ᠰᠢᠨ᠎ᠡ ᠪᠠᠷᠭᠤ ᠪᠠᠷᠠᠭᠤᠨ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ︵ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠭᠡᠵᠦ ᠲᠣᠪᠴᠢᠯᠠᠨ᠎ᠠ︶ | ᠠᠷᠠᠳ ᠲᠤ ᠲᠥᠬᠦᠮ ᠦᠵᠡᠭᠦᠯᠬᠦ ᠶᠡᠷᠦᠩᠬᠡᠶᠢᠯᠡᠭᠰᠡᠨ ᠦᠶᠯᠡᠴᠢᠯᠡᠭᠡᠨ ᠤ ᠲᠣᠮᠣ ᠠᠰᠠᠷ ᠤᠨ ᠲᠠᠪᠤᠳᠤᠭᠠᠷ ᠳᠠᠪᠬᠤᠷᠭ᠎ᠠ ᠶᠢᠨ ᠪᠠᠷᠠᠭᠤᠨ ᠲᠠᠯ᠎ᠠ ᠳᠤ ᠪᠠᠶᠢᠷᠢᠯᠠᠵᠤ᠂ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠠᠶᠢᠵᠤ᠂ ᠵᠢᠩᠬᠢᠨᠢ ᠰᠠᠯᠠᠭᠠᠨ ᠲᠠᠰ ᠤᠨ ᠨᠢᠭᠡᠴᠡ ᠪᠣᠯᠤᠨ᠎ᠠ᠃ | 1. ᠭᠤᠣᠯ ᠡᠭᠦᠷᠭᠡ ᠬᠠᠷᠢᠭᠤᠴᠠᠯᠭ᠎ᠠ᠄ | ᠰᠤᠷᠭᠠᠨ ᠬᠥᠮᠦᠵᠢᠯ ᠤᠨ ᠠᠵᠢᠯ ᠤᠨ ᠬᠠᠤᠯᠢ ᠳᠦᠷᠢᠮ ᠢ ᠲᠤᠤᠱᠯᠠᠭᠤᠯᠤᠨ ᠬᠡᠷᠡᠭᠵᠢᠭᠦᠯᠵᠦ᠂ ᠪᠦᠬᠦ ᠬᠤᠰᠢᠭᠤᠨ ᠤ ᠰᠤᠷᠭᠠᠨ ᠬᠥᠮᠦᠵᠢᠯ ᠤᠨ | ᠥᠭᠡᠷᠡᠴᠢᠯᠡᠯᠲᠡ ᠬᠥᠭᠵᠢᠯᠲᠡ ᠶᠢᠨ ᠲᠦᠯᠦᠪᠵᠢᠭᠦᠯᠭᠡ᠂ ᠴᠢᠬᠤᠯᠠ ᠶᠡᠭᠡ ᠥᠭᠡᠷᠡᠴᠢᠯᠡᠯᠲᠡ ᠶᠢᠨ ᠲᠥᠰᠦᠯ ᠪᠠ ᠠᠵᠢᠯ ᠤᠨ ᠲᠥᠯᠥᠪᠯᠡᠭᠡ ᠶᠢ ᠰᠤᠳᠤᠯᠤᠨ ᠲᠣᠭᠲᠠᠭᠠᠬᠤ | ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ ᠶᠢ ᠵᠢᠭᠠᠨ ᠵᠢᠯᠣᠭᠤᠳᠴᠤ᠂ | ᠪᠠᠶᠢᠷᠢᠯᠠᠭᠤᠯᠤᠯᠲᠠ ᠪᠠ ᠪᠦᠲᠦᠴᠡ ᠶᠢᠨ ᠲᠣᠬᠢᠷᠠᠭᠤᠯᠤᠯᠲᠠ ᠶᠢᠨ ᠰᠠᠨᠠᠯ ᠢ ᠰᠤᠳᠤᠯᠤᠨ ᠳᠤᠷᠠᠳᠤᠨ᠎ᠠ︔ ᠰᠠᠭᠤᠷᠢ ᠰᠤᠷᠭᠠᠨ ᠬᠥᠮᠦᠵᠢᠯ᠂ ᠰᠤᠷᠬᠤ ᠨᠠᠰᠤᠨ ᠠᠴᠠ | ᠡᠮᠦᠨᠡᠬᠢ ᠰᠤᠷᠭᠠᠨ ᠬᠥᠮᠦᠵᠢᠯ᠂ ᠣᠨᠴᠠᠭᠠᠢ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ᠂ ᠨᠠᠰᠤᠨ ᠳᠤ ᠬᠦᠷᠦᠭᠰᠡᠳ ᠤᠨ ᠰᠤᠷᠭᠠᠨ ᠬᠥᠮᠦᠵᠢᠯ᠂ | ᠦᠨᠳᠦᠰᠦᠲᠡᠨ ᠤ ᠰᠤᠷᠭᠠᠨ ᠬᠥᠮᠦᠵᠢᠯ᠂ ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠬᠡᠪ ᠴᠢᠨᠠᠷ ᠤᠨ | ᠰᠤᠷᠭᠠᠨ ᠬᠥᠮᠦᠵᠢᠯ ᠢ ᠬᠡᠷᠡᠭᠵᠢᠭᠦᠯᠵᠦ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠰᠤᠷᠭᠠᠨ | ᠬᠥᠮᠦᠵᠢᠯ ᠤᠨ ᠰᠢᠰᠲ᠋ᠧᠮ ᠢ ᠪᠠᠶᠢᠭᠤᠯᠤᠨ᠎ᠠ︔ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠠᠵᠢᠯ ᠢ ᠬᠠᠷᠢᠭᠤᠴᠠᠨ᠎ᠠ︔ ᠰᠤᠷᠭᠠᠨ ᠬᠥᠮᠦᠵᠢᠯ | ᠤᠨ ᠵᠠᠷᠤᠳᠠᠯ ᠢ ᠨᠢᠭᠡᠳᠦᠯᠲᠡᠶ ᠲᠥᠯᠥᠪᠯᠡᠨ ᠬᠠᠮᠢᠶᠠᠷᠬᠤ ᠶᠢ ᠬᠠᠷᠢᠭᠤᠴᠠᠨ᠎ᠠ︔ ᠪᠦᠬᠦ ᠬᠤᠰᠢᠭᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠠᠵᠢᠯ ᠢ | ᠬᠠᠷᠢᠭᠤᠴᠠᠨ᠎ᠠ︔ ᠬᠢᠲᠠᠳ ᠦᠭᠡ ᠬᠡᠯᠡ ᠦᠰᠦᠭ ᠪᠢᠴᠢᠭ ᠢ ᠳᠦᠷᠢᠮᠵᠢᠭᠦᠯᠬᠦ ᠠᠵᠢᠯ ᠢ ᠬᠠᠷᠢᠭᠤᠴᠠᠨ᠎ᠠ︔ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠰᠲ᠋ᠧᠮ | ᠤᠨ ᠳᠣᠲᠣᠷᠠᠬᠢ ᠨᠠᠮ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠪᠦᠬᠦ ᠬᠤᠰᠢᠭᠤᠨ ᠤ ᠰᠤᠷᠭᠠᠨ ᠬᠥᠮᠦᠵᠢᠯ ᠤᠨ ᠰᠢᠨᠵᠢᠯᠡᠬᠦ ᠤᠬᠠᠭᠠᠨ ᠤ ᠰᠤᠳᠤᠯᠭᠠᠨ᠂ | ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠰᠤᠳᠤᠯᠭᠠᠨ᠂ ᠰᠤᠷᠭᠠᠨ ᠬᠥᠮᠦᠵᠢᠯ ᠤᠨ ᠮᠡᠷᠭᠡᠵᠢᠯ ᠲᠣᠨᠣᠭᠯᠠᠯ ᠤᠨ ᠠᠵᠢᠯ ᠢ ᠵᠢᠯᠣᠭᠤᠳᠤᠨ᠎ᠠ︔ ᠬᠤᠰᠢᠭᠤᠨ ᠤ ᠨᠠᠮ | ᠤᠨ ᠬᠤᠷᠢᠶ᠎ᠠ᠂ ᠵᠠᠰᠠᠭ ᠤᠨ ᠣᠷᠳᠣᠨ ᠪᠠ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠤᠨ ᠲᠤᠰᠢᠶᠠᠭᠰᠠᠨ ᠪᠤᠰᠤᠳ ᠠᠵᠢᠯ ᠢ | ᠪᠡᠶᠡᠯᠡᠭᠦᠯᠦᠨ᠎ᠡ᠃ | 2. ᠳᠣᠲᠣᠭᠠᠳᠤ ᠪᠠᠶᠢᠭᠤᠯᠤᠮᠵᠢ᠄ | ① ᠶᠡᠷᠦᠩᠬᠡᠶᠢᠯᠡᠭᠰᠡᠨ ᠠᠯᠪᠠᠨ ᠬᠡᠷ᠃ ︵ᠲᠣᠪᠴᠢᠶᠠᠨ ᠤ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ | ᠬᠠᠷᠢᠭᠤᠴᠠᠨ᠎ᠠ᠃ ᠶᠡᠷᠦᠩᠬᠡᠶᠢᠯᠡᠭᠰᠡᠨ ᠴᠢᠨᠠᠷᠲᠠᠶ ᠡᠬᠡ ᠪᠢᠴᠢᠭ ᠲᠤᠭᠤᠷᠪᠢᠬᠤ᠂ ᠪᠢᠴᠢᠭ ᠮᠠᠲ᠋ᠧᠷᠢᠶᠠᠯ ᠢ ᠠᠵᠢᠯᠯᠠᠭᠤᠯᠬᠤ᠂ ᠮᠡᠳᠡᠭᠡ ᠵᠠᠩᠭᠢ ᠶᠢ ᠤᠬᠠᠭᠤᠯᠬᠤ᠂ ᠳᠣᠲᠣᠭᠠᠳᠤ | ᠳᠠᠭᠠᠨ ᠰᠢᠮᠳᠠᠭᠤᠯᠤᠨ ᠪᠠᠶᠢᠴᠠᠭᠠᠬᠤ᠂ ᠬᠤᠷᠠᠯ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠨᠢᠭᠤᠴᠠ ᠮᠠᠲ᠋ᠧᠷᠢᠶᠠᠯ᠂ ᠪᠢᠴᠢᠭ ᠬᠠᠷ᠎ᠠ ᠳᠠᠩᠰᠠ ᠡᠪᠬᠡᠮᠡᠯ᠂ ᠠᠷᠤ ᠲᠠᠯ᠎ᠠ | ᠶᠢᠨ ᠪᠠᠲᠤᠯᠠᠭ᠎ᠠ᠂ ᠠᠬᠠᠮᠠᠳ ᠺᠠᠳ᠋ᠷ ᠲᠤ ᠦᠢᠯᠡᠴᠢᠯᠡᠬᠦ᠂ ᠰᠤᠷᠭᠠᠨ ᠬᠥᠮᠦᠵᠢᠯ ᠤᠨ ᠰᠢᠰᠲ᠋ᠧᠮ ᠤᠨ ᠳᠣᠲᠣᠷᠠᠬᠢ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠬᠦᠯᠢᠶᠡᠨ | ᠠᠪᠴᠤ ᠵᠣᠬᠢᠴᠠᠭᠤᠯᠤᠨ ᠰᠢᠶᠳᠪᠦᠷᠢᠯᠡᠬᠦ ᠵᠡᠷᠭᠡ ᠠᠵᠢᠯ ᠢ ᠬᠠᠷᠢᠭᠤᠴᠠᠨ᠎ᠠ᠃︶ | ② ᠠᠵᠢᠯᠲᠠᠨ ᠤ ᠶᠠᠪᠤᠳᠠᠯ ᠪᠠᠭᠰᠢ ᠶᠢᠨ ᠰᠠᠯᠠᠭ᠎ᠠ᠃ ︵ᠪᠠᠶᠢᠭᠤᠯᠭ᠎ᠠ ᠪᠠ ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠶᠠᠪᠤᠳᠠᠯ ᠤᠨ | ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠺᠠᠳ᠋ᠷ ᠤᠨ ᠡᠩᠨᠡᠭᠡᠨ ᠤ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ ᠪᠦᠬᠦ ᠬᠤᠰᠢᠭᠤᠨ ᠤ ᠰᠤᠷᠭᠠᠨ | ᠬᠥᠮᠦᠵᠢᠯ ᠤᠨ ᠰᠢᠰᠲ᠋ᠧᠮ ᠤᠨ ᠴᠢᠳᠠᠪᠤᠷᠢᠲᠠᠨ ᠤ ᠡᠩᠨᠡᠭᠡᠨ ᠤ ᠪᠠᠶᠢᠭᠤᠯᠤᠯᠲᠠ ᠶᠢ ᠬᠠᠷᠢᠭᠤᠴᠠᠨ᠎ᠠ᠃ ᠪᠦᠬᠦ ᠬᠤᠰᠢᠭᠤᠨ ᠤ ᠪᠠᠭᠰᠢ ᠶᠢᠨ ᠡᠩᠨᠡᠭᠡᠨ ᠤ ᠪᠠᠶᠢᠭᠤᠯᠤᠯᠲᠠ | ᠵᠢᠴᠢ ᠬᠥᠬᠢᠭᠦᠯᠦᠨ ᠱᠠᠩᠨᠠᠬᠤ ᠠᠵᠢᠯ ᠢ ᠨᠢᠭᠡᠳᠦᠯᠲᠡᠶ ᠲᠥᠯᠥᠪᠯᠡᠨ ᠬᠠᠮᠢᠶᠠᠷᠤᠨ᠎ᠠ᠃ ᠳᠤᠮᠳᠠᠳᠤ ᠪᠠᠭ᠎ᠠ ᠰᠤᠷᠭᠠᠭᠤᠯᠢ ᠶᠢᠨ ᠮᠡᠷᠭᠡᠵᠢᠯ ᠤᠨ ᠴᠣᠯᠠ᠂ ᠣᠨᠴᠠ ᠲᠠᠰ ᠤᠨ | ᠪᠠᠭᠰᠢ᠂ ᠬᠢᠴᠢᠶᠡᠯ ᠲᠥᠷᠥᠯ ᠤᠨ ᠳᠠᠭᠠᠭᠤᠯᠤᠭᠴᠢ᠂ ᠵᠢᠭᠠᠨ ᠰᠤᠷᠭᠠᠬᠤ ᠴᠢᠳᠠᠪᠤᠷᠢᠲᠠᠨ ᠤ ᠬᠢᠨᠠᠨ ᠲᠣᠭᠲᠠᠭᠠᠬᠤ ᠶᠢ ᠬᠠᠷᠢᠭᠤᠴᠠᠨ᠎ᠠ᠃ ᠪᠠᠭᠰᠢ ᠤᠷᠢᠵᠤ ᠬᠡᠷᠡᠭᠯᠡᠬᠦ᠂ | ᠠᠵᠢᠯ ᠤᠨ ᠪᠠᠶᠢᠷᠢ ᠳᠤ ᠤᠷᠢᠵᠤ ᠲᠣᠮᠢᠯᠠᠬᠤ ᠠᠵᠢᠯ ᠢ ᠵᠢᠭᠠᠨ ᠵᠢᠯᠣᠭᠤᠳᠤᠨ᠎ᠠ᠃ ᠪᠠᠭᠰᠢ ᠶᠢᠨ ᠲᠥᠷᠥᠯ ᠤᠨ ᠰᠤᠷᠭᠠᠭᠤᠯᠢ ᠲᠡᠭᠦᠰᠦᠭᠰᠡᠳ ᠤᠨ ᠨᠡᠷ᠎ᠡ ᠮᠡᠳᠡᠭᠦᠯᠬᠦ᠂ | ᠠᠵᠢᠯ ᠣᠯᠬᠤ ᠶᠢ ᠵᠢᠯᠣᠭᠤᠳᠬᠤ ᠪᠠ ᠦᠢᠯᠡᠴᠢᠯᠡᠬᠦ ᠶᠢ ᠬᠠᠷᠢᠭᠤᠴᠠᠨ᠎ᠠ᠃︶ | ③ ᠰᠤᠷᠭᠠᠨ ᠬᠥᠮᠦᠵᠢᠯ ᠤᠨ ᠠᠵᠢᠯ ᠤᠨ ᠲᠠᠰᠤᠭ᠃ ︵ᠳᠤᠮᠳᠠᠳᠤ ᠪᠠᠭ᠎ᠠ ᠰᠤᠷᠭᠠᠭᠤᠯᠢ ᠶᠢᠨ ᠬᠤᠷᠸ᠎ᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ | ᠰᠠᠭᠤᠷᠢ ᠰᠤᠷᠭᠠᠨ ᠬᠥᠮᠦᠵᠢᠯ ᠤᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠯᠣᠭᠤᠳᠬᠤ ᠪᠠ ᠳᠦᠷᠢᠮᠵᠢᠭᠦᠯᠦᠨ᠎ᠡ᠃ ᠵᠢᠭᠠᠨ ᠵᠢᠯᠣᠭᠤᠳᠬᠤ ᠲᠥᠪ ᠤᠨ ᠶᠣᠰᠣ ᠮᠣᠷᠠᠯ ᠤᠨ ᠬᠥᠮᠦᠵᠢᠯ᠂ ᠬᠠᠤᠯᠢ | ᠴᠠᠭᠠᠵᠠ᠂ ᠬᠥᠳᠡᠯᠮᠦᠷᠢ ᠶᠢᠨ ᠬᠥᠮᠦᠵᠢᠯ᠂ ᠰᠢᠨ᠎ᠡ ᠶᠢ ᠡᠭᠦᠳᠬᠦ ᠬᠥᠮᠦᠵᠢᠯ ᠪᠣᠯᠤᠨ ᠰᠤᠷᠭᠠᠭᠤᠯᠢ ᠶᠢᠨ ᠬᠦᠷᠢᠶᠡᠨ ᠤ ᠰᠣᠶᠣᠯ ᠤᠨ ᠪᠠᠶᠢᠭᠤᠯᠤᠯᠲᠠ ᠶᠢᠨ ᠠᠵᠢᠯ ᠢ | ᠵᠢᠯᠣᠭᠤᠳᠤᠨ᠎ᠠ᠃ ᠪᠦᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ | ᠪᠠᠲᠤᠯᠠᠬᠤ ᠠᠵᠢᠯ ᠢ ᠵᠢᠯᠣᠭᠤᠳᠤᠨ᠎ᠠ᠃ ᠪᠥᠬᠦ ᠬᠤᠰᠢᠭᠤᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠷᠢᠮᠵᠢᠶᠠᠵᠢᠭᠰᠠᠨ ᠰᠤᠷᠭᠠᠭᠤᠯᠢ ᠶᠢᠨ ᠪᠥᠲᠥᠭᠡᠨ | ᠪᠠᠶᠢᠭᠤᠯᠤᠯᠲᠠ ᠶᠢ ᠵᠢᠯᠣᠭᠤᠳᠴᠤ᠂ ᠬᠠᠮᠢᠶ᠎ᠠ ᠪᠥᠬᠦᠶ ᠲᠠᠰᠤᠭ ᠲᠠᠢ ᠬᠠᠮᠲᠤᠷᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ | ᠬᠥᠭᠵᠢᠯᠲᠡ ᠶᠢ ᠠᠬᠢᠭᠤᠯᠤᠨ᠎ᠠ᠃ ᠪᠥᠬᠦ ᠬᠤᠰᠢᠭᠤᠨ ᠤ ᠠᠩᠬ᠎ᠠ ᠳᠤᠮᠳᠠᠳᠤ ᠶᠢᠨ ᠰᠤᠷᠤᠯᠭ᠎ᠠ ᠶᠢᠨ ᠬᠢᠷᠢ ᠲᠦᠪᠰᠢᠨ ᠤ ᠰᠢᠯᠭᠠᠯᠲᠠ ᠪᠠ ᠥᠨᠳᠥᠷ ᠳᠤᠮᠳᠠᠳᠤ ᠶᠢᠨ | ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠶᠢᠨ ᠵᠢᠭᠠᠬᠤ ᠮᠠᠲ᠋ᠧᠷᠢᠶᠠᠯ ᠢ ᠰᠣᠩᠭᠤᠨ | ᠬᠡᠷᠡᠭᠯᠡᠬᠦ ᠪᠠ ᠬᠠᠮᠢᠶᠠᠷᠬᠤ ᠶᠢ ᠳᠦᠷᠢᠮᠵᠢᠭᠦᠯᠦᠨ᠎ᠡ᠃ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠬᠠᠮᠢᠶᠠᠷᠤᠯᠲᠠ ᠪᠠ ᠵᠢᠭᠠᠨ ᠵᠢᠯᠣᠭᠤᠳᠬᠤ ᠶᠢ | ᠬᠠᠷᠢᠭᠤᠴᠠᠨ᠎ᠠ᠃︶ | 3. ᠬᠠᠷᠢᠶ᠎ᠠ ᠭᠤᠷᠪᠠᠨ ᠱᠠᠲᠤᠨ ᠤ ᠪᠠᠶᠢᠭᠤᠯᠤᠮᠵᠢ᠄ ᠨᠢᠭᠡᠳᠦᠭᠡᠷ ᠪᠠᠭ᠎ᠠ ᠰᠤᠷᠭᠠᠭᠤᠯᠢ᠂ ᠬᠤᠶᠠᠳᠤᠭᠠᠷ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ᠂ | ᠣᠷᠱᠣᠨ ᠰᠤᠷᠭᠠᠭᠤᠯᠢ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠨᠢᠭᠡᠳᠦᠭᠡᠷ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠬᠤᠶᠠᠳᠤᠭᠠᠷ | ᠦᠨᠳᠦᠰᠦᠲᠡᠨ ᠤ ᠬᠡᠦᠬᠡᠳ ᠤᠨ ᠴᠡᠴᠡᠷᠯᠢᠭ᠂ ᠬᠥᠯᠥᠨ ᠪᠠᠯᠭᠠᠰᠤ ᠶᠢᠨ ᠦᠨᠳᠦᠰᠦᠲᠡᠨ ᠤ ᠬᠡᠦᠬᠡᠳ ᠤᠨ ᠴᠡᠴᠡᠷᠯᠢᠭ᠂ ᠵᠠᠯᠠᠭᠤᠴᠤᠳ ᠪᠠᠭᠠᠴᠤᠳ ᠤᠨ ᠠᠵᠢᠯᠯᠠᠭᠠᠨ ᠤ | ᠲᠥᠪ᠂ ᠵᠢᠭᠠᠨ ᠰᠤᠳᠤᠯᠬᠤ ᠪᠣᠯᠪᠠᠰᠤᠷᠠᠯ ᠤᠨ ᠲᠥᠪ᠂ ᠰᠤᠷᠤᠭᠴᠢᠳ ᠢ ᠡᠳ᠋ ᠮᠥᠩᠭᠦ ᠪᠠᠷ ᠲᠤᠰᠠᠯᠠᠬᠤ ᠬᠠᠮᠢᠶᠠᠷᠤᠯᠲᠠ ᠶᠢᠨ ᠲᠥᠪ᠃ | | | ᠤᠲᠠᠰᠤ᠄ 0470-6402119 | ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠬᠡᠷᠦᠯᠦᠨ ᠶᠡᠭᠡ ᠵᠡᠭᠡᠯᠢ ᠶᠢᠨ ᠠᠷᠠᠳ ᠲᠤ ᠲᠦᠭᠦᠮ ᠦᠵᠡᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ | ᠠᠰᠠᠷ ᠤᠨ ᠲᠠᠪᠤᠳᠤᠭᠠᠷ ᠳᠠᠪᠬᠤᠷᠭ᠎ᠠ | ᠰᠢᠤᠳᠠᠨ ᠨᠣᠮᠧᠷ᠄ 021300 | | |