ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠶᠢᠨ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/1/5
     ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ︵ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠭᠡᠵᠦ ᠲᠣᠪᠴᠢᠯᠠᠨ᠎ᠠ︶ ᠠᠷᠠᠳ ᠲᠤ ᠲᠥᠬᠦᠮ ᠦᠵᠡᠭᠦᠯᠬᠦ ᠶᠡᠷᠦᠩᠬᠡᠶᠢᠯᠡᠭᠰᠡᠨ ᠦᠶᠯᠡᠴᠢᠯᠡᠭᠡᠨ ᠤ ᠲᠣᠮᠣ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠪᠠᠷᠠᠭᠤᠨ ᠲᠠᠯ᠎ᠠ ᠳᠤ ᠪᠠᠶᠢᠷᠢᠯᠠᠵᠤ᠂ ᠬᠤᠰᠢᠭᠤᠨ  ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠲᠠᠰ ᠤᠨ ᠨᠢᠭᠡᠴᠡ ᠪᠣᠯᠤᠨ᠎ᠠ᠃      1. ᠭᠤᠣᠯ ᠡᠭᠦᠷᠭᠡ ᠬᠠᠷᠢᠭᠤᠴᠠᠯᠭ᠎ᠠ᠄      ᠰᠤᠷᠭᠠᠨ ᠬᠥᠮᠦᠵᠢᠯ ᠤᠨ ᠠᠵᠢᠯ ᠤᠨ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠲᠦᠯᠦᠪᠵᠢᠭᠦᠯᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠦᠯ ᠪᠠ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠵᠢᠭᠠᠨ ᠵᠢᠯᠣᠭᠤᠳᠴᠤ᠂ ᠪᠠᠶᠢᠷᠢᠯᠠᠭᠤᠯᠤᠯᠲᠠ ᠪᠠ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠯ ᠢ ᠰᠤᠳᠤᠯᠤᠨ ᠳᠤᠷᠠᠳᠤᠨ᠎ᠠ︔ ᠰᠠᠭᠤᠷᠢ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ᠂ ᠦᠨᠳᠦᠰᠦᠲᠡᠨ ᠤ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠡᠪ ᠴᠢᠨᠠᠷ ᠤᠨ ᠰᠤᠷᠭᠠᠨ ᠬᠥᠮᠦᠵᠢᠯ ᠢ ᠬᠡᠷᠡᠭᠵᠢᠭᠦᠯᠵᠦ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠰᠤᠷᠭᠠᠨ ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ︔ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠬᠠᠷᠢᠭᠤᠴᠠᠨ᠎ᠠ︔ ᠰᠤᠷᠭᠠᠨ ᠬᠥᠮᠦᠵᠢᠯ ᠤᠨ ᠵᠠᠷᠤᠳᠠᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠬᠠᠷᠢᠭᠤᠴᠠᠨ᠎ᠠ︔ ᠪᠦᠬᠦ ᠬᠤᠰᠢᠭᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠬᠢᠲᠠᠳ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠠᠵᠢᠯ ᠢ ᠬᠠᠷᠢᠭᠤᠴᠠᠨ᠎ᠠ︔ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠷᠠᠬᠢ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠤᠨ ᠠᠵᠢᠯ ᠢ ᠵᠢᠯᠣᠭᠤᠳᠤᠨ᠎ᠠ︔ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      2. ᠳᠣᠲᠣᠭᠠᠳᠤ ᠪᠠᠶᠢᠭᠤᠯᠤᠮᠵᠢ᠄      ① ᠶᠡᠷᠦᠩᠬᠡᠶᠢᠯᠡᠭᠰᠡᠨ ᠠᠯᠪᠠᠨ ᠬᠡᠷ᠃ ︵ᠲᠣᠪᠴᠢᠶᠠᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠢ ᠠᠵᠢᠯᠯᠠᠭᠤᠯᠬᠤ᠂ ᠮᠡᠳᠡᠭᠡ ᠵᠠᠩᠭᠢ ᠶᠢ ᠤᠬᠠᠭᠤᠯᠬᠤ᠂ ᠳᠣᠲᠣᠭᠠᠳᠤ ᠳᠠᠭᠠᠨ ᠰᠢᠮᠳᠠᠭᠤᠯᠤᠨ ᠪᠠᠶᠢᠴᠠᠭᠠᠬᠤ᠂ ᠬᠤᠷᠠᠯ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠨᠢᠭᠤᠴᠠ ᠮᠠᠲ᠋ᠧᠷᠢᠶᠠᠯ᠂ ᠪᠢᠴᠢᠭ ᠬᠠᠷ᠎ᠠ ᠳᠠᠩᠰᠠ ᠡᠪᠬᠡᠮᠡᠯ᠂ ᠠᠷᠤ ᠲᠠᠯ᠎ᠠ ᠶᠢᠨ ᠪᠠᠲᠤᠯᠠᠭ᠎ᠠ᠂ ᠠᠬᠠᠮᠠᠳ ᠺᠠᠳ᠋ᠷ ᠲᠤ ᠦᠢᠯᠡᠴᠢᠯᠡᠬᠦ᠂ ᠰᠤᠷᠭᠠᠨ ᠬᠥᠮᠦᠵᠢᠯ  ᠤᠨ ᠰᠢᠰᠲ᠋ᠧᠮ ᠤᠨ ᠳᠣᠲᠣᠷᠠᠬᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ ᠠᠪᠴᠤ ᠵᠣᠬᠢᠴᠠᠭᠤᠯᠤᠨ ᠰᠢᠶᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃︶      ② ᠠᠵᠢᠯᠲᠠᠨ ᠤ ᠶᠠᠪᠤᠳᠠᠯ ᠪᠠᠭᠰᠢ ᠶᠢᠨ ᠰᠠᠯᠠᠭ᠎ᠠ᠃ ︵ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠤᠨ ᠡᠩᠨᠡᠭᠡᠨ  ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠵᠢᠴᠢ ᠬᠥᠬᠢᠭᠦᠯᠦᠨ ᠱᠠᠩᠨᠠᠬᠤ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠮᠡᠷᠭᠡᠵᠢᠯ ᠤᠨ ᠴᠣᠯᠠ᠂ ᠣᠨᠴᠠ ᠲᠠᠰ ᠤᠨ ᠪᠠᠭᠰᠢ᠂ ᠬᠢᠴᠢᠶᠡᠯ ᠲᠥᠷᠥᠯ ᠤᠨ ᠳᠠᠭᠠᠭᠤᠯᠤᠭᠴᠢ᠂ ᠵᠢᠭᠠᠨ ᠰᠤᠷᠭᠠᠬᠤ ᠴᠢᠳᠠᠪᠤᠷᠢᠲᠠᠨ ᠤ ᠬᠢᠨᠠᠨ ᠲᠣᠭᠲᠠᠭᠠᠬᠤ ᠶᠢ ᠬᠠᠷᠢᠭᠤᠴᠠᠨ᠎ᠠ᠃ ᠪᠠᠭᠰᠢ ᠤᠷᠢᠵᠤ ᠬᠡᠷᠡᠭᠯᠡᠬᠦ᠂ ᠠᠵᠢᠯ  ᠤᠨ ᠪᠠᠶᠢᠷᠢ ᠳᠤ ᠤᠷᠢᠵᠤ ᠲᠣᠮᠢᠯᠠᠬᠤ ᠠᠵᠢᠯ ᠢ ᠵᠢᠭᠠᠨ ᠵᠢᠯᠣᠭᠤᠳᠤᠨ᠎ᠠ᠃ ᠪᠠᠭᠰᠢ ᠶᠢᠨ ᠲᠥᠷᠥᠯ ᠤᠨ ᠰᠤᠷᠭᠠᠭᠤᠯᠢ ᠲᠡᠭᠦᠰᠦᠭᠰᠡᠳ ᠤᠨ ᠨᠡᠷ᠎ᠡ ᠮᠡᠳᠡᠭᠦᠯᠬᠦ᠂ ᠠᠵᠢᠯ ᠣᠯᠬᠤ ᠶᠢ ᠵᠢᠯᠣᠭᠤᠳᠬᠤ ᠪᠠ ᠦᠢᠯᠡᠴᠢᠯᠡᠬᠦ ᠶᠢ ᠬᠠᠷᠢᠭᠤᠴᠠᠨ᠎ᠠ᠃︶      ③ ᠰᠤᠷᠭᠠᠨ ᠬᠥᠮᠦᠵᠢᠯ ᠤᠨ ᠠᠵᠢᠯ ᠤᠨ ᠲᠠᠰᠤᠭ᠃ ︵ᠳᠤᠮᠳᠠᠳᠤ ᠪᠠᠭ᠎ᠠ ᠰᠤᠷᠭᠠᠭᠤᠯᠢ ᠶᠢᠨ ᠬᠤᠷᠸ᠎ᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠯᠣᠭᠤᠳᠬᠤ ᠪᠠ ᠳᠦᠷᠢᠮᠵᠢᠭᠦᠯᠦᠨ᠎ᠡ᠃ ᠵᠢᠭᠠᠨ ᠵᠢᠯᠣᠭᠤᠳᠬᠤ ᠲᠥᠪ ᠤᠨ ᠶᠣᠰᠣ ᠮᠣᠷᠠᠯ  ᠤᠨ ᠬᠥᠮᠦᠵᠢᠯ᠂ ᠬᠠᠤᠯᠢ ᠴᠠᠭᠠᠵᠠ᠂ ᠬᠥᠳᠡᠯᠮᠦᠷᠢ ᠶᠢᠨ ᠬᠥᠮᠦᠵᠢᠯ᠂ ᠰᠢᠨ᠎ᠡ ᠶᠢ ᠡᠭᠦᠳᠬᠦ ᠬᠥᠮᠦᠵᠢᠯ ᠪᠣᠯᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢᠨ ᠠᠵᠢᠯ ᠢ ᠵᠢᠯᠣᠭᠤᠳᠤᠨ᠎ᠠ᠃ ᠪᠦᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ  ᠶᠢ ᠪᠠᠲᠤᠯᠠᠬᠤ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠷᠢᠮᠵᠢᠶᠠᠵᠢᠭᠰᠠᠨ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠵᠢᠯᠣᠭᠤᠳᠴᠤ᠂ ᠬᠠᠮᠢᠶ᠎ᠠ ᠪᠥᠬᠦᠶ ᠲᠠᠰᠤᠭ ᠲᠠᠢ ᠬᠠᠮᠲᠤᠷᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ ᠪᠥᠬᠦ ᠬᠤᠰᠢᠭᠤᠨ ᠤ ᠠᠩᠬ᠎ᠠ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠪᠠ ᠥᠨᠳᠥᠷ ᠳᠤᠮᠳᠠᠳᠤ ᠶᠢᠨ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠢ ᠰᠣᠩᠭᠤᠨ ᠬᠡᠷᠡᠭᠯᠡᠬᠦ ᠪᠠ ᠬᠠᠮᠢᠶᠠᠷᠬᠤ ᠶᠢ ᠳᠦᠷᠢᠮᠵᠢᠭᠦᠯᠦᠨ᠎ᠡ᠃ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠪᠠ ᠵᠢᠭᠠᠨ ᠵᠢᠯᠣᠭᠤᠳᠬᠤ ᠶᠢ ᠬᠠᠷᠢᠭᠤᠴᠠᠨ᠎ᠠ᠃︶      3. ᠬᠠᠷᠢᠶ᠎ᠠ ᠭᠤᠷᠪᠠᠨ ᠱᠠᠲᠤᠨ ᠤ ᠪᠠᠶᠢᠭᠤᠯᠤᠮᠵᠢ᠄ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ᠂ ᠣᠷᠱᠣᠨ ᠰᠤᠷᠭᠠᠭᠤᠯᠢ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠨᠢᠭᠡᠳᠦᠭᠡᠷ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠬᠤᠶᠠᠳᠤᠭᠠᠷ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠬᠥᠯᠥᠨ ᠪᠠᠯᠭᠠᠰᠤ ᠶᠢᠨ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠵᠠᠯᠠᠭᠤᠴᠤᠳ ᠪᠠᠭᠠᠴᠤᠳ ᠤᠨ ᠠᠵᠢᠯᠯᠠᠭᠠᠨ ᠤ ᠲᠥᠪ᠂ ᠵᠢᠭᠠᠨ ᠰᠤᠳᠤᠯᠬᠤ ᠪᠣᠯᠪᠠᠰᠤᠷᠠᠯ ᠤᠨ ᠲᠥᠪ᠂ ᠰᠤᠷᠤᠭᠴᠢᠳ ᠢ ᠡᠳ᠋ ᠮᠥᠩᠭᠦ  ᠪᠠᠷ ᠲᠤᠰᠠᠯᠠᠬᠤ ᠬᠠᠮᠢᠶᠠᠷᠤᠯᠲᠠ ᠶᠢᠨ ᠲᠥᠪ᠃      ᠤᠲᠠᠰᠤ᠄ 0470-6402119      ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠦᠯᠦᠨ ᠶᠡᠭᠡ ᠵᠡᠭᠡᠯᠢ ᠶᠢᠨ ᠠᠷᠠᠳ ᠲᠤ ᠲᠦᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠠᠰᠠᠷ ᠤᠨ ᠲᠠᠪᠤᠳᠤᠭᠠᠷ ᠳᠠᠪᠬᠤᠷᠭ᠎ᠠ      ᠰᠢᠤᠳᠠᠨ ᠨᠣᠮᠧᠷ᠄ 021300
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号