ᠰᠢᠨ᠎ᠡ ᠪᠠᠷᠭᠤ ᠪᠠᠷᠠᠭᠤᠨ ᠬᠤᠰᠢᠭᠤ ᠭᠤᠤᠯᠳᠠᠯᠭ᠎ᠠ ᠲᠠᠢ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠬᠤ ᠠᠵᠢᠯ ᠢ ᠵᠢᠩᠬᠢᠨᠢ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2021/1/6
       1 ᠰᠠᠷ᠎ᠠ ᠶᠢᠨ 5   ᠤ ᠦᠳᠡ ᠶᠢᠨ ᠡᠮᠦᠨ᠎ᠡ᠂ ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ  ᠠᠭᠤᠰᠬᠢᠨ ᠦᠷᠪᠢᠰᠦᠯ ᠤᠨ ᠸᠠᠺᠼᠢᠨ ᠤ ᠲᠡᠷᠢᠬᠦᠨ ᠵᠡᠬᠦᠦ ᠶᠢ ᠠᠯᠳ᠋ᠬᠠᠮᠡᠭᠡᠯ ᠪᠠᠯᠭᠠᠰᠦ ᠶᠢᠨ ᠨᠡᠶᠢᠭᠡᠮ ᠲᠣᠭᠤᠷᠢᠭ  ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠲᠤ ᠳᠠᠷᠢᠵᠤ ᠪᠡᠶᠡᠯᠡᠬᠦᠯᠦᠭᠰᠡᠨ ᠨᠢ ᠮᠠᠨ ᠤ ᠬᠤᠰᠢᠭᠤᠨ ᠤ ᠭᠤᠤᠯᠳᠠᠯᠭ᠎ᠠ ᠲᠠᠢ ᠬᠥᠮᠦᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠶᠢᠨ ᠠᠵᠢᠯ ᠪᠥᠬᠦ ᠲᠠᠯ᠎ᠠ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ  ᠶᠢᠨ ᠵᠥᠪᠯᠡᠯ ᠤᠨ ᠡᠷᠬᠢᠯᠡᠭᠴᠢ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠤᠬᠠᠶ ᠶᠢᠨ ᠲᠠᠯᠠᠪᠠᠢ ᠳᠤ ᠸᠠᠺᠼᠢᠨ ᠲᠠᠷᠢᠬᠤ ᠠᠵᠢᠯ ᠢ ᠬᠢᠨᠠᠨ ᠵᠢᠯᠤᠭᠤᠳᠤᠭᠰᠠᠨ ᠪᠠᠶᠢᠨ᠎ᠠ᠃
       ᠲᠦᠷᠦᠭᠦᠦ ᠪᠦᠯᠦᠭ ᠤᠨ ᠲᠠᠷᠢᠯᠭ᠎ᠠ ᠬᠢᠬᠦ ᠳᠤ ᠭᠤᠤᠯᠳᠠᠭᠤ ᠭᠠᠳᠠᠭᠠᠳᠤ ᠠᠴᠠ ᠣᠷᠣᠭᠤᠯᠬᠤ ᠬᠦᠶᠲᠡᠨ ᠬᠡᠯᠬᠢᠶᠡᠲᠦ ᠪᠠᠷᠠᠭᠠᠨ ᠤ ᠬᠦᠢᠯᠭᠡᠭᠡ ᠶᠢᠨ ᠠᠵᠢᠯ ᠡᠷᠬᠢᠯᠡᠭᠰᠡᠳ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠠᠵᠢᠯᠲᠠᠨ᠂ ᠣᠯᠠᠨ ᠨᠡᠶᠢᠲᠡ ᠶᠢᠨ ᠵᠠᠮ ᠬᠠᠷᠢᠯᠴᠠᠭ᠎ᠠ ︵ᠲᠦᠷᠢᠶᠡᠰᠦᠨ ᠮᠠᠰᠢᠨ ᠲᠡᠷᠭᠡ᠂ ᠠᠶᠠᠨᠴᠢᠳ ᠤᠨ ᠲᠡᠷᠭᠡ︶ ᠶᠢᠨ ᠠᠵᠢᠯ ᠡᠷᠬᠢᠯᠡᠭᠰᠡᠳ᠂ ᠳᠣᠲᠣᠭᠠᠳᠤ ᠶᠢ ᠬᠠᠮᠠᠭᠠᠯᠠᠬᠤ᠂ ᠭᠠᠯ ᠤᠨᠲᠠᠷᠠᠭᠠᠬᠤ᠂ ᠨᠡᠶᠢᠭᠡᠮ ᠲᠣᠭᠤᠷᠢᠭ ᠤᠨ ᠠᠵᠢᠯᠲᠠᠨ᠂ ᠦᠨᠳᠦᠰᠦᠨ ᠱᠠᠲᠤᠨ ᠤ ᠬᠢᠵᠢᠭ ᠢ ᠰᠡᠷᠭᠡᠶᠢᠯᠡᠬᠦ ᠠᠵᠢᠯᠲᠠᠨ ᠵᠡᠷᠭᠡ ᠠᠶᠤᠯ ᠲᠦᠭᠰᠢᠭᠦᠷᠢ ᠶᠡᠬᠡᠲᠡᠶ ᠬᠥᠮᠦᠰ ᠲᠤ ᠴᠢᠭᠯᠡᠭᠦᠯᠦᠭᠰᠡᠨ ᠪᠠᠶᠢᠨ᠎ᠠ᠃
       ᠲᠠᠷᠢᠯᠭ᠎ᠠ ᠬᠢᠬᠦ ᠠᠵᠢᠯ ᠳᠤ ︽ᠭᠤᠷᠪᠠ ᠶᠢ ᠪᠠᠶᠢᠴᠠᠭᠠᠬᠤ ᠳᠣᠯᠤᠭ᠎ᠠ ᠶᠢ ᠨᠢᠭᠡ ᠨᠢᠭᠡ ᠪᠠᠷ ᠰᠢᠯᠭᠠᠨ ᠪᠠᠲᠤᠯᠠᠬᠤ︾᠂ ᠲᠠᠷᠢᠯᠭ᠎ᠠ ᠬᠦᠯᠢᠶᠡᠭᠴᠢ ᠯᠦᠭᠡ ᠪᠠᠶᠢᠳᠠᠯ ᠢ ᠮᠡᠳᠡᠵᠦ ᠵᠥᠪᠰᠢᠶᠡᠷᠡᠬᠦ ᠪᠢᠴᠢᠭ ᠲᠤ ᠭᠠᠷ ᠤᠨ ᠦᠰᠦᠭ ᠵᠢᠷᠤᠬᠤ ᠵᠡᠷᠭᠡ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠶᠠᠪᠤᠴᠠ ᠪᠠ ᠮᠡᠷᠭᠡᠵᠢᠯ  ᠤᠨ ᠲᠦᠷᠢᠮᠵᠢᠯ ᠢ ᠴᠢᠩᠭ᠎ᠠ ᠭᠡᠷᠡᠭᠵᠢᠬᠦᠯᠵᠦ᠂ ᠲᠦᠷᠭᠡᠨ ᠠᠪᠤᠷᠬᠠᠤ ᠠᠵᠢᠯᠲᠠᠨ ᠪᠠ ᠲᠦᠷᠭᠡᠨ ᠠᠪᠤᠷᠬᠠᠤ ᠲᠥᠬᠦᠭᠡᠷᠦᠮᠵᠢ ᠳᠣᠭᠢᠷᠠᠭᠤᠯᠵᠤ᠂ ᠸᠠᠺᠼᠢᠨ ᠤ ᠲᠠᠷᠢᠯᠭ᠎ᠠ ᠬᠢᠬᠦ ᠠᠵᠢᠯ ᠤᠨ ᠲᠦᠷᠢᠮᠵᠢᠬᠦᠨ ᠪᠥᠭᠡᠳ ᠠᠮᠤᠷ ᠲᠦᠪᠰᠢᠨ ᠶᠠᠪᠤᠭᠳᠠᠬᠤ ᠶᠢ ᠦᠨᠡᠨ ᠬᠦ ᠪᠠᠲᠤᠯᠠᠪᠠ᠃ 1 ᠰᠠᠷ᠎ᠠ ᠶᠢᠨ 5   ᠤ ᠡᠳᠦᠷ ᠨᠡᠶᠢᠲᠡ 88 ᠡᠮᠴᠢ ᠰᠤᠪᠢᠯᠠᠭᠴᠢ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠳᠠᠷᠢᠬᠤ ᠠᠵᠢᠯ ᠢ ᠪᠡᠶᠡᠯᠡᠭᠦᠯᠵᠦ᠂ ᠡᠷᠡᠭᠦᠯ ᠪᠤᠰᠤ ᠲᠤᠰᠬᠠᠯ ᠭᠠᠷᠤᠭᠰᠠᠨ ᠥᠬᠡᠶ᠃
       ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠲᠠᠷᠢᠯᠭ᠎ᠠ ᠬᠢᠬᠦ ᠴᠢᠬᠤᠯᠠ ᠲᠠᠢ ᠭᠤᠤᠯᠳᠠᠯᠭ᠎ᠠ ᠲᠠᠢ ᠬᠥᠮᠦᠰ ᠲᠤ ᠳᠠᠷᠢᠯᠭ᠎ᠠ ᠬᠢᠯᠭᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠮᠠᠨ ᠤ ᠬᠤᠰᠢᠭᠤ ᠤᠯᠤᠰ᠂ ᠥᠪᠡᠷᠲᠡᠭᠡᠨ ᠵᠠᠰᠠᠬᠤ ᠣᠷᠣᠨ᠂ ᠬᠥᠯᠥᠨ ᠪᠣᠶᠢᠷ ᠬᠤᠲᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠠᠴᠢᠮ ᠬᠡᠷᠡᠭᠯᠡᠬᠦ ᠠᠵᠢᠯ  ᠤᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠳᠠᠷᠢᠯᠭ᠎ᠠ ᠬᠢᠬᠦ ᠴᠢᠬᠤᠯᠠ ᠲᠠᠢ ᠭᠤᠤᠯᠳᠠᠯᠭ᠎ᠠ ᠲᠠᠢ ᠬᠥᠮᠦᠰ ᠲᠤ ᠪᠠᠶᠢᠴᠠᠭᠠᠯᠲᠠ ᠬᠢᠵᠦ ᠪᠠᠶᠢᠳᠠᠯ ᠢ ᠣᠶᠢᠯᠠᠭᠠᠬᠤ ᠠᠵᠢᠯ ᠢ ᠪᠡᠶᠡᠯᠡᠭᠦᠯᠵᠦ᠂ ᠠᠯᠳ᠋ᠬᠠᠮᠡᠭᠡᠯ ᠪᠠᠯᠭᠠᠰᠦ ᠶᠢᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠲᠥᠪ ᠤᠨ ᠲᠣᠭᠲᠠᠮᠠᠯ ᠲᠠᠷᠢᠯᠭ᠎ᠠ ᠶᠢᠨ ᠴᠡᠭ ᠢ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠣᠭᠲᠠᠭᠰᠠᠨ ᠲᠠᠷᠢᠯᠭ᠎ᠠ ᠶᠢᠨ ᠴᠡᠭ ᠪᠣᠯᠭᠠᠪᠠ᠃ ᠮᠦᠨ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠪᠠᠴᠢᠮ ᠲᠠᠷᠢᠯᠭ᠎ᠠ ᠬᠢᠬᠦ ᠠᠵᠢᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠸᠠᠺᠼᠢᠨ ᠤ ᠲᠠᠷᠢᠯᠭ᠎ᠠ ᠬᠢᠬᠦ ᠵᠢᠴᠢ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠶᠢ ᠬᠠᠷᠢᠭᠤᠴᠠᠵᠤ ᠪᠠᠶᠢᠭ᠎ᠠ 30 ᠡᠮᠴᠢ ᠰᠤᠪᠢᠯᠠᠭᠴᠢ ᠪᠣᠯᠪᠠᠰᠤᠷᠠᠯ ᠳᠤ ᠣᠷᠣᠯᠴᠠᠵᠤ᠂ ᠸᠠᠺᠼᠢᠨ ᠤ ᠲᠠᠷᠢᠯᠭ᠎ᠠ ᠬᠢᠬᠦ ᠠᠵᠢᠯᠲᠠᠨ ᠤ ᠪᠦᠬᠦᠯᠢ ᠴᠣᠭᠴᠠ ᠶᠢᠨ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ᠮᠠᠨ ᠤ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠳᠠᠷᠢᠯᠭ᠎ᠠ ᠬᠢᠬᠦ ᠴᠢᠬᠤᠯᠠ ᠲᠠᠢ ᠭᠤᠤᠯᠳᠠᠯᠭ᠎ᠠ ᠲᠠᠢ ᠬᠥᠮᠦᠰ ᠲᠤ ᠲᠠᠷᠢᠯᠭ᠎ᠠ ᠬᠢᠬᠦ ᠠᠵᠢᠯ ᠢ ᠡᠮᠬᠢ ᠵᠢᠷᠤᠮ ᠲᠠᠢ ᠠᠬᠢᠭᠤᠯᠬᠤ ᠶᠢᠨ ᠬᠠᠮᠲᠤ ᠬᠢᠵᠢᠭ ᠢ ᠰᠡᠷᠭᠡᠶᠢᠯᠡᠨ ᠬᠤᠷᠢᠭᠯᠠᠬᠤ ᠶᠢ ᠪᠠᠶᠢᠩᠭᠤᠵᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠪᠦᠯ ᠬᠠᠪᠤᠷ ᠤᠨ ᠤᠯᠠᠷᠢᠯ ᠢᠯᠠᠩᠭᠤᠶ᠎ᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠡᠯ᠎ᠡ ᠵᠦᠶᠯ ᠤᠨ ᠰᠡᠷᠭᠡᠶᠢᠯᠡᠨ ᠬᠤᠷᠢᠭᠯᠠᠬᠤ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠡᠷᠡᠰ ᠬᠠᠮᠠᠭᠠᠯᠠᠨ᠎ᠠ᠃                    ᠤᠷᠴᠢᠭᠤᠯᠤᠭᠴᠢ᠄ ᠴᠡᠴᠡᠭ
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号