ᠨᠠᠷᠠᠰᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ  ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠪᠣᠳᠠᠲᠠᠶ ᠨᠠᠷᠢᠯᠢᠭ ᠠᠳᠬᠤᠵᠤ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠰᠠᠶᠢᠲᠤᠷ ᠬᠠᠮᠠᠭᠠᠯᠠᠨ ᠪᠠᠲᠤᠯᠠᠬᠤ ᠬᠡᠷᠡᠭᠲᠡᠶ
ᠨᠡᠶᠢᠲᠡᠯᠡᠭᠰᠡᠨ ᠴᠠᠭ᠄
2021/1/5
       1 ᠰᠠᠷ᠎ᠠ ᠶᠢᠨ 4   ᠤ ᠡᠳᠦᠷ᠂ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠬᠡᠷ ᠲᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠨᠠᠷᠠᠰᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠳᠤᠷᠢᠳᠬᠤ ᠳᠤᠭᠤᠶᠢᠯᠠᠩ ᠤᠨ ᠲᠣᠬᠢᠷᠠᠭᠤᠯᠤᠯᠲᠠ  ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ  ᠲᠠᠢ ᠹᠧᠩ ᠤᠨ ᠴᠢᠬᠤᠯᠠ ᠵᠢᠭᠠᠪᠤᠷᠢ ᠪᠣᠯᠤᠨ ᠬᠥᠯᠥᠨ ᠪᠣᠶᠢᠷ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠢ ᠵᠠᠳᠠᠯᠵᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠰᠢᠭᠤᠨ ᠤ ᠤᠳᠤᠷᠢᠳᠤᠯᠭ᠎ᠠ ᠸᠠᠩ ᠶᠢᠨ ᠾᠧ᠂ ᠴᠧᠨ ᠯᠦᠩ᠂ ᠸᠠᠩ ᠳ᠋ᠦᠩ᠂ ᠥᠷᠭᠡᠨ ᠬᠤᠷᠠᠯ ᠳᠤ ᠣᠷᠣᠯᠴᠠᠪᠠ᠃        ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠯᠠᠮ ᠴᠢᠨᠠᠭᠰᠢᠳᠠ ᠰᠠᠶᠢᠲᠤᠷ ᠬᠢᠬᠦ ᠲᠤᠬᠠᠶ ᠬᠥᠯᠥᠨ ᠪᠣᠶᠢᠷ ᠬᠤᠲᠠ  ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠪᠠᠴᠢᠮ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠠᠷᠤ ᠲᠠᠯ᠎ᠠ ᠶᠢᠨ ᠪᠠᠲᠤᠯᠠᠭ᠎ᠠ᠂ ᠨᠡᠶᠢᠭᠡᠮ ᠤᠨ ᠬᠠᠮᠢᠶᠠᠷᠤᠯᠲᠠ ᠡᠵᠡᠮᠳᠡᠯ᠂ ᠡᠮᠴᠢᠯᠡᠭᠡᠨ ᠤ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃
               ᠨᠠᠷᠠᠰᠤ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠨᠡᠯᠢᠶᠡᠳ ᠬᠦᠨᠳᠦ ᠨᠣᠴᠢᠲᠠᠢ ᠪᠠᠶᠢᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠰᠢᠵᠢᠮ ᠢ ᠴᠠᠭ ᠢᠮᠠᠭᠲᠠ ᠴᠢᠩᠭᠠᠯᠠᠵᠤ᠂ ᠲᠠᠶᠢᠨ ᠠᠴᠠ ᠬᠠᠯᠠᠰᠢᠷᠠᠬᠤ ᠰᠡᠳᠬᠢᠯᠭᠡ᠂ ᠲᠠᠶᠢᠪᠤᠰᠢᠷᠠᠬᠤ ᠰᠡᠳᠬᠢᠯᠭᠡ ᠶᠢ ᠲᠡᠪᠴᠢᠵᠦ᠂ ᠬᠠᠷᠢᠭᠤᠴᠠᠯᠭᠠᠲᠤ ᠰᠡᠳᠬᠢᠯᠭᠡ᠂ ᠲᠤᠯᠭᠠᠮ ᠰᠡᠳᠬᠢᠯᠭᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠠᠶᠢᠩᠭᠤ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠬᠠᠯᠳᠠᠪᠤᠷᠢᠯᠠᠨ ᠣᠷᠣᠵᠤ ᠢᠷᠡᠬᠦ ᠡᠨᠡ ᠬᠦ ᠬᠤᠷᠢᠭ᠎ᠠ ᠱᠤᠭᠤᠮ ᠢ ᠡᠷᠡᠰ ᠰᠠᠬᠢᠵᠤ᠂ ᠠᠷᠠᠳ ᠤᠯᠠᠨ ᠤ ᠠᠮᠢ ᠨᠠᠰᠤ ᠡᠷᠡᠭᠦᠯ ᠮᠠᠨᠳᠤ ᠠᠮᠤᠷ ᠲᠦᠪᠰᠢᠨ ᠢ ᠦᠨᠡᠨ ᠬᠦ ᠰᠠᠶᠢᠲᠤᠷ ᠬᠠᠮᠠᠭᠠᠯᠠᠨ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ        ᠨᠠᠷᠠᠰᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ︾ ᠪᠠᠷ ᠭᠤᠤᠯᠳᠠᠯᠭ᠎ᠠ ᠪᠣᠯᠭᠠᠬᠤ ᠶᠢ ᠪᠠᠷᠢᠮᠳᠠᠯᠠᠨ᠂ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠲᠣᠭᠲᠠᠴᠠ ᠪᠠᠨ ᠤᠯᠠᠮ ᠨᠢᠭᠡ ᠠᠯᠬᠤᠮ ᠳᠡᠬᠦᠯᠳᠡᠷᠵᠢᠬᠦᠯᠦᠨ᠂ ᠭᠤᠤᠯᠳᠠᠯᠭ᠎ᠠ ᠲᠠᠢ ᠣᠷᠣᠨ ᠪᠦᠰᠡ᠂ ᠭᠤᠤᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠴᠢᠩᠭᠠᠷᠠᠭᠤᠯᠤᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠡᠳᠦᠷ ᠲᠤᠲᠤᠮ ᠤᠨ ᠰᠡᠷᠭᠡᠶᠢᠯᠡᠯᠲᠡ ᠬᠠᠮᠠᠭᠠᠯᠠᠯᠲᠠ ᠶᠢ ᠰᠠᠶᠢᠲᠤᠷ ᠬᠢᠬᠦ ᠬᠡᠷᠡᠭᠲᠡᠶ᠃ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢ ᠴᠢᠩᠭ᠎ᠠ ᠠᠳᠬᠤᠵᠤ᠂ ᠰᠡᠷᠭᠡᠶᠢᠯᠡᠨ ᠡᠵᠡᠮᠳᠡᠬᠦ ᠠᠵᠢᠯ ᠢ ᠪᠦᠬᠦᠨ ᠢ ᠬᠠᠮᠤᠷᠴᠤ᠂ ᠥᠨᠴᠥᠭ ᠪᠤᠯᠤᠩ ᠦᠯᠡᠳᠡᠭᠡᠯ ᠥᠬᠡᠶ ᠪᠠᠷ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠵᠤ᠂ ᠡᠮᠴᠢᠯᠡᠭᠡ᠂ ᠨᠡᠶᠢᠭᠡᠮ ᠤᠨ ᠬᠠᠩᠭᠠᠯᠭ᠎ᠠ ᠵᠡᠷᠭᠡ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠲᠣᠬᠢᠷᠠᠭᠤᠯᠤᠨ ᠲᠡᠭᠡᠭᠡᠪᠦᠷᠢᠯᠡᠬᠦ ᠪᠠᠲᠤᠯᠠᠭ᠎ᠠ ᠶᠢᠨ ᠠᠵᠢᠯ ᠢ ᠴᠢᠩᠭᠠᠳᠬᠠᠨ᠂ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠳᠣᠭᠢᠷᠠᠭᠤᠯᠵᠤ᠂ ᠭᠤᠤᠯᠳᠠᠯᠭ᠎ᠠ ᠲᠠᠢ ᠬᠡᠷᠡᠭᠴᠡᠭᠡ ᠶᠢ ᠪᠦᠲᠦᠮᠵᠢᠲᠡᠶ ᠪᠠᠳᠤᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠰᠠᠶᠢᠨ ᠰᠠᠶᠢᠬᠠᠨ ᠨᠥᠬᠦᠴᠡᠯ ᠪᠦᠷᠢᠯᠳᠦᠭᠦᠯᠦᠨ ᠥᠭᠴᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠡᠮᠬᠢ ᠵᠢᠷᠤᠮ ᠲᠠᠢ ᠬᠦᠴᠦᠲᠡᠶ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃        ᠨᠠᠷᠠᠰᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ   ᠪᠠᠨ ᠦᠷᠭᠦᠯᠵᠢᠯᠡᠨ ᠴᠢᠩᠭᠠᠳᠬᠠᠨ᠂ ᠡᠭᠦᠷᠭᠡ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠵᠣᠬᠢᠴᠠᠭᠤᠯᠭ᠎ᠠ ᠬᠠᠮᠲᠤᠷᠠᠯᠴᠠᠭ᠎ᠠ ᠪᠠᠨ ᠴᠢᠩᠭᠠᠳᠬᠠᠨ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ᠂ ᠲᠤᠰᠬᠠᠶ ᠮᠡᠷᠭᠡᠵᠢᠯᠲᠡᠨ ᠣᠯᠠᠨ ᠲᠦᠮᠡᠨ ᠢ ᠤᠶᠠᠯᠳᠤᠭᠤᠯᠬᠤ ᠰᠡᠷᠭᠡᠶᠢᠯᠡᠨ ᠡᠵᠡᠮᠳᠡᠬᠦ ᠪᠠᠶᠢᠷᠢᠰᠢᠯ ᠢ ᠰᠠᠶᠢᠲᠤᠷ ᠪᠠᠬᠢᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠤᠳᠤᠷᠢᠳᠤᠨ ᠵᠢᠯᠣᠭᠤᠳᠬᠤ ᠲᠣᠭᠲᠠᠴᠠ ᠶᠢᠨ ᠥᠨᠳᠥᠷ ᠪᠦᠲᠦᠮᠵᠢᠲᠡᠶ ᠠᠵᠢᠯᠯᠠᠬᠤ ᠶᠢ ᠪᠥᠬᠦ ᠬᠦᠴᠦᠨ ᠢᠶᠠᠷ ᠠᠬᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠬᠤᠷᠢᠭᠯᠠᠨ ᠠᠷᠢᠯᠭᠠᠬᠤ ᠳᠠᠶᠢᠯᠠᠯᠳᠤᠭᠠᠨ ᠤ ᠢᠯᠠᠯᠲᠠ  ᠶᠢ ᠤᠯᠬᠤ ᠳᠤ ᠰᠠᠶᠢᠲᠤᠷ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠵᠠᠢ᠃                                    ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号