ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 2021 ᠣᠨ ᠤ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠰᠢᠷᠢᠰ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2021/1/27
       ᠴᠠᠭᠠᠨ ᠰᠠᠷ᠎ᠠ ᠤᠳᠠᠯ ᠥᠬᠡᠶ ᠬᠦᠷᠴᠦ ᠢᠷᠡᠬᠦ ᠪᠣᠯᠤᠯ᠎ᠠ᠂ ︽ᠬᠥᠮᠦᠯᠢᠭ ᠦᠵᠡᠯ᠂ ᠲᠦᠭᠡᠮᠡᠯ ᠬᠠᠶᠢᠷ᠎ᠠ᠂ ᠬᠠᠷᠠᠮ ᠥᠬᠡᠶ ᠵᠣᠷᠢᠭᠤᠯᠬᠤ︾ ᠤᠯᠠᠭᠠᠨ ᠵᠠᠭᠠᠯᠮᠠᠶᠢᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠨᠠᠮ ᠵᠠᠰᠠᠭ ᠤᠨ  ᠬᠦᠴᠢᠷᠳᠡᠯᠲᠡᠶ ᠣᠯᠠᠨ ᠲᠦᠮᠡᠨ ᠲᠠᠢ ᠬᠠᠷᠢᠯᠴᠠᠬᠤ ᠪᠠ ᠤᠯᠠᠨ ᠲᠦᠮᠡᠨ ᠳᠤ ᠦᠶᠯᠡᠴᠢᠯᠡᠬᠦ ᠠᠵᠢᠯ ᠳᠠᠬᠢ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠤᠨ ᠬᠥᠭᠦᠷᠭᠡ ᠬᠤᠯᠪᠣᠭᠠᠰᠤ ᠪᠠ ᠬᠥᠮᠦᠯᠢᠭ ᠦᠵᠡᠯ ᠤᠨ ᠬᠦᠷᠢᠶᠡᠨ ᠳᠠᠬᠢ ᠲᠤᠰᠠᠯᠠᠭᠴᠢ ᠶᠢᠨ ᠦᠶᠯᠡᠳᠦᠯ ᠢ ᠭᠦᠶᠴᠡᠳ ᠪᠠᠳᠠᠷᠠᠭᠤᠯᠬᠤ ᠶᠢᠨ ᠲᠥᠯᠥᠭᠡ᠂ 1 ᠰᠠᠷ᠎ᠠ ᠶᠢᠨ 26 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ 2021 ᠣᠨ ᠤ ︽ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠰᠢᠷᠢᠰ ᠠᠵᠢᠯᠯᠠᠭ᠎ᠠ ᠶᠢᠨ ︽ᠨᠢᠭᠡ ᠡᠳᠦᠷ ᠤᠨ ᠴᠠᠯᠢᠩ ᠢᠶᠠᠨ ᠬᠠᠨᠳᠢᠪᠯᠠᠵᠤ ᠲᠦᠭ ᠲᠦᠮᠡᠨ ᠡᠷᠦᠬᠡ ᠳᠤ ᠬᠠᠶᠢᠷ᠎ᠠ ᠬᠠᠯᠠᠮᠵᠢ ᠬᠦᠷᠲᠡᠭᠡᠬᠦ︾ ᠭᠤᠤᠯ ᠰᠡᠳᠦᠪᠳᠦ ᠠᠵᠢᠯᠯᠠᠭ᠎ᠠ ᠥᠷᠨᠢᠭᠦᠯᠪᠡ᠃ ᠰᠢᠨ᠎ᠡ ᠪᠠᠷᠭᠤ ᠪᠠᠷᠠᠭᠤᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠳᠠᠯᠠᠶᠢᠪᠠᠳᠦ ᠵᠢᠴᠢ ᠤᠯᠠᠭᠠᠨ ᠵᠠᠭᠠᠯᠮᠠᠢᠲᠠᠨ ᠤ ᠨᠡᠶᠢᠭᠡᠮᠯᠢᠭ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠪᠠ᠃
       ᠲᠠᠯᠠᠶᠢᠪᠠᠳᠤ᠂ ᠲᠤᠰ ᠠᠵᠢᠯᠯᠠᠭ᠎ᠠ ᠶᠢ ᠥᠷᠨᠢᠭᠦᠯᠬᠦ ᠨᠢ ᠬᠦᠴᠢᠷᠳᠡᠯᠲᠡᠢ ᠤᠯᠠᠨ ᠲᠦᠮᠡᠨ ᠳᠤ ᠬᠠᠪᠰᠤᠷᠤᠯᠭ᠎ᠠ ᠳᠡᠮᠵᠢᠯᠭᠡ ᠦᠵᠡᠬᠦᠯᠬᠦ ᠪᠠᠷ ᠪᠠᠷᠠᠬᠤ ᠦᠭᠡᠢ ᠪᠠᠰᠠ ︽ᠬᠥᠮᠦᠯᠢᠭ ᠦᠵᠡᠯ᠂ ᠲᠦᠭᠡᠮᠡᠯ ᠬᠠᠶᠢᠷ᠎ᠠ᠂ ᠬᠤᠪᠢ ᠨᠡᠮᠡᠷᠢ ᠦᠵᠡᠭᠦᠯᠬᠦ︾ ᠤᠯᠠᠭᠠᠨ ᠵᠠᠭᠠᠯᠮᠠᠶᠢᠳᠠᠨ ᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠵᠦ᠂ ᠤᠯᠠᠨ ᠲᠦᠮᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠵᠢᠴᠢ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠬᠦᠯᠬᠦ ᠶᠢᠨ ᠲᠦᠯᠦᠭᠡ ᠶᠤᠮ᠃
       ᠣᠶᠢᠯᠠᠭᠠᠭᠰᠠᠨ ᠢᠶᠠᠷ᠂ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠪᠣᠯ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠠᠴᠠ ᠬᠦᠴᠢᠷᠳᠡᠯᠲᠡᠶ ᠣᠯᠠᠨ ᠲᠦᠮᠡᠨ ᠳᠤ ᠬᠥᠮᠦᠯᠢᠭ ᠦᠵᠡᠯ ᠤᠨ ᠠᠪᠤᠷᠠᠨ ᠳᠤᠰᠠᠯᠠᠮᠵᠢ ᠬᠦᠷᠲᠡᠭᠡᠬᠦ ᠨᠡᠷ᠎ᠡ ᠳᠡᠮᠳᠡᠭᠳᠦ ᠲᠥᠷᠥᠯ ᠵᠦᠶᠯ ᠪᠣᠯᠤᠨ᠎ᠠ᠂ ︽ᠨᠢᠭᠡ ᠡᠳᠦᠷ ᠤᠨ ᠴᠠᠯᠢᠩ ᠢᠶᠠᠨ ᠬᠠᠨᠳᠢᠪᠯᠠᠭᠰᠠᠨ︾ ᠡᠨᠡᠬᠦ ᠪᠤᠶᠠᠨ ᠦᠢᠯᠡᠳᠬᠦ ᠵᠤᠭᠤᠰ ᠢ ᠠᠰᠢᠭᠯᠠᠨ᠂ ᠬᠤᠲᠠ ᠬᠥᠳᠡᠭᠡ ᠶᠢᠨ ᠬᠦᠴᠢᠷᠳᠡᠯᠲᠡᠶ ᠬᠡᠷ ᠪᠦᠯᠢ᠂ ᠢᠯᠠᠩᠭᠤᠶ᠎ᠠ ᠬᠦᠨᠳᠦ ᠡᠪᠡᠳᠴᠢᠲᠡᠨ ᠤ ᠬᠡᠷ ᠪᠦᠯᠢ ᠵᠢᠴᠢ ᠨᠠᠰᠤᠳᠠᠶᠢᠴᠤᠤᠯ᠂ ᠪᠠᠭᠤᠷᠠᠶᠢᠴᠤᠤᠯ᠂ ᠵᠡᠮᠳᠡᠭ᠂ ᠥᠨᠥᠴᠢᠨ ᠬᠡᠷ ᠪᠦᠯᠢ ᠵᠡᠷᠭᠡ ᠶᠢ ᠲᠣᠬᠤᠨᠢᠭᠤᠯᠬᠤ ᠪᠠ ᠠᠪᠤᠷᠠᠨ ᠲᠤᠰᠠᠯᠠᠵᠤ᠂ ᠲᠡᠳᠡᠨ ᠤ ᠠᠮᠢᠳᠤᠷᠠᠯ ᠤᠨ ᠬᠦᠴᠢᠷᠳᠡᠯ ᠢ ᠨᠢ ᠰᠢᠶᠳᠪᠦᠷᠢᠯᠡᠵᠦ ᠥᠭᠬᠦᠨ᠎ᠠ᠃ ᠲᠣᠰ ᠤᠳᠠᠭᠠᠨ ᠤ ︽ᠤᠯᠠᠭᠠᠨ ᠵᠠᠭᠠᠯᠮᠠᠶᠢᠲᠠᠨ ᠤ ᠲᠦᠭᠡᠮᠡᠯ ᠬᠠᠶᠢᠷ᠎ᠠ ᠶᠢ ᠲᠦᠮᠡᠨ ᠡᠷᠦᠬᠡ ᠳᠤ ᠬᠦᠷᠭᠡᠬᠦ︾ ᠠᠵᠢᠯᠯᠠᠭ᠎ᠠ ᠨᠢ ᠪᠥᠬᠦ ᠬᠤᠰᠢᠭᠤᠨ ᠤ ᠬᠦᠨᠳᠦ ᠡᠪᠡᠳᠴᠢᠲᠡᠨ  ᠢ ᠠᠪᠤᠷᠠᠨ ᠲᠤᠰᠠᠯᠠᠬᠤ ᠪᠠᠷ ᠭᠤᠶᠤᠴᠢᠯᠠᠭᠰᠠᠨ 22 ᠡᠷᠦᠬᠡ ᠳᠤ 2.2 ᠲᠦᠮᠡᠨ ᠲᠥᠭᠦᠷᠢᠭ ᠬᠠᠨᠳᠢᠪᠯᠠᠪᠠ᠃                                ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号