ᠬᠥᠯᠥᠨ ᠪᠣᠶᠢᠷ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠳᠠᠬᠢ ᠬᠤᠪᠢᠶᠠᠷᠢ ᠲᠣᠪᠴᠢᠶ᠎ᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ︾ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/1/20
        1 ᠰᠠᠷ᠎ᠠ ᠶᠢᠨ 19 ᠤ ᠡᠳᠦᠷ᠂ ᠬᠥᠯᠥᠨ ᠪᠣᠶᠢᠷ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠰᠢᠨ᠎ᠡ ᠪᠠᠷᠭᠤ ᠪᠠᠷᠠᠭᠤᠨ ᠬᠤᠰᠢᠭᠤᠨ ᠳᠠᠬᠢ ᠬᠤᠪᠢᠶᠠᠷᠢ ᠲᠣᠪᠴᠢᠶ᠎ᠠ ᠳᠤᠮᠳᠠᠳᠤ ᠶᠢᠨ ᠦᠨᠳᠦᠰᠦᠲᠡᠨ  ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠬᠤ ᠲᠤᠰᠬᠠᠶ ᠰᠡᠳᠦᠪᠲᠦ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠡ᠃ ᠬᠤᠷᠠᠯ ᠳᠤ᠂ ︽ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ︾᠂ ︽ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠴᠢᠬᠤᠯᠠ ᠥᠭᠦᠯᠡᠯᠲᠡ︾᠂ ︽ᠤᠯᠤᠰ ᠠᠴᠠ ᠦᠨᠳᠦᠰᠦᠲᠡᠨ ᠤ ᠪᠦᠯᠬᠦᠮᠳᠡᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠬᠤ ᠲᠠᠯ᠎ᠠ ᠪᠠᠷ ᠶᠠᠮᠠᠷ ᠶᠠᠮᠠᠷ ᠲᠦᠷᠦ ᠶᠢᠨ ᠪᠤᠳᠤᠯᠭ᠎ᠠ ᠲᠣᠭᠲᠠᠭᠠᠭᠰᠠᠨ ᠪᠤᠢ︾᠂ ︽ᠲᠠᠪᠤ ᠶᠢ ᠬᠠᠮᠠᠭᠠᠯᠠᠬᠤ᠂ ᠭᠤᠷᠪᠠ ᠠᠴᠠ ᠰᠠᠯᠵᠤ ᠴᠢᠳᠠᠬᠤ ᠦᠭᠡᠢ᠂ ᠲᠠᠪᠤ ᠶᠢ ᠵᠥᠪᠰᠢᠶᠡᠷᠡᠬᠦ ᠭᠡᠭᠴᠢ ᠶᠠᠭᠤ ᠪᠤᠢ︾ ᠵᠡᠷᠭᠡ ᠰᠤᠷᠤᠯᠴᠠᠬᠤ ᠠᠭᠤᠯᠭ᠎ᠠ ᠶᠢ ᠪᠠᠭᠲᠠᠭᠠᠭᠰᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠬᠥᠮᠦᠵᠢᠯ ᠤᠨ ᠤᠩᠰᠢᠬᠤ ᠪᠢᠴᠢᠭ ᠲᠠᠬᠢ ᠠᠭᠤᠯᠭ᠎ᠠ ᠤᠳ ᠢ ᠰᠤᠷᠤᠯᠴᠠᠪᠠ᠃
       ᠬᠤᠷᠠᠯ ᠠᠴᠠ᠂ ᠪᠦᠬᠦ ᠠᠵᠢᠯᠳᠠᠨ ᠦᠵᠡᠯ ᠰᠠᠨᠠᠭ᠎ᠠ ᠲᠠᠨᠢᠯᠲᠠ ᠪᠣᠯᠤᠨ ᠤᠯᠤᠰ ᠲᠦᠷᠦ ᠶᠢᠨ ᠵᠣᠭᠰᠣᠴᠠ  ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠬᠦᠮᠦᠵᠢᠯ ᠤᠨ ᠤᠩᠰᠢᠬᠤ ᠪᠢᠴᠢᠭ ᠢ ᠨᠠᠷᠢᠨ ᠬᠢᠨᠠᠮᠠᠭᠠᠢ ᠰᠤᠷᠤᠯᠴᠠᠨ ᠡᠵᠡᠮᠰᠢᠵᠦ᠂ ᠠᠵᠢᠯ ᠤᠨ ᠲᠣᠭᠲᠠᠴᠠ ᠶᠢ ᠨᠠᠷᠢᠯᠢᠭ ᠪᠣᠳᠠᠲᠠᠢ ᠨᠠᠶᠢᠳᠠᠪᠦᠷᠢᠵᠢᠭᠤᠯᠤᠨ᠂ ᠲᠦᠷᠦ ᠶᠢᠨ ᠪᠤᠳᠤᠯᠭ᠎ᠠ ᠶᠢᠨ ᠲᠠᠶᠢᠯᠤᠮᠵᠢ ᠶᠢ ᠤᠯᠠᠮ ᠴᠢᠨᠠᠭᠰᠢᠳᠠ ᠰᠠᠶᠢᠲᠤᠷ ᠬᠢᠵᠦ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠰᠤᠷᠤᠯᠴᠠᠨ ᠣᠶᠢᠯᠠᠭᠠᠵᠤ ᠨᠡᠪᠳᠡᠷᠡᠳᠡᠯ᠎ᠡ ᠣᠶᠢᠯᠠᠭᠠᠬᠤ ᠳᠡᠭᠡᠷ᠎ᠡ ᠬᠦᠴᠦ ᠳᠠᠯᠪᠢᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠦᠨᠡᠨ ᠬᠦ ᠨᠢᠭᠡᠳᠬᠡᠵᠦ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶᠢᠷᠡᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠶᠢ ᠦᠨᠡᠨ ᠬᠦ ᠭᠦᠨᠵᠡᠭᠡᠢ ᠨᠠᠷᠢᠯᠢᠭ ᠪᠦᠭᠡᠳ ᠪᠣᠳᠠᠲᠠᠢ ᠬᠢᠵᠦ᠂ ᠳᠤᠮᠳᠠᠳᠤ  ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃                                ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号