ᠬᠡᠷᠡᠭᠯᠡᠬᠦ ᠦᠭᠡᠢ ᠪᠠᠩᠬᠢ ᠶᠢᠨ ᠺᠠᠷᠲ ᠢᠶᠠᠨ ᠬᠦᠴᠤᠨ ᠦᠭᠡᠢ ᠪᠤᠯᠭᠠᠨ᠎ᠠ ᠤᠤ ᠦᠯᠡᠳᠡᠭᠡᠨ᠎ᠠ ᠤᠤ ᠭᠡᠳᠡᠭ ᠲᠤ ᠴᠠᠭ ᠲᠤᠬᠠᠢ ᠳᠤᠨᠢ ᠠᠩᠬᠠᠷᠤᠯ ᠢᠶᠠᠨ ᠬᠠᠨᠳᠤᠭᠤᠯᠤᠭᠠᠷᠠᠢ︕
ᠨᠡᠶᠢᠲᠡᠯᠡᠭᠰᠡᠨ ᠴᠠᠭ᠄
2021/1/21
       ᠤᠳᠤ ᠭᠠᠳᠠᠬᠰᠢ ᠭᠠᠷᠬᠤ ᠳᠠᠭᠠᠨ ᠭᠠᠷ ᠤᠳᠠᠰᠤ ᠪᠠᠷ ᠢᠶᠠᠨ ᠰᠢᠷᠪᠢᠪᠠᠯ ᠲᠣᠭᠠᠴᠠᠭ᠎ᠠ ᠬᠢᠵᠦ ᠪᠤᠯᠳᠠᠭ ᠪᠣᠯᠪᠠᠴᠤ ᠵᠠᠷᠢᠮ APP ᠪᠠᠷ ᠲᠤᠭᠠᠴᠠᠭ᠎ᠠ ᠬᠢᠬᠦ ᠳᠤ ᠪᠠᠰᠠ ᠪᠠᠩᠬᠢ ᠶᠢᠨ ᠺᠠᠷᠲ ᠲᠠᠢ ᠪᠠᠨ ᠬᠤᠯᠪᠤᠬᠤ ᠶᠢ ᠱᠠᠭᠠᠷᠳᠠᠳᠠᠭ᠃        ᠪᠠᠩᠬᠢ ᠶᠢᠨ ᠺᠠᠷᠲ ᠲᠤ ᠢᠳᠡᠭᠡᠮᠵᠢ ᠶᠢᠨ ᠺᠠᠷᠲ ᠪᠤᠯᠤᠨ ᠬᠠᠳᠠᠭᠠᠯᠠᠮᠵᠢ ᠶᠢᠨ ᠺᠠᠷᠲ ᠭᠡᠬᠦ ᠬᠤᠶᠠᠷ ᠵᠦᠢᠯ  ᠪᠤᠢ᠂ ᠲᠦᠷᠦᠯ ᠵᠦᠢᠯ ᠨᠢ ᠠᠳᠠᠯᠢ ᠦᠭᠡᠢ ᠪᠤᠯᠬᠤᠷ ᠬᠦᠴᠤᠨ ᠦᠭᠡᠢ ᠪᠤᠯᠭᠠᠬᠰᠠᠨ ᠤ ᠲᠠᠷᠠᠭ᠎ᠠ ᠴᠤ ᠠᠩᠬᠠᠷᠤᠯ ᠳᠠᠭᠠᠨ ᠠᠪᠬᠤ ᠴᠢᠬᠤᠯᠠᠲᠠᠢ᠃ ᠣᠯᠠᠩᠬᠢ ᠬᠥᠮᠥᠨ ᠪᠠᠩᠬᠢ ᠶᠢᠨ ᠣᠯᠠᠨ ᠺᠠᠷᠲ ᠤᠨ ᠢᠶᠠᠨ ᠳᠣᠲᠣᠷᠠᠬᠢ ᠨᠢᠭᠡ ᠯᠡ ᠪᠤᠶᠤ ᠬᠤᠶᠠᠷᠬᠠᠨ ᠢ ᠨᠢ ᠪᠠᠶᠢᠩᠭᠤ ᠭᠡᠷᠡᠭᠯᠡᠳᠡᠭ᠃ ᠲᠡᠭᠡᠪᠠᠯ ᠪᠠᠩᠬᠢ ᠶᠢᠨ ᠺᠠᠷᠲ ᠲᠠᠭᠠᠨ ᠮᠥᠩᠭᠦ ᠬᠠᠳᠠᠭᠠᠯᠠᠭᠰᠠᠨ ᠦᠭᠡᠢ ᠪᠦᠭᠡᠳ ᠬᠦᠴᠤᠨ ᠦᠭᠡᠢ ᠪᠤᠯᠭᠠᠬᠰᠠᠨ ᠦᠭᠡᠢ ᠪᠠᠶᠢᠪᠠᠯ ᠶᠠᠮᠠᠷ ᠠᠰᠠ᠊ ‍ᠭᠤᠳᠠᠯ ᠭᠠᠷᠴᠤ ᠮᠡᠳᠡᠬᠦ ᠪᠣᠢ︖        ᠭᠡᠷᠪᠠ ᠬᠠᠳᠠᠭᠠᠯᠠᠮᠵᠢ ᠶᠢᠨ ᠺᠠᠷᠲ ᠢᠶᠠᠨ ᠤᠷᠳᠤ ᠬᠤᠭᠤᠴᠠᠭ᠎ᠠ ᠭᠡᠷᠡᠭᠯᠡᠭᠰᠡᠨ ᠦᠭᠡᠢ᠂ ᠬᠠᠳᠠᠭᠠᠯᠠᠭᠰᠠᠨ   ᠮᠥᠩᠭᠦ ᠨᠢ 300 ᠲᠦᠬᠦᠷᠢᠭ ᠠᠴᠠ ᠴᠦᠭᠡᠨ ᠪᠠᠶᠢᠬᠤ ᠳᠤ ᠬᠦᠷᠪᠠᠯ᠂ ᠪᠠᠩᠬᠢ ᠵᠢᠯ ᠪᠦᠷᠢ ᠶᠢᠨ 10 ᠲᠦᠬᠦᠷᠢᠭ ᠤᠨ ᠬᠠᠮᠢᠶᠡᠷᠤᠯᠳᠠ ᠶᠢᠨ ᠵᠠᠷᠤᠳᠠᠯ ᠢᠶᠠᠨ ᠪᠦᠬᠦᠨ ᠢ ᠬᠠᠰᠤᠵᠤ ᠠᠪᠳᠠᠭ᠃ ᠤᠳᠠᠰᠤᠨ ᠤ ᠵᠠᠬᠢᠶ᠎ᠠ ᠶᠢᠨ ᠤᠢᠢᠯᠡᠴᠢᠯᠡᠭᠡ ᠠᠪᠤᠬᠰᠠᠨ ᠪᠤᠯ ᠮᠦᠨ ᠰᠠᠷ᠎ᠠ ᠪᠦᠷᠢ ᠶᠢᠨ ᠵᠠᠷᠤᠳᠠᠯ ᠢᠶᠠᠨ ᠬᠠᠰᠤᠵᠤ ᠠᠪᠤᠨ᠎ᠠ᠃ ᠦᠭᠡᠷ᠎ᠠ ᠪᠠᠷ ᠭᠡᠯᠡᠪᠠᠯ᠂ ᠺᠠᠷᠲ ᠲᠤ ᠴᠢᠨᠢ ᠮᠥᠩᠭᠦ ᠪᠠᠶᠢᠳᠠᠭ ᠯᠡ ᠶᠤᠮ ᠪᠤᠯ ᠪᠠᠩᠬᠢ ᠠᠴᠠ ᠵᠠᠷᠤᠳᠠᠯ ᠢᠶᠠᠨ ᠬᠠᠰᠤᠵᠤ ᠠᠪᠬᠤ ᠪᠤᠯᠪᠠᠴᠤ ᠦᠷᠢᠳᠦᠬᠦᠯᠬᠦ ᠦᠭᠡᠢ ᠶᠤᠮ᠃ ᠺᠠᠷᠲ ᠲᠤᠳᠤᠷ᠎ᠠ ᠮᠥᠩᠭᠦ ᠦᠭᠡᠢ ᠪᠤᠯᠤᠬᠰᠠᠨ ᠤ ᠲᠠᠷᠠᠭ᠎ᠠ᠂ ᠭᠡᠳᠤᠨ ᠰᠠᠷ᠎ᠠ ᠭᠡᠷᠡᠭᠯᠡᠬᠦ ᠦᠭᠡᠢ ᠪᠤᠯ ᠮᠥᠩᠭᠦ ᠭᠠᠷᠭᠠᠨ ᠠᠪᠴᠤ ᠪᠤᠯᠬᠤ ᠦᠭᠡᠢ ᠮᠦᠷᠳᠡᠭᠡᠨ ᠮᠥᠩᠭᠦ ᠬᠠᠳᠠᠭᠠᠯᠠᠵᠤ ᠴᠤ ᠪᠤᠯᠬᠤ ᠦᠭᠡᠢ ᠪᠤᠯᠳᠠᠭ᠃ ᠭᠡᠷᠪᠠ 2 ᠠᠴᠠ 5 ᠵᠢᠯ ᠤᠨ ᠬᠤᠭᠤᠴᠠᠭᠠᠨ ᠳᠤ ᠺᠠᠷᠲ ᠪᠠᠨ ᠭᠡᠷᠡᠭᠯᠡᠭᠰᠡᠨ ᠦᠭᠡᠢ ᠪᠤᠯ ᠪᠠᠩᠬᠢ ᠠᠴᠠ ᠡᠳᠡᠭᠡᠷ ᠲᠠᠨ ᠤ ᠲᠠᠩᠰᠠ ᠶᠢ ᠠᠶᠠᠨᠳᠠᠭᠠᠨ ᠬᠦᠴᠤᠨ ᠦᠭᠡᠢ ᠪᠤᠯᠭᠠᠳᠠᠭ᠃ ᠡᠶᠢᠮᠤ ᠠᠴᠠ ᠬᠠᠳᠠᠭᠠᠯᠠᠮᠵᠢ ᠶᠢᠨ ᠺᠠᠷᠲ ᠲᠠᠭᠠᠨ ᠮᠥᠩᠭᠦ ᠦᠭᠡᠢ ᠮᠦᠷᠳᠡᠭᠡᠨ ᠬᠦᠴᠤᠨ ᠦᠭᠡᠢ ᠪᠤᠯᠭᠠᠬᠰᠠᠨ ᠦᠭᠡᠢ ᠴᠤ ᠤᠯᠠᠨ ᠵᠢᠯ ᠤᠨ ᠲᠠᠷᠠᠭ᠎ᠠ ᠪᠠᠩᠬᠢ ᠳᠤ ᠦᠯᠠᠮᠵᠢ ᠮᠥᠩᠭᠦ ᠦᠷᠢᠳᠦᠬᠦ ᠠᠴᠠ ᠰᠠᠨᠠᠭ᠎ᠠ ᠵᠣᠪᠠᠭ᠋ᠤ ᠬᠡᠷᠡᠭ ᠦᠭᠡᠢ᠃        ᠬᠠᠷᠢᠨ ᠲᠠ ᠢᠳᠡᠭᠡᠮᠵᠢ ᠶᠢᠨ ᠺᠠᠷᠲ ᠬᠡᠷᠡᠭᠯᠡᠵᠦ ᠪᠠᠶᠢᠭ᠎ᠠ ᠪᠣᠯ ᠠᠩᠬᠠᠷᠤᠯ ᠢᠶᠠᠨ ᠬᠠᠨᠳᠤᠭᠤᠯᠤᠭᠠᠷᠠᠢ︕        ᠢᠳᠡᠭᠡᠮᠵᠢ ᠶᠢᠨ ᠺᠠᠷᠲ ᠢᠶᠠᠨ ᠭᠡᠷᠡᠭᠯᠡᠬᠦ ᠦᠭᠡᠢ ᠴᠤ ᠭᠡᠰᠡᠨ ᠤᠨ ᠤ ᠵᠠᠷᠤᠳᠠᠯ ᠲᠤᠰᠢᠶᠠᠬᠤ ᠱᠠᠭᠠᠷᠳᠠᠯᠭ᠎ᠠ  ᠲᠠᠢ᠃ ᠲᠡᠬᠦᠨ ᠢᠶᠠᠨ ᠬᠤᠭᠤᠴᠠᠭ᠎ᠠ ᠠᠴᠠ ᠨᠢ ᠭᠡᠳᠤᠷᠡᠬᠦᠯᠤᠭᠡᠳ ᠲᠥᠯᠥᠬᠦ ᠦᠭᠡᠢ ᠪᠤᠯ᠂ ᠲᠤᠷᠭᠠᠭᠤᠯᠢ ᠶᠢᠨ ᠵᠤᠭᠤᠰ ᠲᠤᠰᠢᠶᠠᠬᠤ ᠴᠢᠬᠤᠯᠠᠲᠠᠢ ᠶᠤᠮ᠃ ᠲᠦᠯᠦᠬᠦ ᠦᠭᠡᠢ ᠪᠠᠶᠢᠬᠤ ᠬᠤᠭᠤᠴᠠᠭ᠎ᠠ ᠨᠢ ᠤᠷᠲᠤ ᠪᠣᠯᠬᠤ ᠲᠤᠰᠤᠮ ᠬᠦᠤ ᠮᠦᠡᠭᠬᠦ ᠨᠢ ᠲᠠᠳᠤᠢ ᠦᠨᠳᠤᠷ ᠪᠠᠶᠢᠳᠠᠭ᠃ ᠲᠠᠷᠠ ᠮᠦᠷᠳᠡᠭᠡᠨ ᠬᠤᠭᠤᠴᠠᠭ᠎ᠠ ᠠᠴᠠ ᠭᠡᠳᠤᠷᠡᠬᠦᠯᠦᠭᠡᠳ ᠵᠤᠭᠤᠰ ᠢᠶᠠᠨ ᠲᠦᠯᠦᠭᠰᠡᠨ ᠪᠠᠶᠢᠪᠠᠯ ᠬᠤᠪᠢ ᠬᠦᠮᠤᠨ ᠤ ᠢᠳᠡᠭᠡᠮᠵᠢ ᠴᠢᠨᠢ ᠨᠦᠯᠦᠭᠡᠯᠡᠭᠳᠡᠨ᠎ᠠ᠃ ᠢᠳᠡᠭᠡᠮᠵᠢ ᠶᠢᠨ ᠺᠠᠷᠲ ᠢ ᠬᠦᠴᠤᠨ ᠦᠭᠡᠢ ᠪᠤᠯᠭᠠᠬᠤ ᠳᠤ ᠦᠷᠢᠳᠦᠭᠰᠡᠨ ᠵᠤᠭᠤᠰ ᠢᠶᠠᠨ ᠵᠠᠪᠠᠯ ᠪᠦᠬᠦᠨ ᠢ ᠲᠦᠯᠦᠬᠦ ᠭᠡᠷᠡᠭᠳᠠᠢ᠃ ᠢᠳᠡᠭᠡᠮᠵᠢ ᠶᠢᠨ ᠺᠠᠷᠲ ᠢ ᠬᠦᠴᠤᠨ ᠦᠭᠡᠢ ᠪᠤᠯᠭᠠᠬᠤ ᠦᠶ᠎ᠠ ᠳᠤ ᠪᠠᠩᠬᠢ ᠶᠢᠨ ᠢᠳᠡᠭᠡᠮᠵᠢ ᠶᠢᠨ ᠺᠠᠷᠲ ᠤᠨ ᠤᠢᠢᠯᠡᠴᠢᠯᠡᠭᠡ ᠬᠠᠨᠭ᠍ᠭᠠᠬᠤ ᠤᠳᠠᠰᠤᠨ ᠳᠤ ᠰᠢᠭᠤᠳ ᠤᠳᠠᠰᠤᠳᠠᠵᠤ᠂ ᠬᠠᠮᠢᠶᠠᠲᠠᠢ ᠮᠡᠳᠡᠭᠡᠯᠡᠯ ᠢ ᠬᠢᠨᠠᠨ ᠬᠠᠷᠭᠤᠭᠤᠯᠤᠬᠰᠠᠨ ᠤ ᠲᠠᠷᠠᠭ᠎ᠠ ᠬᠦᠴᠤᠨ ᠦᠭᠡᠢ ᠪᠤᠯᠭᠠᠵᠤ ᠪᠤᠯᠤᠨ᠎ᠠ᠃
 
ᠢᠷᠡᠯᠲᠡ᠄ ᠬᠦᠯᠦᠨ ᠪᠣᠶᠢᠷ ᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号