ᠳᠠᠯᠠᠶ ᠰᠤᠮᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠲᠣᠪᠴᠢ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/1/6
       ᠲᠡᠯᠡᠶ ᠰᠤᠮᠤ ᠶᠢᠨ ᠨᠠᠮ ᠤᠨ ᠬᠤᠷᠢᠶ᠎ᠠ ᠪᠣᠯ ᠲᠣᠰ ᠰᠤᠮᠤ ᠶᠢᠨ ᠤᠳᠤᠷᠢᠳᠬᠤ ᠪᠠᠶᠢᠭᠤᠯᠭ᠎ᠠ ᠮᠥᠨ᠂ ᠲᠡᠯᠡᠶ ᠰᠤᠮᠤ ᠶᠢᠨ ᠠᠷᠠᠳ ᠤᠨ ᠵᠠᠰᠠᠭ ᠤᠨ ᠣᠷᠳᠣᠨ ᠪᠣᠯ ᠲᠥᠷᠥ ᠶᠢᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠵᠣᠬᠢᠶᠠᠨ ᠪᠠᠶᠢᠭᠤᠯᠤᠯᠲᠠ ᠮᠥᠨ᠂ ᠵᠢᠩᠬᠢᠨᠢ ᠰᠠᠯᠠᠭᠠᠨ ᠲᠠᠰ ᠮᠥᠨ᠃       ᠨᠢᠭᠡ᠂ ᠭᠤᠣᠯ ᠡᠭᠦᠷᠭᠡ ᠬᠠᠷᠢᠭᠤᠴᠠᠯᠭ᠎ᠠ        ︵ᠨᠢᠭᠡ︶ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ ᠪᠠᠶᠢᠭᠤᠯᠭ᠎ᠠ ᠶᠢᠨ ᠰᠢᠢᠳᠪᠦᠷᠢ ᠪᠠ ᠵᠠᠷᠯᠢᠭ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠮᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠦᠨᠳᠦᠰᠦᠨ ᠱᠠᠲᠤᠨ ᠤ ᠲᠥᠷᠥ ᠪᠠᠷᠢᠬᠤ ᠰᠠᠭᠤᠷᠢ ᠶᠢ ᠪᠠᠬᠢᠵᠢᠭᠦᠯᠦᠨ᠎ᠡ᠃        ︵ᠬᠤᠶᠠᠷ︶ ᠪᠦᠬᠦ ᠰᠤᠮᠤ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠲᠣᠭᠲᠠᠭᠠᠬᠤ ᠶᠢ ᠬᠠᠷᠢᠭᠤᠴᠠᠵᠤ᠂ ᠪᠦᠬᠦ ᠰᠤᠮᠤ ᠶᠢᠨ ᠰᠠᠭᠤᠷᠢ ᠲᠦᠭᠦᠭᠡᠷᠦᠮᠵᠢ ᠪᠣᠯᠤᠨ ᠡᠯ᠎ᠡ ᠵᠦᠶᠯ ᠤᠨ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠲᠦᠷᠭᠡᠳᠬᠡᠨ᠂ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃        ︵ᠭᠤᠷᠪᠠ︶ ᠪᠦᠬᠦ ᠰᠤᠮᠤᠨ ᠤ ᠠᠵᠤ ᠠᠬᠤᠢ ᠶᠢᠨ ᠬᠥᠭᠵᠢᠯᠲᠡ ᠶᠢ ᠵᠢᠯᠣᠭᠤᠳᠤᠨ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠨᠡᠮᠡᠭᠳᠡᠯ ᠤᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠂ ᠭᠠᠴᠠᠭᠠᠨ ᠤ ᠦᠯᠡᠭᠦᠦ ᠬᠥᠳᠡᠯᠮᠦᠷᠢ ᠬᠦᠴᠦᠨ ᠤ ᠰᠢᠯᠵᠢᠯᠲᠡ  ᠶᠢ ᠵᠣᠬᠢᠶᠠᠨ ᠪᠠᠶᠢᠭᠤᠯᠤᠨ ᠵᠢᠯᠣᠭᠤᠳᠴᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃        ︵ᠳᠥᠷᠪᠡ︶ ᠲᠤᠰ ᠰᠤᠮᠤᠨ ᠤ ᠪᠠᠨ ᠨᠡᠶᠢᠭᠡᠮ ᠲᠣᠭᠤᠷᠢᠭ ᠤᠨ ᠪᠦᠲᠦᠭᠡᠨ ᠪᠠᠶᠢᠭᠤᠯᠤᠯᠲᠠ᠂ ᠬᠠᠮᠢᠶᠠᠷᠤᠯᠲᠠ᠂ ᠦᠶᠯᠡᠴᠢᠯᠡᠭᠡ᠂ ᠭᠠᠴᠠᠭ᠎ᠠ ︵ᠰᠠᠭᠤᠭᠠᠯᠢ︶  ᠶᠢᠨ ᠵᠥᠪᠯᠡᠯ ᠤᠨ ᠬᠠᠤᠯᠢ ᠶᠣᠰᠣᠭᠠᠷ ᠥᠪᠡᠷᠲᠡᠭᠡᠨ ᠵᠠᠰᠠᠬᠤ ᠶᠢ ᠵᠢᠯᠣᠭᠤᠳᠤᠨ ᠳᠡᠮᠵᠢᠬᠦ ᠶᠢ ᠬᠠᠷᠢᠭᠤᠴᠠᠨ᠎ᠠ᠃        ︵ᠲᠠᠪᠤ︶ ᠦᠨᠳᠦᠰᠦᠨ ᠱᠠᠲᠤᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠵᠡᠷᠭᠡ ᠠᠵᠢᠯ ᠢ ᠬᠠᠷᠢᠭᠤᠴᠠᠨ ᠰᠠᠶᠢᠲᠤᠷ ᠠᠳᠬᠤᠵᠤ᠂ ᠠᠷᠠᠳ ᠤᠨ ᠶᠠᠪᠤᠳᠠᠯ ᠤᠨ ᠶᠠᠪᠤᠳᠠᠯ᠂ ᠭᠠᠮᠰᠢᠭ ᠠᠴᠠ ᠠᠪᠤᠷᠠᠨ ᠲᠤᠰᠠᠯᠠᠬᠤ᠂ ᠠᠷᠠᠳ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠵᠦ᠂ ᠪᠦᠬᠦ ᠰᠤᠮᠤᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃        ︵ᠵᠢᠷᠭᠤᠭ᠎ᠠ︶ ᠦᠨᠳᠦᠰᠦᠨ ᠱᠠᠲᠤᠨ ᠤ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠭᠠᠴᠠᠭ᠎ᠠ ︵ᠰᠠᠭᠤᠭᠠᠯᠢ︶ ᠶᠢᠨ ᠠᠷᠠᠳ  ᠤᠨ ᠵᠥᠪᠯᠡᠯ ᠤᠨ ᠠᠵᠢᠯ ᠢ ᠵᠢᠯᠣᠭᠤᠳᠴᠤ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃        ︵ᠳᠣᠯᠤᠭ᠎ᠠ︶ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠨ᠂ ᠪᠦᠬᠦ ᠰᠤᠮᠤᠨ ᠤ ᠨᠡᠶᠢᠭᠡᠮ ᠤᠨ ᠵᠥᠷᠢᠴᠡᠯ ᠢ ᠨᠠᠮᠳᠠᠭᠤᠯᠵᠤ᠂ ᠪᠦᠬᠦ ᠰᠤᠮᠤᠨ ᠤ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠢ ᠬᠠᠮᠠᠭᠠᠯᠠᠨ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃        ︵ᠨᠠᠶᠮᠠ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃       ᠬᠤᠶᠠᠷ᠂ ᠳᠣᠲᠣᠭᠠᠳᠤ ᠪᠠᠶᠢᠭᠤᠯᠤᠮᠵᠢ        ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ︔ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃        ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠪᠠ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃        ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ︔ ᠠᠮᠢ ᠠᠬᠤᠶ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃        ︵ᠳᠥᠷᠪᠡ︶ ᠨᠡᠶᠢᠭᠡᠮ ᠤᠨ ᠶᠠᠪᠤᠳᠠᠯ ᠤᠨ ᠠᠯᠪᠠᠨ ᠭᠡᠷ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠪᠣᠯᠤᠨ ᠲᠥᠯᠥᠪᠯᠡᠭᠡᠲᠦ ᠦᠷᠡᠵᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃        ︵ᠲᠠᠪᠤ︶ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ ᠲᠣᠣᠷᠵᠢᠭᠤᠯᠬᠤ ᠠᠵᠢᠯ ᠢ ᠬᠠᠷᠢᠭᠤᠴᠠᠨ᠎ᠠ᠃        ︵ᠵᠢᠷᠭᠤᠭ᠎ᠠ︶ ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠰᠢᠨ᠎ᠡ ᠪᠠᠷᠭᠤ ᠪᠠᠷᠠᠭᠤᠨ ᠬᠤᠰᠢᠭᠤᠨ ᠤ ᠬᠢᠨᠠᠨ ᠪᠠᠶᠢᠴᠠᠭᠠᠬᠤ ᠵᠥᠪᠯᠡᠯ ᠤᠨ ᠲᠡᠯᠡᠶ ᠰᠣᠮᠣᠨ ᠳᠤ ᠲᠣᠮᠢᠯᠠᠭᠰᠠᠨ ᠬᠢᠨᠠᠨ ᠪᠠᠶᠢᠴᠠᠭᠠᠬᠤ ᠠᠯᠪᠠᠨ ᠬᠡᠷ︶᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠡᠷᠭᠡ ᠪᠠᠶᠢᠭᠤᠯᠤᠮᠵᠢ ᠶᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠪᠠᠶᠢᠷᠢᠯᠠᠭᠤᠯᠬᠤ ᠶᠢᠨ ᠬᠠᠮᠲᠤ ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠨ᠎ᠡ᠃        ᠭᠤᠷᠪᠠ᠂ ᠬᠠᠷᠢᠶ᠎ᠠ ᠪᠠᠶᠢᠭᠤᠯᠤᠮᠵᠢ        ︵ᠨᠢᠭᠡ︶ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ        1. ᠪᠠᠶᠢᠭᠤᠯᠤᠮᠵᠢ ᠶᠢᠨ ᠲᠣᠬᠢᠷᠠᠭᠤᠯᠤᠯᠲᠠ        ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ︵ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠨ᠎ᠡ︶ ᠪᠣᠯ ᠲᠡᠯᠡᠶ ᠰᠤᠮᠤᠨ ᠤ ᠵᠠᠰᠠᠭ ᠤᠨ ᠣᠷᠳᠣᠨ ᠳᠤ ᠬᠠᠷᠢᠶᠠᠯᠠᠭᠳᠠᠬᠤ ᠳᠡᠳ᠋ ᠰᠠᠯᠠᠭᠠᠨ ᠲᠠᠰ ᠲᠠᠢ ᠲᠡᠩᠴᠡᠬᠦ ᠠᠵᠢᠯ ᠦᠶᠯᠡᠰ ᠤᠨ ᠨᠢᠭᠡᠴᠡ ᠪᠣᠯᠤᠨ᠎ᠠ᠃        2. ᠡᠭᠦᠷᠭᠡ ᠬᠠᠷᠢᠭᠤᠴᠠᠯᠭ᠎ᠠ        ︵1︶ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠶᠯᠡᠴᠢᠯᠡᠬᠦ ᠲᠥᠷᠥᠯ ᠵᠦᠶᠯ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠢ ᠬᠠᠩᠭᠠᠨ᠎ᠠ᠃        ︵2︶ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠨ ᠲᠠᠢ ᠬᠠᠷᠢᠯᠴᠠᠬᠤ᠂ ᠲᠡᠭᠦᠨ ᠳᠤ ᠦᠢᠯᠡᠴᠢᠯᠡᠬᠦ ᠶᠢ ᠬᠠᠷᠢᠭᠤᠴᠠᠨ᠎ᠠ᠃        ︵3︶ ᠨᠠᠮ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠤ ᠦᠶᠯᠡᠴᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ᠃        ︵4︶ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ᠃        ︵5︶ ᠬᠥᠳᠡᠯᠮᠦᠷᠢ ᠶᠢᠨ ᠪᠠᠲᠤᠯᠠᠭ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃        ︵6︶ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃        ︵7︶ ᠴᠡᠷᠢᠭ ᠢ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃        ︵8︶ ᠰᠣᠶᠣᠯ ᠪᠡᠶ᠎ᠡ ᠶᠢᠨ ᠲᠠᠮᠢᠷ ᠤᠨ ᠬᠠᠮᠢᠶ᠎ᠠ ᠪᠦᠬᠦᠢ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ︔ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠪᠠ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃        ︵9︶ ᠡᠳ᠋ ᠤᠨ ᠵᠠᠰᠠᠭ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃        ︵10︶ ᠳᠠᠯᠠᠢ ᠰᠤᠮᠤᠨ ᠤ ᠨᠠᠮ ᠤᠨ ᠬᠤᠷᠢᠶᠠᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃        3. ᠳᠣᠲᠣᠭᠠᠳᠤ ᠪᠠᠶᠢᠭᠤᠯᠤᠮᠵᠢ        ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ︵ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠤᠨ ᠫᠠᠶᠢᠰᠠ ᠶᠢ ᠡᠯᠭᠦᠨ᠎ᠡ︶ ᠤᠨ ᠳᠣᠲᠣᠭᠠᠳᠤ ᠳᠤ 4 ᠲᠠᠰᠤᠭ ᠭᠠᠷᠭᠠᠵᠤ᠂ ᠴᠥᠮ ᠲᠠᠰᠤᠭ ᠤᠨ ᠲᠠᠰ ᠪᠣᠯᠭᠠᠪᠠ᠃        ︵1︶ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠠᠰᠤᠭ᠄ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠷᠥᠯ ᠵᠦᠶᠯ  ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶ᠎ᠠ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠵᠤ ᠦᠶᠯᠡᠴᠢᠯᠡᠬᠦ ᠶᠢ ᠬᠠᠷᠢᠭᠤᠴᠠᠨ᠎ᠠ︔ ᠨᠠᠮ ᠤᠨ ᠭᠡᠰᠢᠭᠦᠨ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠠᠬᠢ ᠦᠶᠯᠡᠴᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ᠃        ︵2︶ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠠᠰᠤᠭ᠄ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ᠃        ︵3︶ ᠴᠡᠷᠢᠭ ᠤᠨ ᠠᠯᠪᠠᠨ ᠠᠴᠠ ᠪᠠᠭᠤᠭᠰᠠᠳ ᠲᠤ ᠦᠢᠯᠡᠴᠢᠯᠡᠬᠦ ᠲᠠᠰᠤᠭ᠄ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠴᠡᠷᠢᠭ ᠢ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃        ︵4︶ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠠᠰᠤᠭ᠄ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠪᠠ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃        ︵ᠬᠤᠶᠠᠷ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ        1. ᠪᠠᠶᠢᠭᠤᠯᠤᠮᠵᠢ ᠶᠢᠨ ᠲᠣᠬᠢᠷᠠᠭᠤᠯᠤᠯᠲᠠ        ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠲᠡᠯᠡᠶ ᠰᠤᠮᠤᠨ ᠤ ᠵᠠᠰᠠᠭ ᠤᠨ ᠣᠷᠳᠣᠨ ᠳᠤ ᠬᠠᠷᠢᠶᠠᠯᠠᠭᠳᠠᠬᠤ ᠳᠡᠳ᠋ ᠰᠠᠯᠠᠭᠠᠨ ᠲᠠᠰ ᠤᠨ ᠠᠵᠢᠯ ᠦᠶᠯᠡᠰ ᠤᠨ ᠨᠢᠭᠡᠴᠡ ᠪᠣᠯᠤᠨ᠎ᠠ᠃        2. ᠡᠭᠦᠷᠭᠡ ᠬᠠᠷᠢᠭᠤᠴᠠᠯᠭ᠎ᠠ        ︵1︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠰᠤᠮᠤᠨ ᠤ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ︔ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠨᠠᠶᠢᠳᠠᠭᠰᠠᠨ ᠰᠠᠯᠠᠭ᠎ᠠ ᠮᠥᠴᠢᠷ ᠤᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃        ︵2︶ ᠬᠤᠲᠠ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠠᠯ᠎ᠠ ᠪᠠᠷ᠂ ᠳᠠᠯᠠᠢ ᠰᠤᠮᠤᠨ  ᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠭᠡᠷᠡᠭᠯᠡᠬᠦ ᠭᠠᠵᠠᠷ ᠠᠴᠠ ᠪᠤᠰᠤᠳ ᠭᠠᠵᠠᠷ ᠣᠷᠣᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠡᠷᠡᠭᠵᠢᠭᠦᠯᠦᠨ᠎ᠡ᠃        ︵3︶ ᠳᠠᠯᠠᠢ ᠰᠤᠮᠤ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃        3. ᠳᠣᠲᠣᠭᠠᠳᠤ ᠪᠠᠶᠢᠭᠤᠯᠤᠮᠵᠢ        ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠣᠮᠣ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠣᠲᠣᠭᠠᠳᠤ  ᠳᠤ 2 ᠲᠠᠰᠤᠭ ᠭᠠᠷᠭᠠᠵᠤ᠂ ᠴᠥᠮ ᠲᠠᠰᠤᠭ ᠤᠨ ᠲᠠᠰ ᠪᠣᠯᠭᠠᠪᠠ᠃        ︵2︶ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠰᠤᠭ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠰᠤᠮᠤᠨ ᠤ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ︔ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠨᠠᠶᠢᠳᠠᠭᠰᠠᠨ ᠰᠠᠯᠠᠭ᠎ᠠ ᠮᠥᠴᠢᠷ ᠤᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ ᠬᠤᠲᠠ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠠᠯ᠎ᠠ ᠪᠠᠷ᠂ ᠳᠠᠯᠠᠢ ᠰᠤᠮᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠠᠴᠠ ᠪᠤᠰᠤᠳ ᠭᠠᠵᠠᠷ ᠣᠷᠣᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠡᠷᠡᠭᠵᠢᠭᠦᠯᠦᠨ᠎ᠡ᠃        ︵ᠭᠤᠷᠪᠠ︶ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ        1. ᠪᠠᠶᠢᠭᠤᠯᠤᠮᠵᠢ ᠶᠢᠨ ᠲᠣᠬᠢᠷᠠᠭᠤᠯᠤᠯᠲᠠ        ᠰᠢᠨ᠎ᠡ ᠪᠠᠷᠭᠤ ᠪᠠᠷᠠᠭᠤᠨ ᠬᠤᠰᠢᠭᠤᠨ ᠤ ᠲᠡᠯᠡᠶ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠪᠣᠯ ᠲᠡᠯᠡᠶ ᠰᠤᠮᠤᠨ ᠤ ᠵᠠᠰᠠᠭ ᠤᠨ ᠣᠷᠳᠣᠨ ᠤ ᠳᠡᠳ᠋ ᠰᠠᠯᠠᠭᠠᠨ ᠲᠠᠰ ᠲᠠᠢ ᠲᠡᠩᠴᠡᠬᠦ ᠠᠵᠢᠯ ᠦᠶᠯᠡᠰ ᠤᠨ ᠨᠢᠭᠡᠴᠡ ᠪᠣᠯᠤᠨ᠎ᠠ᠃        2. ᠡᠭᠦᠷᠭᠡ ᠬᠠᠷᠢᠭᠤᠴᠠᠯᠭ᠎ᠠ        ︵1︶ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ ᠣᠷᠣᠭᠤᠯᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃        ︵2︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢᠨ ᠠᠵᠢᠯ ᠢ ᠬᠠᠷᠢᠭᠤᠴᠠᠨ᠎ᠠ᠃        ︵3︶ ᠮᠠᠯᠴᠢᠨ ᠲᠠᠷᠢᠶᠠᠴᠢᠳ ᠲᠤ ᠠᠵᠤ ᠦᠶᠯᠡᠰ ᠤᠨ ᠮᠡᠳᠡᠭᠡ ᠵᠠᠩᠭᠢ ᠶᠢᠨ ᠦᠶᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ᠃        ︵4︶ ᠲᠤᠰᠬᠠᠶ ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃        ︵5︶ ᠬᠠᠷᠢᠶ᠎ᠠ ᠣᠷᠣᠨ ᠤ ᠪᠠᠨ ᠳᠣᠲᠣᠷᠠᠬᠢ ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ᠂ ᠭᠤᠣᠯ ᠢ ᠬᠠᠮᠢᠶᠠᠷᠬᠤ ᠳᠠᠷᠤᠭ᠎ᠠ ᠶᠢᠨ ᠳᠦᠷᠢᠮ ᠤᠨ ᠠᠵᠢᠯ ᠢ ᠬᠠᠷᠢᠭᠤᠴᠠᠨ᠎ᠠ᠃        ︵6︶ ᠳᠠᠯᠠᠢ ᠰᠤᠮᠤ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃        3. ᠳᠣᠲᠣᠭᠠᠳᠤ ᠪᠠᠶᠢᠭᠤᠯᠤᠮᠵᠢ        ︵1︶ ᠠᠯᠪᠠᠨ ᠭᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠵᠠᠰᠠᠭ ᠤᠨ ᠶᠠᠪᠤᠳᠠᠯ ᠤᠨ ᠬᠡᠷᠡᠭ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠵᠤ᠂ ᠬᠤᠷᠠᠯ ᠢ ᠵᠣᠬᠢᠶᠠᠨ ᠪᠠᠶᠢᠭᠤᠯᠬᠤ᠂ ᠶᠡᠷᠦᠩᠬᠡᠶᠢᠯᠡᠭᠰᠡᠨ ᠮᠠᠲ᠋ᠧᠷᠢᠶᠠᠯ ᠲᠤᠭᠤᠷᠪᠢᠬᠤ᠂ ᠮᠡᠳᠡᠭᠡ ᠵᠠᠩᠭᠢ ᠴᠤᠭᠯᠠᠭᠤᠯᠬᠤ᠂ ᠮᠡᠳᠡᠭᠦᠯᠦᠨ ᠬᠦᠷᠭᠡᠬᠦ ᠵᠢᠴᠢ ᠨᠠᠷᠢᠨ ᠪᠢᠴᠢᠭ᠂ ᠳᠠᠩᠰᠠ ᠡᠪᠬᠡᠮᠡᠯ᠂ ᠡᠳ᠋ ᠤᠨ ᠶᠠᠪᠤᠳᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠢ ᠬᠠᠷᠢᠭᠤᠴᠠᠨ᠎ᠠ᠃        ︵2︶ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠠᠰᠤᠭ᠄ ᠲᠤᠰᠬᠠᠶ ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠡᠮᠬᠡᠭ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡᠨ ᠬᠠᠩᠭᠠᠬᠤ ᠠᠵᠢᠯ ᠢ ᠬᠠᠷᠢᠭᠤᠴᠠᠨ᠎ᠠ᠃        ︵3︶ ᠮᠡᠷᠭᠡᠵᠢᠯ ᠳᠡᠯᠭᠡᠷᠡᠭᠦᠯᠬᠦ ᠲᠠᠰᠤᠭ᠄ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶ᠎ᠡ ᠬᠡᠪᠴᠢᠶᠡᠨ ᠳᠠᠬᠢ ᠮᠡᠷᠭᠡᠵᠢᠯ ᠢ ᠣᠷᠣᠭᠤᠯᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ᠃                              ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠳᠠᠯᠠᠢ ᠰᠣᠮᠣ ᠶᠢᠨ ᠠᠷᠠᠳ ᠤᠨ ᠵᠠᠰᠠᠭ ᠤᠨ ᠣᠷᠳᠣᠨ        ᠰᠢᠤᠳᠠᠨ ᠨᠣᠮᠧᠷ᠄ 021300        ᠤᠲᠠᠰᠤ᠄ 0470-6401045        ᠠᠵᠢᠯᠯᠠᠬᠤ ᠴᠠᠭ᠄ 9᠄ 00 - 12᠄ 00᠂ 14᠄ 30 - 17᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ