ᠲᠡᠯᠡᠶ ᠰᠤᠮᠤ ᠶᠢᠨ ᠨᠠᠮ ᠤᠨ ᠬᠤᠷᠢᠶ᠎ᠠ ᠪᠣᠯ ᠲᠣᠰ ᠰᠤᠮᠤ ᠶᠢᠨ ᠤᠳᠤᠷᠢᠳᠬᠤ ᠪᠠᠶᠢᠭᠤᠯᠭ᠎ᠠ ᠮᠥᠨ᠂ ᠲᠡᠯᠡᠶ | ᠰᠤᠮᠤ ᠶᠢᠨ ᠠᠷᠠᠳ ᠤᠨ ᠵᠠᠰᠠᠭ ᠤᠨ ᠣᠷᠳᠣᠨ ᠪᠣᠯ ᠲᠥᠷᠥ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ | ᠵᠣᠬᠢᠶᠠᠨ ᠪᠠᠶᠢᠭᠤᠯᠤᠯᠲᠠ ᠮᠥᠨ᠂ ᠵᠢᠩᠬᠢᠨᠢ ᠰᠠᠯᠠᠭᠠᠨ ᠲᠠᠰ ᠮᠥᠨ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ᠂ ᠤᠯᠤᠰ ᠤᠨ ᠬᠠᠤᠯᠢ ᠴᠠᠭᠠᠵᠠ ᠬᠠᠤᠯᠢ | ᠲᠣᠭᠲᠠᠭᠠᠯ ᠵᠢᠴᠢ ᠳᠡᠭᠡᠳᠦ ᠱᠠᠲᠤᠨ ᠤ ᠪᠠᠶᠢᠭᠤᠯᠭ᠎ᠠ ᠶᠢᠨ ᠰᠢᠢᠳᠪᠦᠷᠢ ᠪᠠ ᠵᠠᠷᠯᠢᠭ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠤᠮᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠦᠨᠳᠦᠰᠦᠨ | ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠦᠨᠳᠦᠰᠦᠨ ᠱᠠᠲᠤᠨ ᠤ ᠲᠥᠷᠥ | ᠪᠠᠷᠢᠬᠤ ᠰᠠᠭᠤᠷᠢ ᠶᠢ ᠪᠠᠬᠢᠵᠢᠭᠦᠯᠦᠨ᠎ᠡ᠃ | ︵ᠬᠤᠶᠠᠷ︶ ᠪᠦᠬᠦ ᠰᠤᠮᠤ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ | ᠲᠣᠭᠲᠠᠭᠠᠬᠤ ᠶᠢ ᠬᠠᠷᠢᠭᠤᠴᠠᠵᠤ᠂ ᠪᠦᠬᠦ ᠰᠤᠮᠤ ᠶᠢᠨ ᠰᠠᠭᠤᠷᠢ ᠲᠦᠭᠦᠭᠡᠷᠦᠮᠵᠢ ᠪᠣᠯᠤᠨ ᠡᠯ᠎ᠡ ᠵᠦᠶᠯ ᠤᠨ ᠨᠡᠶᠢᠲᠡ | ᠶᠢᠨ ᠠᠰᠠᠷᠠᠮᠵᠢ ᠶᠢᠨ ᠦᠶᠯᠡᠰ ᠤᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠠᠵᠤ ᠠᠬᠤᠶ ᠨᠡᠶᠢᠭᠡᠮ | ᠤᠨ ᠬᠥᠭᠵᠢᠯᠲᠡ ᠶᠢ ᠲᠦᠷᠭᠡᠳᠬᠡᠨ᠂ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ | ︵ᠭᠤᠷᠪᠠ︶ ᠪᠦᠬᠦ ᠰᠤᠮᠤᠨ ᠤ ᠠᠵᠤ ᠠᠬᠤᠢ ᠶᠢᠨ ᠬᠥᠭᠵᠢᠯᠲᠡ ᠶᠢ ᠵᠢᠯᠣᠭᠤᠳᠤᠨ᠂ ᠠᠵᠤ ᠠᠬᠤᠢ ᠶᠢᠨ | ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠨᠡᠮᠡᠭᠳᠡᠯ ᠤᠨ ᠬᠡᠯᠪᠡᠷᠢ ᠶᠢᠨ | ᠬᠤᠪᠢᠷᠠᠭᠤᠯᠤᠯᠲᠠ ᠶᠢ ᠠᠬᠢᠭᠤᠯᠤᠨ᠂ ᠭᠠᠴᠠᠭᠠᠨ ᠤ ᠦᠯᠡᠭᠦᠦ ᠬᠥᠳᠡᠯᠮᠦᠷᠢ ᠬᠦᠴᠦᠨ ᠤ ᠰᠢᠯᠵᠢᠯᠲᠡ ᠶᠢ ᠵᠣᠬᠢᠶᠠᠨ | ᠪᠠᠶᠢᠭᠤᠯᠤᠨ ᠵᠢᠯᠣᠭᠤᠳᠴᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | ︵ᠳᠥᠷᠪᠡ︶ ᠲᠤᠰ ᠰᠤᠮᠤᠨ ᠤ ᠪᠠᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ | ᠬᠠᠮᠢᠶᠠᠷᠤᠯᠲᠠ᠂ ᠦᠶᠯᠡᠴᠢᠯᠡᠭᠡ᠂ ᠭᠠᠴᠠᠭ᠎ᠠ ︵ᠰᠠᠭᠤᠭᠠᠯᠢ︶ ᠶᠢᠨ ᠵᠥᠪᠯᠡᠯ ᠤᠨ ᠬᠠᠤᠯᠢ ᠶᠣᠰᠣᠭᠠᠷ ᠥᠪᠡᠷᠲᠡᠭᠡᠨ | ᠵᠠᠰᠠᠬᠤ ᠶᠢ ᠵᠢᠯᠣᠭᠤᠳᠤᠨ ᠳᠡᠮᠵᠢᠬᠦ ᠶᠢ ᠬᠠᠷᠢᠭᠤᠴᠠᠨ᠎ᠠ᠃ | ︵ᠲᠠᠪᠤ︶ ᠦᠨᠳᠦᠰᠦᠨ ᠱᠠᠲᠤᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ | ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠵᠡᠷᠭᠡ ᠠᠵᠢᠯ ᠢ | ᠬᠠᠷᠢᠭᠤᠴᠠᠨ ᠰᠠᠶᠢᠲᠤᠷ ᠠᠳᠬᠤᠵᠤ᠂ ᠠᠷᠠᠳ ᠤᠨ ᠶᠠᠪᠤᠳᠠᠯ ᠤᠨ ᠶᠠᠪᠤᠳᠠᠯ᠂ ᠭᠠᠮᠰᠢᠭ ᠠᠴᠠ ᠠᠪᠤᠷᠠᠨ ᠲᠤᠰᠠᠯᠠᠬᠤ᠂ | ᠠᠷᠠᠳ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠵᠦ᠂ ᠪᠦᠬᠦ ᠰᠤᠮᠤᠨ ᠤ | ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠦᠢᠯᠡᠰ ᠤᠨ ᠬᠥᠭᠵᠢᠯᠲᠡ ᠶᠢ | ᠠᠬᠢᠭᠤᠯᠤᠨ᠎ᠠ᠃ | ︵ᠵᠢᠷᠭᠤᠭ᠎ᠠ︶ ᠦᠨᠳᠦᠰᠦᠨ ᠱᠠᠲᠤᠨ ᠤ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ ᠶᠢ | ᠠᠬᠢᠭᠤᠯᠵᠤ᠂ ᠭᠠᠴᠠᠭ᠎ᠠ ︵ᠰᠠᠭᠤᠭᠠᠯᠢ︶ ᠶᠢᠨ ᠠᠷᠠᠳ ᠤᠨ ᠵᠥᠪᠯᠡᠯ ᠤᠨ ᠠᠵᠢᠯ ᠢ ᠵᠢᠯᠣᠭᠤᠳᠴᠤ᠂ ᠣᠯᠠᠨ ᠲᠦᠮᠡᠨ | ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ︵ᠳᠣᠯᠤᠭ᠎ᠠ︶ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠨ᠂ ᠪᠦᠬᠦ | ᠰᠤᠮᠤᠨ ᠤ ᠨᠡᠶᠢᠭᠡᠮ ᠤᠨ ᠵᠥᠷᠢᠴᠡᠯ ᠢ ᠨᠠᠮᠳᠠᠭᠤᠯᠵᠤ᠂ ᠪᠦᠬᠦ ᠰᠤᠮᠤᠨ ᠤ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ | ᠬᠠᠮᠠᠭᠠᠯᠠᠨ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ | ︵ᠨᠠᠶᠮᠠ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠠᠵᠢᠯ ᠢ ᠭᠦᠢᠴᠡᠳᠬᠡᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠰᠤᠮᠤ ᠶᠢᠨ ᠨᠠᠮ ᠤᠨ ᠬᠤᠷᠢᠶ᠎ᠠ᠂ ᠵᠠᠰᠠᠭ | ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ︔ ᠰᠤᠮᠤ ᠶᠢᠨ ᠨᠠᠮ | ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ | ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃ | ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠣᠯᠠᠨ ᠲᠦᠮᠡᠨ ᠤ ᠪᠦᠯᠬᠦᠮ ᠤᠨ ᠠᠵᠢᠯ ᠢ | ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ | ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ | ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ︔ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ︔ ᠠᠮᠢ ᠠᠬᠤᠶ | ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃ | ︵ᠳᠥᠷᠪᠡ︶ ᠨᠡᠶᠢᠭᠡᠮ ᠤᠨ ᠶᠠᠪᠤᠳᠠᠯ ᠤᠨ ᠠᠯᠪᠠᠨ ᠭᠡᠷ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ | ᠡᠷᠡᠭᠦᠯ ᠮᠡᠨᠳᠦ ᠪᠣᠯᠤᠨ ᠲᠥᠯᠥᠪᠯᠡᠭᠡᠲᠦ ᠦᠷᠡᠵᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ | ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ | ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃ | ︵ᠲᠠᠪᠤ︶ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ᠃ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ ᠲᠣᠣᠷᠵᠢᠭᠤᠯᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠰᠢᠨ᠎ᠡ ᠪᠠᠷᠭᠤ ᠪᠠᠷᠠᠭᠤᠨ | ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠲᠡᠯᠡᠶ ᠰᠣᠮᠣᠨ ᠳᠤ ᠲᠣᠮᠢᠯᠠᠭᠰᠠᠨ ᠬᠢᠨᠠᠨ ᠪᠠᠶᠢᠴᠠᠭᠠᠬᠤ ᠠᠯᠪᠠᠨ | ᠬᠡᠷ︶᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠡᠷᠭᠡ ᠪᠠᠶᠢᠭᠤᠯᠤᠮᠵᠢ ᠶᠢ ᠬᠤᠯᠪᠣᠭᠳᠠᠯ ᠪᠥᠬᠦᠶ ᠲᠣᠭᠲᠠᠭᠠᠯ | ᠶᠣᠰᠣᠭᠠᠷ ᠪᠠᠶᠢᠷᠢᠯᠠᠭᠤᠯᠬᠤ ᠶᠢᠨ ᠬᠠᠮᠲᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠨ᠎ᠡ᠃ | ᠭᠤᠷᠪᠠ᠂ ᠬᠠᠷᠢᠶ᠎ᠠ ᠪᠠᠶᠢᠭᠤᠯᠤᠮᠵᠢ | ︵ᠨᠢᠭᠡ︶ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ | 1. ᠪᠠᠶᠢᠭᠤᠯᠤᠮᠵᠢ ᠶᠢᠨ ᠲᠣᠬᠢᠷᠠᠭᠤᠯᠤᠯᠲᠠ | ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠳᠤ | ᠦᠢᠯᠡᠴᠢᠯᠡᠬᠦ ᠲᠥᠪ ︵ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ | ᠲᠤ ᠦᠢᠯᠡᠴᠢᠯᠡᠬᠦ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠤᠨ ᠫᠠᠶᠢᠰᠠ ᠶᠢ | ᠡᠯᠭᠦᠨ᠎ᠡ︶ ᠪᠣᠯ ᠲᠡᠯᠡᠶ ᠰᠤᠮᠤᠨ ᠤ ᠵᠠᠰᠠᠭ ᠤᠨ ᠣᠷᠳᠣᠨ ᠳᠤ ᠬᠠᠷᠢᠶᠠᠯᠠᠭᠳᠠᠬᠤ ᠳᠡᠳ᠋ ᠰᠠᠯᠠᠭᠠᠨ ᠲᠠᠰ ᠲᠠᠢ ᠲᠡᠩᠴᠡᠬᠦ | ᠠᠵᠢᠯ ᠦᠶᠯᠡᠰ ᠤᠨ ᠨᠢᠭᠡᠴᠡ ᠪᠣᠯᠤᠨ᠎ᠠ᠃ | 2. ᠡᠭᠦᠷᠭᠡ ᠬᠠᠷᠢᠭᠤᠴᠠᠯᠭ᠎ᠠ | ︵1︶ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠶᠯᠡᠴᠢᠯᠡᠬᠦ ᠲᠥᠷᠥᠯ ᠵᠦᠶᠯ ᠤᠨ ᠪᠦᠬᠦᠯᠢ ᠴᠣᠭᠴᠠ | ᠶᠢᠨ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ | ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠢ ᠬᠠᠩᠭᠠᠨ᠎ᠠ᠃ | ︵2︶ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠨ ᠲᠠᠢ ᠬᠠᠷᠢᠯᠴᠠᠬᠤ᠂ ᠲᠡᠭᠦᠨ ᠳᠤ ᠦᠢᠯᠡᠴᠢᠯᠡᠬᠦ ᠶᠢ | ᠬᠠᠷᠢᠭᠤᠴᠠᠨ᠎ᠠ᠃ | ︵3︶ ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠤ ᠦᠶᠯᠡᠴᠢᠯᠡᠬᠦ | ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ᠃ | ︵4︶ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠠᠵᠢᠯ | ᠢ ᠬᠠᠷᠢᠭᠤᠴᠠᠨ᠎ᠠ᠃ | ︵5︶ ᠬᠥᠳᠡᠯᠮᠦᠷᠢ ᠶᠢᠨ ᠪᠠᠲᠤᠯᠠᠭ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | ︵6︶ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠶᠢ | ᠲᠡᠳᠬᠦᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ | ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃ | ︵7︶ ᠴᠡᠷᠢᠭ ᠢ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃ | ︵8︶ ᠰᠣᠶᠣᠯ ᠪᠡᠶ᠎ᠡ ᠶᠢᠨ ᠲᠠᠮᠢᠷ ᠤᠨ ᠬᠠᠮᠢᠶ᠎ᠠ ᠪᠦᠬᠦᠢ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ︔ | ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠪᠠ ᠰᠠᠶᠢᠨ ᠳᠤᠷ᠎ᠠ ᠶᠢᠨ ᠦᠶᠯᠡᠴᠢᠯᠡᠭᠡᠨ ᠤ | ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵9︶ ᠡᠳ᠋ ᠤᠨ ᠵᠠᠰᠠᠭ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ | ᠠᠵᠢᠯ ᠢ ᠬᠠᠷᠢᠭᠤᠴᠠᠨ᠎ᠠ᠃ | ︵10︶ ᠳᠠᠯᠠᠢ ᠰᠤᠮᠤᠨ ᠤ ᠨᠠᠮ ᠤᠨ ᠬᠤᠷᠢᠶᠠᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | 3. ᠳᠣᠲᠣᠭᠠᠳᠤ ᠪᠠᠶᠢᠭᠤᠯᠤᠮᠵᠢ | ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠳᠤ | ᠦᠢᠯᠡᠴᠢᠯᠡᠬᠦ ᠲᠥᠪ ︵ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ | ᠲᠤ ᠦᠢᠯᠡᠴᠢᠯᠡᠬᠦ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠤᠨ ᠫᠠᠶᠢᠰᠠ ᠶᠢ | ᠡᠯᠭᠦᠨ᠎ᠡ︶ ᠤᠨ ᠳᠣᠲᠣᠭᠠᠳᠤ ᠳᠤ 4 ᠲᠠᠰᠤᠭ ᠭᠠᠷᠭᠠᠵᠤ᠂ ᠴᠥᠮ ᠲᠠᠰᠤᠭ ᠤᠨ ᠲᠠᠰ ᠪᠣᠯᠭᠠᠪᠠ᠃ | ︵1︶ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠠᠰᠤᠭ᠄ ᠨᠠᠮ ᠤᠨ ᠭᠡᠰᠢᠭᠦᠨ ᠪᠠ ᠣᠯᠠᠨ | ᠲᠦᠮᠡᠨ ᠳᠤ ᠦᠢᠯᠡᠴᠢᠯᠡᠬᠦ ᠲᠥᠷᠥᠯ ᠵᠦᠶᠯ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ | ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ | ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶ᠎ᠠ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠵᠤ ᠦᠶᠯᠡᠴᠢᠯᠡᠬᠦ | ᠶᠢ ᠬᠠᠷᠢᠭᠤᠴᠠᠨ᠎ᠠ︔ ᠨᠠᠮ ᠤᠨ ᠭᠡᠰᠢᠭᠦᠨ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠠᠬᠢ | ᠦᠶᠯᠡᠴᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ᠃ | ︵2︶ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠠᠰᠤᠭ᠄ ᠶᠡᠷᠦᠩᠬᠡᠶᠢᠯᠡᠭᠰᠡᠨ ᠬᠢᠨᠠᠨ | ᠵᠥᠪᠰᠢᠶᠡᠷᠡᠬᠦ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ᠃ | ︵3︶ ᠴᠡᠷᠢᠭ ᠤᠨ ᠠᠯᠪᠠᠨ ᠠᠴᠠ ᠪᠠᠭᠤᠭᠰᠠᠳ ᠲᠤ ᠦᠢᠯᠡᠴᠢᠯᠡᠬᠦ ᠲᠠᠰᠤᠭ᠄ ᠴᠡᠷᠢᠭ ᠤᠨ ᠠᠯᠪᠠᠨ ᠠᠴᠠ | ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ | ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ | ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠴᠡᠷᠢᠭ ᠢ ᠬᠦᠷᠢᠶᠡᠯᠡᠨ ᠭᠡᠷ ᠪᠦᠯᠢ ᠶᠢ ᠨᠢ | ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃ | ︵4︶ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠠᠰᠤᠭ᠄ ᠰᠤᠮᠤ ᠶᠢᠨ ᠰᠢᠨ᠎ᠡ ᠴᠠᠭ | ᠦᠶ᠎ᠡ ᠶᠢᠨ ᠪᠣᠯᠪᠠᠰᠤᠨ ᠤ ᠦᠶᠯᠡᠳᠦᠯᠭᠡ ᠪᠠ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠢ ᠨᠢᠭᠡᠳᠦᠯᠲᠡᠶ | ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 1. ᠪᠠᠶᠢᠭᠤᠯᠤᠮᠵᠢ ᠶᠢᠨ ᠲᠣᠬᠢᠷᠠᠭᠤᠯᠤᠯᠲᠠ | ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠲᠡᠯᠡᠶ ᠰᠤᠮᠤᠨ ᠤ ᠵᠠᠰᠠᠭ ᠤᠨ ᠣᠷᠳᠣᠨ ᠳᠤ ᠬᠠᠷᠢᠶᠠᠯᠠᠭᠳᠠᠬᠤ ᠳᠡᠳ᠋ | ᠰᠠᠯᠠᠭᠠᠨ ᠲᠠᠰ ᠤᠨ ᠠᠵᠢᠯ ᠦᠶᠯᠡᠰ ᠤᠨ ᠨᠢᠭᠡᠴᠡ ᠪᠣᠯᠤᠨ᠎ᠠ᠃ | 2. ᠡᠭᠦᠷᠭᠡ ᠬᠠᠷᠢᠭᠤᠴᠠᠯᠭ᠎ᠠ | ︵1︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠰᠤᠮᠤᠨ ᠤ ᠵᠠᠰᠠᠭ ᠤᠨ ᠣᠷᠳᠣᠨ ᠤ ᠨᠡᠷ᠎ᠡ ᠪᠠᠷ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ︔ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ | ᠮᠥᠴᠢᠷ ᠤᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠨᠠᠶᠢᠳᠠᠭᠰᠠᠨ | ᠰᠠᠯᠠᠭ᠎ᠠ ᠮᠥᠴᠢᠷ ᠤᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ | ︵2︶ ᠬᠤᠲᠠ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠤᠨ ᠲᠠᠯ᠎ᠠ ᠪᠠᠷ᠂ ᠳᠠᠯᠠᠢ ᠰᠤᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠭᠡᠷᠡᠭᠯᠡᠬᠦ | ᠭᠠᠵᠠᠷ ᠠᠴᠠ ᠪᠤᠰᠤᠳ ᠭᠠᠵᠠᠷ ᠣᠷᠣᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠡᠷᠡᠭᠵᠢᠭᠦᠯᠦᠨ᠎ᠡ᠃ | | ︵3︶ ᠳᠠᠯᠠᠢ ᠰᠤᠮᠤ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | 3. ᠳᠣᠲᠣᠭᠠᠳᠤ ᠪᠠᠶᠢᠭᠤᠯᠤᠮᠵᠢ | ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠣᠮᠣ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠣᠲᠣᠭᠠᠳᠤ ᠳᠤ 2 ᠲᠠᠰᠤᠭ ᠭᠠᠷᠭᠠᠵᠤ᠂ ᠴᠥᠮ ᠲᠠᠰᠤᠭ ᠤᠨ ᠲᠠᠰ | ᠪᠣᠯᠭᠠᠪᠠ᠃ | ︵2︶ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠰᠤᠭ᠄ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠰᠤᠮᠤᠨ | ᠤ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ︔ | ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠬᠡ ᠶᠢ ᠦᠨᠳᠦᠰᠦᠯᠡᠨ᠂ ᠨᠠᠶᠢᠳᠠᠭᠰᠠᠨ ᠰᠠᠯᠠᠭ᠎ᠠ ᠮᠥᠴᠢᠷ ᠤᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠢ ᠥᠷᠨᠢᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠤᠨ ᠲᠠᠯ᠎ᠠ ᠪᠠᠷ᠂ ᠳᠠᠯᠠᠢ ᠰᠤᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠳᠤ | ᠬᠡᠷᠡᠭᠯᠡᠬᠦ ᠭᠠᠵᠠᠷ ᠠᠴᠠ ᠪᠤᠰᠤᠳ ᠭᠠᠵᠠᠷ ᠣᠷᠣᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠬᠡᠷᠡᠭᠵᠢᠭᠦᠯᠦᠨ᠎ᠡ᠃ | ︵ᠭᠤᠷᠪᠠ︶ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ | 1. ᠪᠠᠶᠢᠭᠤᠯᠤᠮᠵᠢ ᠶᠢᠨ ᠲᠣᠬᠢᠷᠠᠭᠤᠯᠤᠯᠲᠠ | ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ | ᠳᠡᠯᠭᠡᠷᠡᠭᠦᠯᠬᠦ ᠲᠥᠪ ᠪᠣᠯ ᠲᠡᠯᠡᠶ ᠰᠤᠮᠤᠨ ᠤ ᠵᠠᠰᠠᠭ ᠤᠨ ᠣᠷᠳᠣᠨ ᠤ ᠳᠡᠳ᠋ ᠰᠠᠯᠠᠭᠠᠨ ᠲᠠᠰ ᠲᠠᠢ ᠲᠡᠩᠴᠡᠬᠦ ᠠᠵᠢᠯ | ᠦᠶᠯᠡᠰ ᠤᠨ ᠨᠢᠭᠡᠴᠡ ᠪᠣᠯᠤᠨ᠎ᠠ᠃ | 2. ᠡᠭᠦᠷᠭᠡ ᠬᠠᠷᠢᠭᠤᠴᠠᠯᠭ᠎ᠠ | ︵1︶ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ | ᠣᠷᠣᠭᠤᠯᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃ | ︵2︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠠᠵᠢᠯ ᠢ | ᠬᠠᠷᠢᠭᠤᠴᠠᠨ᠎ᠠ᠃ | ︵3︶ ᠮᠠᠯᠴᠢᠨ ᠲᠠᠷᠢᠶᠠᠴᠢᠳ ᠲᠤ ᠠᠵᠤ ᠦᠶᠯᠡᠰ ᠤᠨ ᠮᠡᠳᠡᠭᠡ ᠵᠠᠩᠭᠢ ᠶᠢᠨ ᠦᠶᠯᠡᠴᠢᠯᠡᠭᠡ ᠬᠠᠩᠭᠠᠬᠤ | ᠠᠵᠢᠯ ᠢ ᠬᠠᠷᠢᠭᠤᠴᠠᠨ᠎ᠠ᠃ | ︵4︶ ᠲᠤᠰᠬᠠᠶ ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ | ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃ | ︵5︶ ᠬᠠᠷᠢᠶ᠎ᠠ ᠣᠷᠣᠨ ᠤ ᠪᠠᠨ ᠳᠣᠲᠣᠷᠠᠬᠢ ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ᠂ ᠭᠤᠣᠯ ᠢ | ᠬᠠᠮᠢᠶᠠᠷᠬᠤ ᠳᠠᠷᠤᠭ᠎ᠠ ᠶᠢᠨ ᠳᠦᠷᠢᠮ ᠤᠨ ᠠᠵᠢᠯ ᠢ ᠬᠠᠷᠢᠭᠤᠴᠠᠨ᠎ᠠ᠃ | ︵6︶ ᠳᠠᠯᠠᠢ ᠰᠤᠮᠤ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | 3. ᠳᠣᠲᠣᠭᠠᠳᠤ ᠪᠠᠶᠢᠭᠤᠯᠤᠮᠵᠢ | ︵1︶ ᠠᠯᠪᠠᠨ ᠭᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠵᠠᠰᠠᠭ ᠤᠨ ᠶᠠᠪᠤᠳᠠᠯ ᠤᠨ ᠬᠡᠷᠡᠭ ᠶᠠᠪᠤᠳᠠᠯ | ᠤᠨ ᠴᠢᠨᠠᠷᠲᠠᠢ ᠠᠵᠢᠯ ᠢ ᠬᠠᠷᠢᠭᠤᠴᠠᠵᠤ᠂ ᠬᠤᠷᠠᠯ ᠢ ᠵᠣᠬᠢᠶᠠᠨ ᠪᠠᠶᠢᠭᠤᠯᠬᠤ᠂ ᠶᠡᠷᠦᠩᠬᠡᠶᠢᠯᠡᠭᠰᠡᠨ ᠮᠠᠲ᠋ᠧᠷᠢᠶᠠᠯ | ᠲᠤᠭᠤᠷᠪᠢᠬᠤ᠂ ᠮᠡᠳᠡᠭᠡ ᠵᠠᠩᠭᠢ ᠴᠤᠭᠯᠠᠭᠤᠯᠬᠤ᠂ ᠮᠡᠳᠡᠭᠦᠯᠦᠨ ᠬᠦᠷᠭᠡᠬᠦ ᠵᠢᠴᠢ ᠨᠠᠷᠢᠨ ᠪᠢᠴᠢᠭ᠂ ᠳᠠᠩᠰᠠ ᠡᠪᠬᠡᠮᠡᠯ᠂ ᠡᠳ᠋ | ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠢ ᠬᠠᠷᠢᠭᠤᠴᠠᠨ᠎ᠠ᠃ | ︵2︶ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠠᠰᠤᠭ᠄ ᠲᠤᠰᠬᠠᠶ ᠮᠡᠷᠭᠡᠵᠢᠯ ᠤᠨ ᠪᠣᠯᠪᠠᠰᠤᠷᠠᠯ᠂ ᠡᠪᠡᠳᠴᠢᠨ | ᠡᠮᠬᠡᠭ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ | ᠬᠠᠷᠢᠭᠤᠴᠠᠨ᠎ᠠ︔ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠬᠠᠩᠭᠠᠬᠤ | ᠠᠵᠢᠯ ᠢ ᠬᠠᠷᠢᠭᠤᠴᠠᠨ᠎ᠠ᠃ | ︵3︶ ᠮᠡᠷᠭᠡᠵᠢᠯ ᠳᠡᠯᠭᠡᠷᠡᠭᠦᠯᠬᠦ ᠲᠠᠰᠤᠭ᠄ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ | ᠬᠦᠷᠢᠶ᠎ᠡ ᠬᠡᠪᠴᠢᠶᠡᠨ ᠳᠠᠬᠢ ᠮᠡᠷᠭᠡᠵᠢᠯ ᠢ ᠣᠷᠣᠭᠤᠯᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ᠃ | | | | ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠳᠠᠯᠠᠢ ᠰᠣᠮᠣ ᠶᠢᠨ ᠠᠷᠠᠳ ᠤᠨ ᠵᠠᠰᠠᠭ ᠤᠨ ᠣᠷᠳᠣᠨ | ᠰᠢᠤᠳᠠᠨ ᠨᠣᠮᠧᠷ᠄ 021300 | ᠤᠲᠠᠰᠤ᠄ 0470-6401045 | ᠠᠵᠢᠯᠯᠠᠬᠤ ᠴᠠᠭ᠄ 9᠄ 00 - 12᠄ 00᠂ 14᠄ 30 - 17᠄ 30 ︵ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶ | | | |