ᠭᠠᠳᠠᠨ᠎ᠠ ᠬᠤᠭᠤᠯᠠᠯᠠᠬᠤ ᠳᠤ ᠠᠩᠬᠠᠷᠬᠤ ᠴᠢᠬᠤᠯᠠᠲᠠᠢ ᠵᠦᠢᠯ
ᠨᠡᠶᠢᠲᠡᠯᠡᠭᠰᠡᠨ ᠴᠠᠭ᠄
2021/1/21
       ᠬᠢᠵᠢᠭ ᠤᠨ ᠪᠠᠶᠢᠳᠠᠯ ᠨᠠᠮᠳᠠᠬᠤ ᠶᠢ ᠳᠠᠭᠠᠯᠳᠤᠨ᠂ ᠬᠤᠭᠤᠯᠠᠨ ᠭᠡᠷ ᠤᠳ ᠠᠭᠠᠵᠢᠮ ᠢᠶᠠᠷ ᠡᠭᠦᠳᠡ ᠪᠠᠨ ᠨᠡᠭᠡᠭᠡᠵᠦ ᠠᠵᠢᠯᠯᠠᠵᠤ ᠡᠬᠢᠯᠡᠵᠡᠢ᠃ ᠡᠭᠦᠨ ᠳᠤ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ ᠠᠴᠠ ᠢᠳᠡᠭᠡᠨ ᠤᠮᠳᠠᠭᠠᠨ ᠤ ᠦᠢᠯᠡᠰ ᠲᠤ ᠳᠠᠷᠠᠭᠠᠬᠢ ᠮᠡᠲᠦ ᠶᠢᠨ ᠭᠤᠷᠪᠠᠨ ᠲᠠᠯ᠎ᠠ ᠶᠢᠨ ᠳᠤᠷᠠᠳᠤᠯᠭ᠎ᠠ ᠭᠠᠷᠭᠠᠬᠤ ᠶᠢᠨ ᠳᠠᠭᠠᠤ ᠬᠡᠷᠡᠭᠯᠡᠭᠴᠢᠳ ᠬᠤᠪᠢ ᠪᠡᠶ᠎ᠡ ᠶᠢᠨ ᠬᠠᠮᠠᠭᠠᠯᠠᠯᠲᠠ ᠶᠢ ᠬᠡᠷᠬᠢᠨ ᠬᠢᠬᠦ ᠲᠤᠬᠠᠢ ᠵᠦᠪᠯᠡᠯᠭᠡ ᠰᠠᠨᠠᠭᠤᠯᠭ᠎ᠠ ᠦᠭᠭᠦᠭᠰᠡᠨ ᠪᠠᠶᠢᠨ᠎ᠠ᠃        ᠬᠠᠮᠤᠭ ᠤᠨ ᠲᠡᠷᠢᠭᠦᠨ ᠳᠤ ᠢᠳᠡᠭᠡᠨ ᠤᠮᠳᠠᠭᠠᠨ ᠤ ᠦᠢᠯᠡᠰ ᠡᠷᠬᠢᠯᠡᠵᠦ ᠪᠠᠶᠢᠭ᠎ᠠ ᠨᠢᠭᠡᠴᠢ ᠬᠢᠵᠢᠭ ᠢ ᠰᠡᠷᠭᠡᠶᠢᠯᠡᠨ ᠡᠵᠡᠮᠳᠡᠬᠦ ᠪᠡᠶᠡᠴᠢ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠡᠵᠡᠩᠨᠡᠯᠲᠡ ᠪᠠᠨ ᠰᠡᠷᠭᠦᠭᠡᠬᠦ ᠠᠴᠠ ᠡᠮᠦᠨ᠎ᠡ ᠬᠤᠭᠤᠯᠠᠨ ᠭᠡᠷ ᠤᠨ ᠲᠢᠩᠬᠢᠮ᠂ ᠲᠣᠬᠢᠯᠢᠭ ᠦᠷᠦᠭᠡ ᠵᠢᠴᠢ ᠲᠣᠭᠤᠭᠠᠨ ᠭᠡᠷ ᠤᠨ ᠰᠠᠪᠠ ᠬᠡᠷᠡᠭᠰᠡᠯ᠂ ᠪᠦᠷᠢᠨ ᠲᠦᠬᠦᠭᠡᠷᠦᠮᠵᠢ ᠶᠢ ᠲᠤᠶᠢᠯᠪᠤᠷᠢᠲᠠᠢ ᠠᠷᠢᠭᠤᠳᠬᠠᠨ ᠤᠬᠢᠶᠠᠨ᠎ᠠ᠃ ᠡᠵᠡᠩᠨᠡᠬᠦ ᠴᠠᠭ ᠲᠤ ᠪᠠᠨ ᠬᠤᠭᠤᠯᠠᠨ ᠭᠡᠷ ᠤᠨ ᠡᠭᠦᠳᠡᠨ ᠤ ᠳᠡᠷᠭᠡᠳᠡ ᠲᠤᠰᠬᠠᠢ ᠠᠵᠢᠯᠲᠠᠨ ᠲᠣᠬᠢᠷᠠᠭᠤᠯᠵᠤ᠂ ᠣᠷᠣᠵᠤ ᠭᠠᠷᠬᠤ ᠬᠦᠮᠦᠰ ᠤᠨ ᠪᠡᠶ᠎ᠡ ᠶᠢᠨ ᠳᠤᠯᠠᠭᠠᠨ ᠢ ᠬᠡᠮᠵᠢᠨ᠎ᠡ᠃ ᠤᠷᠢᠳᠴᠢᠯᠠᠨ ᠪᠣᠯᠵᠣᠬᠤ ᠪᠣᠶᠤ ᠴᠠᠭ ᠵᠦᠷᠢᠭᠦᠯᠡᠨ ᠬᠤᠭᠤᠯᠠᠯᠠᠬᠤ ᠠᠷᠭ᠎ᠠ ᠪᠠᠷ ᠬᠦᠮᠦᠰ ᠤᠨ ᠲᠤᠭ᠎ᠠ ᠶᠢ ᠬᠢᠵᠠᠭᠠᠷᠯᠠᠨ᠎ᠠ᠃ ᠬᠤᠭᠤᠯᠠᠨ ᠰᠢᠷᠡᠭᠡ ᠶᠢᠨ ᠬᠤᠭᠤᠷᠣᠨᠳᠣᠬᠢ ᠵᠠᠢ ᠶᠢ ᠬᠤᠯᠠᠬᠠᠨ ᠪᠠᠶᠢᠷᠢᠯᠠᠭᠤᠯᠵᠤ᠂ ᠪᠠᠶᠢᠩᠭᠤ ᠰᠠᠯᠬᠢ ᠵᠢᠪᠠᠷ ᠨᠡᠪᠲᠡᠷᠡᠭᠦᠯᠵᠦ᠂ ᠠᠷᠢᠭᠤᠳᠬᠠᠯ ᠴᠡᠪᠡᠷᠯᠡᠭᠡ ᠶᠢ ᠰᠠᠶᠢᠲᠤᠷ ᠬᠢᠵᠦ ᠬᠤᠭᠤᠯᠠᠨ ᠭᠡᠷ ᠤᠨ ᠭᠠᠷ ᠤᠬᠢᠶᠠᠯᠭ᠎ᠠ ᠶᠢᠨ ᠲᠦᠬᠦᠭᠡᠷᠦᠮᠵᠢ ᠶᠢ ᠲᠣᠬᠢᠯᠢᠭᠵᠢᠭᠤᠯᠵᠤ᠂ ᠭᠠᠷ ᠤᠬᠢᠶᠠᠬᠤ ᠳᠤ ᠪᠡᠯᠡᠬᠡᠨ ᠪᠠᠶᠢᠯᠭᠠᠨ᠎ᠠ᠃ ᠲᠣᠭᠠᠴᠠᠭᠠᠯᠠᠬᠤ ᠲᠠᠶᠢᠰᠠ᠂ ᠠᠷᠢᠭᠤᠨ ᠴᠡᠪᠡᠷ ᠤᠨ ᠲᠠᠰᠤᠭ ᠵᠡᠷᠭᠡ ᠭᠠᠵᠠᠷ ᠲᠤ ᠭᠠᠷ ᠠᠷᠢᠭᠤᠳᠬᠠᠬᠤ ᠡᠳ᠋ ᠪᠡᠯᠡᠳᠬᠡᠨ ᠲᠠᠯᠪᠢᠨ᠎ᠠ᠃        ᠬᠤᠶᠠᠳᠤᠭᠠᠷ ᠲᠤ ᠢᠳᠡᠭᠡᠨ ᠤᠮᠳᠠᠭᠠᠨ ᠤ ᠦᠢᠯᠡᠰ ᠡᠵᠡᠩᠨᠡᠭᠴᠢᠳ ᠠᠵᠢᠯᠯᠠᠬᠤ ᠳᠤ ᠪᠠᠨ ᠡᠷᠬᠡᠪᠰᠢ ᠠᠮᠠᠪᠴᠢ ᠵᠡᠭᠦᠵᠦ᠂ ᠡᠷᠡᠭᠦᠯ ᠴᠢᠬᠢᠷᠠᠭ ᠤᠨ ᠪᠠᠶᠢᠴᠠᠭᠠᠯᠲᠠ ᠪᠣᠯᠣᠨ ᠭᠠᠷ ᠤᠨ ᠠᠷᠢᠭᠤᠨ ᠴᠡᠪᠡᠷ ᠢ ᠡᠷᠬᠢᠮᠯᠡᠨ᠎ᠡ᠃ ᠬᠤᠭᠤᠯᠠ ᠤᠮᠳᠠ ᠪᠡᠯᠡᠳᠬᠡᠬᠦ ᠳᠤ ᠪᠠᠨ ᠪᠣᠯᠭᠤᠭᠰᠠᠨ ᠪᠠ ᠲᠦᠬᠦᠭᠡᠢ ᠢᠳᠡᠭᠡᠨ ᠢ ᠰᠠᠯᠭᠠᠨ ᠲᠠᠯᠪᠢᠵᠤ᠂ ᠮᠠᠯ ᠵᠢᠭᠦᠷᠲᠡᠨ ᠤ ᠮᠢᠬ᠎ᠠ᠂ ᠦᠨᠡᠨᠳᠡᠭᠡᠨ ᠤ ᠲᠦᠷᠦᠯ ᠢ ᠡᠷᠬᠡᠪᠰᠢ ᠭᠦᠢᠴᠡᠳ ᠪᠣᠯᠭᠤᠭᠠᠨ᠎ᠠ᠃ ᠲᠣᠭᠤᠭᠠᠨ ᠭᠡᠷ ᠪᠠ ᠬᠤᠭᠤᠯᠠᠨ ᠭᠡᠷ ᠤᠨ ᠣᠷᠴᠢᠨ ᠲᠣᠭᠤᠷᠢᠨ ᠵᠢᠴᠢ ᠲᠣᠨᠤᠭ ᠲᠦᠬᠦᠭᠡᠷᠦᠮᠵᠢ᠂ ᠬᠤᠭᠤᠯᠠᠨ ᠬᠡᠷᠡᠭᠰᠡᠯ᠂ ᠡᠭᠦᠳᠡᠨ ᠪᠠᠷᠢᠭᠤᠯ᠂ ᠴᠠᠬᠢᠯᠭᠠᠨ ᠱᠠᠲᠤ᠂ ᠨᠡᠶᠢᠲᠡ ᠶᠢᠨ ᠵᠣᠷᠯᠣᠩ ᠵᠡᠷᠭᠡ ᠶᠢ ᠴᠠᠭ ᠢᠮᠠᠭᠲᠠ ᠠᠷᠢᠭᠤᠳᠬᠠᠨ ᠴᠡᠪᠡᠷᠯᠡᠨ᠎ᠡ᠃        ᠭᠤᠷᠪᠠᠳᠤᠭᠠᠷ ᠲᠤ ᠬᠡᠷᠡᠭᠯᠡᠭᠴᠢᠳ ᠬᠤᠭᠤᠯᠠᠯᠠᠬᠤ ᠳᠤ ᠪᠠᠨ ᠬᠤᠪᠢ ᠪᠡᠶ᠎ᠡ ᠶᠢᠨ ᠬᠠᠮᠠᠭᠠᠯᠠᠯᠲᠠ ᠪᠠᠨ ᠰᠠᠶᠢᠲᠤᠷ ᠬᠢᠵᠦ᠂ ᠬᠤᠭᠤᠯᠠᠨ ᠠᠴᠠ ᠡᠮᠦᠨ᠎ᠡ ᠬᠤᠶᠢᠨ᠎ᠠ ᠭᠠᠷ ᠢᠶᠠᠨ ᠤᠬᠢᠶᠠᠵᠤ᠂ ᠬᠦᠮᠦᠰ ᠤᠨ ᠬᠤᠭᠤᠷᠣᠨᠳᠣᠬᠢ ᠵᠠᠢ ᠶᠢ 1 ᠮᠧᠲᠷ ᠬᠤᠯᠠᠬᠠᠨ ᠪᠠᠶᠢᠯᠭᠠᠵᠤ᠂ ᠬᠤᠪᠢᠴᠢᠯᠠᠨ ᠬᠤᠭᠤᠯᠠᠯᠠᠨ᠎ᠠ᠃        ᠲᠡᠭᠡᠪᠡᠯ ᠬᠤᠪᠢ ᠪᠡᠶ᠎ᠡ ᠶᠢᠨ ᠬᠠᠮᠠᠭᠠᠯᠠᠯᠲᠠ ᠶᠢ ᠰᠠᠶᠢᠲᠤᠷ ᠬᠢᠬᠦ ᠳᠤ᠄        1. ᠮᠦᠷᠯᠡᠨ ᠵᠣᠭᠰᠣᠬᠤ ᠳᠤ ᠪᠠᠨ ᠬᠦᠮᠦᠨ ᠨᠢᠭᠡ ᠪᠦᠷᠢ ᠠᠮᠠᠪᠴᠢ ᠵᠡᠭᠦᠵᠦ᠂ ᠠᠯᠢ ᠪᠣᠯᠬᠤ ᠪᠠᠷ ᠬᠤᠭᠤᠷᠣᠨᠳᠤ ᠪᠠᠨ ᠶᠠᠷᠢᠯᠴᠠᠨ ᠵᠣᠭᠤᠭᠳᠠᠬᠤ ᠦᠭᠡᠢ᠂ ᠬᠤᠭᠤᠯᠠᠯᠠᠬᠤ ᠳᠤ ᠪᠠᠨ ᠪᠣᠰᠣᠳ ᠲᠠᠢ ᠲᠣᠭᠲᠠᠭᠰᠠᠨ ᠠᠮᠤᠷ ᠲᠦᠪᠰᠢᠨ ᠤ ᠵᠠᠢ ᠲᠠᠢ ᠪᠠᠶᠢᠬᠤ ᠶᠢ ᠠᠩᠬᠠᠷᠤᠨ᠎ᠠ᠃ ᠬᠠᠨᠢᠶᠠᠬᠤ ᠨᠠᠶᠢᠲᠠᠭᠠᠬᠤ ᠳᠤ ᠪᠠᠨ ᠴᠠᠭᠠᠰᠤ ᠪᠠᠷ ᠠᠮᠠ ᠬᠠᠮᠠᠷ ᠢᠶᠠᠨ ᠪᠢᠲᠡᠭᠦᠯᠡᠰᠬᠢᠬᠦ ᠪᠤᠶᠤ ᠲᠣᠬᠤᠢ ᠪᠠᠷ ᠢᠶᠠᠨ ᠬᠠᠯᠬᠠᠯᠠᠨ᠎ᠠ᠃        2. ᠬᠤᠭᠤᠯᠠ ᠵᠠᠬᠢᠶᠠᠯᠠᠨ ᠲᠣᠰᠬᠤ ᠳᠤ ᠪᠠᠨ ᠣᠯᠠᠨ ᠬᠦᠮᠦᠨ ᠤ ᠭᠠᠷ ᠬᠦᠷᠳᠡᠭ ᠪᠣᠳᠠᠰ ᠲᠤ ᠰᠢᠭᠤᠳ ᠭᠠᠷ ᠬᠦᠷᠬᠦ ᠦᠭᠡᠢ᠂ ᠲᠣᠭᠠᠴᠠᠭ᠎ᠠ ᠬᠢᠬᠦ ᠳᠤ ᠪᠠᠨ ᠮᠡᠷᠭᠡᠨ ᠴᠣᠬᠤᠷ ᠪᠣᠶᠤ ᠸᠢᠴᠠᠲ ᠢᠶᠠᠷ ᠰᠢᠭᠤᠳ ᠲᠣᠭᠠᠴᠠᠯᠠᠵᠤ᠂ ᠴᠢᠳᠠᠬᠤ ᠶᠢᠨ ᠬᠢᠷᠢ ᠳᠤ ᠴᠠᠭᠠᠰᠤᠨ ᠵᠣᠭᠤᠰ ᠬᠡᠷᠡᠭᠯᠡᠬᠦ ᠦᠭᠡᠢ ᠪᠣᠯ ᠰᠠᠶᠢᠨ᠃        3. ᠬᠤᠭᠤᠯᠠᠯᠠᠬᠤ ᠠᠴᠠ ᠡᠮᠦᠨ᠎ᠡ ᠴᠡᠪᠡᠷᠯᠡᠨ ᠠᠷᠢᠭᠤᠳᠬᠠᠭᠰᠠᠨ ᠰᠢᠷᠡᠭᠡ ᠰᠠᠨᠳᠠᠯᠢ ᠶᠢ ᠰᠣᠩᠭᠤᠨ᠂ ᠡᠭᠦᠳᠡ ᠴᠣᠩᠬᠤᠨ ᠠᠴᠠ ᠣᠶᠢᠷᠠᠬᠠᠨ ᠠᠭᠠᠷ ᠰᠠᠯᠬᠢ ᠨᠡᠪᠲᠡᠷᠡᠬᠦ ᠣᠷᠣᠨ ᠪᠠᠶᠢᠷᠢ ᠳᠤ ᠰᠠᠭᠤᠨ᠎ᠠ᠃ ᠬᠤᠭᠤᠯᠠᠯᠠᠬᠤ ᠠᠴᠠ ᠡᠮᠦᠨ᠎ᠡ ᠭᠠᠷ ᠢᠶᠠᠨ ᠰᠠᠶᠢᠲᠤᠷ ᠤᠬᠢᠶᠠᠬᠤ ᠪᠤᠶᠤ ᠠᠷᠢᠭᠤᠳᠬᠠᠨ᠎ᠠ᠃        4. ᠬᠤᠭᠤᠯᠠᠯᠠᠬᠤ ᠦᠶ᠎ᠡ ᠳᠤ ᠠᠮᠠᠪᠴᠢ ᠪᠠᠨ ᠠᠪᠴᠤ ᠲᠠᠯᠪᠢᠬᠤ ᠳᠤ ᠪᠠᠨ ᠳᠣᠲᠣᠷ᠎ᠠ ᠲᠠᠯ᠎ᠠ ᠶᠢ ᠨᠢ ᠪᠤᠬᠢᠷᠲᠤᠭᠤᠯᠬᠤ ᠦᠭᠡᠢ ᠶᠢ ᠬᠢᠴᠢᠶᠡᠨ᠎ᠡ᠂ ᠪᠣᠰᠣᠳ ᠲᠠᠢ ᠡᠰᠡᠷᠭᠦᠯᠡᠨ ᠰᠠᠭᠤᠬᠤ ᠦᠭᠡᠢ᠂ ᠠᠳᠠᠭ ᠲᠤ ᠪᠠᠨ 1 ᠮᠧᠲᠷ ᠬᠤᠯᠠ ᠵᠠᠶᠢᠲᠠᠢ ᠰᠠᠭᠤᠨ᠎ᠠ᠃ ᠡᠭᠦᠨ ᠠᠴᠠ ᠭᠠᠳᠠᠨ᠎ᠠ᠂ ᠬᠤᠭᠤᠯᠠᠯᠠᠬᠤ ᠴᠠᠭ ᠢ ᠠᠯᠢ ᠪᠣᠯᠬᠤ ᠪᠠᠷ ᠪᠣᠭᠤᠨᠢᠰᠬᠠᠨ᠂ ᠤᠳᠠᠭᠠᠨ ᠵᠣᠭᠤᠭᠳᠠᠨ ᠶᠠᠷᠢᠯᠴᠠᠵᠤ ᠰᠠᠭᠤᠬᠤ ᠦᠭᠡᠢ᠃ ᠬᠡᠷᠪᠡ ᠬᠤᠭᠤᠯᠠᠨ ᠭᠡᠷ ᠲᠤ ᠬᠦᠮᠦᠨ ᠣᠯᠠᠨᠲᠠᠢ ᠪᠣᠯ ᠰᠠᠶᠢᠲᠤᠷ ᠰᠠᠪᠠᠯᠠᠨ ᠭᠡᠷ ᠲᠤ ᠪᠠᠨ ᠠᠪᠠᠴᠢᠭᠠᠳ ᠢᠳᠡᠵᠦ ᠪᠣᠯᠣᠨ᠎ᠠ᠃        5. ᠬᠤᠭᠤᠯᠠᠯᠠᠵᠤ ᠪᠠᠷᠠᠭᠰᠠᠨ ᠤ ᠳᠠᠷᠠᠭ᠎ᠠ ᠠᠮᠠᠪᠴᠢ ᠪᠠᠨ ᠵᠡᠭᠦᠵᠦ ᠬᠤᠭᠤᠯᠠᠨ ᠭᠡᠷ ᠠᠴᠠ ᠳᠠᠷᠤᠶᠢᠬᠠᠨ ᠰᠠᠯᠵᠤ ᠶᠠᠪᠤᠨ᠎ᠠ᠃
 
ᠢᠷᠡᠯᠲᠡ᠄ ᠦᠪᠦᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号