᠬᠥᠮᠦᠰ ᠮᠠᠨ ᠤ ᠬᠤᠰᠢᠭᠤᠨ ᠳᠤ ᠪᠤᠴᠠᠵᠤ ᠢᠷᠡᠬᠦ  ᠳᠤ ᠡᠷᠬᠡᠪᠰᠢ ᠬᠢᠯᠢ ᠪᠠᠷ ᠣᠷᠣᠵᠤ ᠢᠷᠡᠭᠰᠡᠨ ᠭᠠᠵᠠᠷ ᠤᠨ ᠲᠥᠪᠯᠡᠷᠡᠭᠦᠯᠦᠨ ᠲᠤᠰᠠᠭᠠᠷᠯᠠᠬᠤ ᠶᠢ ᠬᠦᠴᠦᠨ ᠥᠬᠡᠶ ᠪᠣᠯᠭᠠᠬᠤ ᠪᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠨᠢ ᠪᠢᠯᠢᠭ ᠴᠢᠨᠠᠷ ᠲᠠᠢ ᠪᠠᠶᠢᠬᠤ ᠭᠡᠷᠡᠴᠢ ᠬᠠᠩᠭᠠᠬᠤ ᠬᠡᠷᠡᠭᠲᠡᠶ᠂ ᠬᠤᠰᠢᠭᠤᠨ ᠳᠤ ᠢᠷᠡᠭᠰᠡᠨ ᠲᠣᠰ ᠡᠳᠦᠷ ᠰᠤᠮᠤ ᠪᠠᠯᠭᠠᠰᠤ᠂ ᠨᠡᠶᠢᠭᠡᠮ ᠲᠣᠭᠤᠷᠢᠭ ︵ᠭᠠᠴᠠᠭ᠎ᠠ︶ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠣᠷᠣᠭᠤᠯᠵᠤ᠂ 14 ᠡᠳᠦᠷ ᠬᠡᠷ ᠲᠡᠭᠡᠨ ᠰᠠᠭᠤᠵᠤ ᠠᠨᠠᠭᠠᠬᠤ ᠤᠬᠠᠭᠠᠨ ᠤ ᠲᠤᠰᠠᠭᠠᠷᠯᠠᠯ ᠬᠢᠬᠦ + 2 ᠤᠳᠠᠭ᠎ᠠ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠬᠦ + 1 ᠤᠳᠠᠭᠠᠨ ᠤ ᠡᠪᠡᠳᠴᠢᠨ ᠢ ᠡᠰᠡᠷᠭᠦᠴᠡᠬᠦ ᠴᠢᠳᠠᠪᠤᠷᠢ ᠶᠢ ᠪᠠᠶᠢᠴᠠᠭᠠᠨ ᠬᠡᠮᠵᠢᠬᠦ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ᠃ ᠨᠠᠮ ᠵᠠᠰᠠᠭ ᠴᠡᠷᠢᠭ ᠴᠠᠭᠳᠠᠭ᠎ᠠ ᠠᠷᠠᠳ ᠤᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠦᠮᠦᠨ ᠪᠣᠳᠠᠰ ᠢ ᠬᠠᠮᠲᠤ ᠳᠤᠨᠢ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭᠠᠳᠬᠠᠨ᠂ ᠬᠢᠯᠢ ᠶᠢᠨ ᠬᠠᠮᠢᠶᠠᠷᠤᠯᠲᠠ ᠡᠵᠡᠮᠳᠡᠯ  ᠤᠨ ᠥ ᠰᠡᠪ ᠢ ᠪᠢᠲᠡᠭᠦᠮᠵᠢᠯᠡᠵᠦ᠂ ᠤᠯᠤᠰ ᠤᠨ ᠬᠢᠯᠢ ᠶᠢ ᠬᠤᠯᠠᠭᠤᠨ ᠳᠠᠪᠠᠭ᠋ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠤᠯᠤᠳ ᠬᠡᠷᠡᠮ ᠪᠤᠯᠤᠳ ᠬᠠᠨ᠎ᠠ ᠶᠢ ᠪᠠᠬᠢᠯᠡᠬᠦ ᠬᠡᠷᠡᠭᠲᠡᠢ᠃        ᠵᠢᠷᠭᠤᠭ᠎ᠠ᠂ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠠᠮᠢᠶᠠᠷᠤᠨ ᠡᠵᠡᠮᠳᠡᠬᠦ ᠬᠡᠷᠡᠭᠲᠡᠢ᠃ ︽ᠴᠢᠬᠤᠯᠠ ᠥᠬᠡᠶ ᠪᠣᠯ ᠡᠷᠭᠢᠯᠡᠬᠦ ᠥᠬᠡᠶ︾ ᠵᠠᠷᠴᠢᠮ ᠢ ᠴᠢᠩᠭ᠎ᠠ ᠵᠢᠷᠤᠮᠯᠠᠨ ᠲᠣᠮᠣ ᠬᠡᠯᠪᠡᠷᠢ ᠶᠢᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠪᠥᠬᠦ ᠬᠤᠰᠢᠭᠤᠨ ᠤ ᠬᠡᠪᠴᠢᠶᠡᠨ ᠳᠤ ᠬᠠᠮᠲᠤ  ᠶᠢᠨ ᠵᠣᠯᠭᠠᠯᠲᠠ᠂ ᠦᠳᠡᠰᠢᠯᠡᠭᠡ ᠵᠡᠷᠭᠡ ᠬᠥᠮᠦᠰ ᠤᠨ ᠴᠤᠭᠯᠠᠷᠠᠯ ᠤᠨ ᠴᠢᠨᠠᠷᠲᠠᠶ ᠠᠵᠢᠯᠯᠠᠭ᠎ᠠ ᠶᠢ ᠡᠷᠭᠢᠯᠡᠵᠦ ᠪᠣᠯᠬᠤ ᠥᠬᠡᠶ᠃ ᠬᠥᠮᠦᠨ ᠬᠠᠷ᠎ᠠ ᠬᠤᠷᠠᠨ ᠴᠤᠭᠯᠠᠷᠠᠭᠰᠠᠨ ᠠᠴᠠ ᠪᠣᠯᠵᠣ ᠬᠢᠵᠢᠭ ᠬᠠᠯᠳᠠᠪᠤᠷᠢᠯᠠᠨ ᠣᠷᠣᠵᠤ ᠢᠷᠡᠭᠰᠡᠨ ᠪᠠ ᠳᠡᠯᠭᠡᠷᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠬᠠᠮᠢᠶ᠎ᠠ ᠪᠥᠬᠦᠶ ᠬᠥᠮᠦᠨ ᠠᠴᠠ ᠬᠠᠷᠢᠭᠤᠴᠠᠯᠭ᠎ᠠ ᠨᠡᠬᠡᠮᠵᠢᠯᠡᠨ᠎ᠡ᠃ ᠬᠤᠷᠢᠮ ᠪᠡᠯᠪᠡᠰᠦᠷᠡᠯ ᠤᠨ ᠶᠠᠪᠤᠳᠠᠯ ᠢ ᠳᠥᠭᠦᠮᠴᠢᠯᠡᠵᠦ᠂ ᠠᠯᠢ ᠴᠢᠳᠠᠬᠤ ᠪᠠᠷ ᠬᠡᠷ ᠪᠦᠯᠢ ᠶᠢᠨ ᠬᠤᠪᠢ ᠬᠥᠮᠦᠨ ᠤ ᠴᠤᠭᠯᠠᠭᠠᠨ ᠨᠠᠶᠢᠷ ᠬᠢᠬᠦ ᠥᠬᠡᠶ ᠪᠤᠶᠤ ᠣᠷᠣᠯᠴᠠᠬᠤ ᠥᠬᠡᠶ ᠪᠠᠶᠢᠵᠤ᠂ ᠬᠡᠷ ᠪᠦᠯᠢ ᠶᠢᠨ ᠬᠤᠪᠢ ᠬᠥᠮᠦᠨ ᠤ ᠴᠤᠭᠯᠠᠭᠠᠨ ᠨᠠᠶᠢᠷ ᠢ 10 ᠬᠥᠮᠦᠨ ᠠᠴᠠ ᠳᠣᠷᠣᠭᠰᠢ ᠬᠢᠵᠠᠭᠠᠷᠯᠠᠵᠤ᠂ ᠨᠥᠬᠦᠴᠡᠯ ᠲᠠᠢ ᠪᠣᠯ ᠣᠷᠣ ᠠᠯᠤᠰᠯᠠᠨ ᠰᠠᠭᠤᠵᠤ ᠪᠣᠯᠬᠤ ᠪᠥᠭᠡᠳ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃        ᠳᠣᠯᠤᠭ᠎ᠠ᠂ ᠬᠥᠮᠦᠰ ᠤᠨ ᠰᠢᠯᠵᠢᠬᠦ ᠶᠢ ᠴᠢᠩᠭ᠎ᠠ ᠬᠢᠵᠠᠭᠠᠷᠯᠠᠬᠤ ᠬᠡᠷᠡᠭᠲᠡᠶ᠃ ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠬᠥᠮᠦᠰ ᠤᠨ ᠶᠠᠪᠤᠵᠤ ᠰᠠᠭᠤᠬᠤ ᠠᠴᠠ ᠪᠣᠯᠤᠭᠰᠠᠨ ᠰᠡᠷᠭᠡᠶᠢᠯᠡᠨ ᠡᠵᠡᠮᠳᠡᠬᠦ ᠠᠶᠤᠯ ᠲᠦᠭᠰᠢᠭᠦᠷᠢ ᠬᠡᠮ ᠰᠣᠭᠤᠭ ᠢ ᠪᠠᠭᠠᠰᠬᠠᠬᠤ ᠶᠢᠨ ᠲᠥᠯᠥᠭᠡ᠂ ᠴᠠᠭᠠᠨ ᠰᠠᠷ᠎ᠠ ᠶᠢᠨ ᠬᠤᠭᠤᠴᠠᠭᠠᠨ ᠳᠤ ᠡᠯ᠎ᠡ ᠵᠠᠰᠠᠭ ᠵᠠᠬᠢᠷᠭ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠥᠷᠭᠡᠨ ᠣᠯᠠᠨ ᠰᠠᠭᠤᠭᠠᠯᠢ ᠠᠷᠠᠳ ᠮᠤᠵᠢ ᠠᠯᠤᠰᠯᠠᠨ ᠰᠢᠯᠵᠢᠵᠦ ᠪᠣᠯᠬᠤ ᠦᠭᠡᠶ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢᠨ ᠰᠢᠯᠵᠢᠯᠲᠡ ᠳᠤ ᠬᠤᠪᠢ ᠬᠥᠮᠦᠨ ᠤ ᠬᠠᠮᠠᠭᠠᠯᠠᠯᠲᠠ ᠶᠢ ᠰᠠᠶᠢᠲᠤᠷ ᠬᠢᠬᠦ ᠶᠢᠨ ᠬᠠᠮᠲᠤ ᠠᠵᠢᠯᠯᠠᠵᠤ ᠪᠠᠶᠢᠭ᠎ᠠ ᠨᠢᠭᠡᠴᠢ ᠵᠢᠴᠢ ᠨᠡᠶᠢᠭᠡᠮ ᠲᠣᠭᠤᠷᠢᠭ ᠲᠤ ᠰᠠᠶᠢᠲᠤᠷ ᠮᠡᠳᠡᠭᠦᠯᠦᠨ ᠳᠠᠩᠰᠠᠯᠠᠭᠤᠯᠬᠤ ᠶᠢᠨ ᠬᠠᠮᠲᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠨᠠᠶᠢᠳᠠᠪᠤᠷᠢᠵᠢᠭᠤᠯᠬᠤ ᠬᠡᠷᠡᠭᠲᠡᠶ᠃             ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ                ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ                                   2021 ᠣᠨ ᠤ 1 ᠰᠠᠷ᠎ᠠ ᠶᠢᠨ 8 ᠤ ᠡᠳᠦᠷ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号