ᠪᠣᠶᠢᠷ ᠰᠤᠮᠤ ᠶᠢᠨ ᠨᠠᠮ ᠤᠨ ᠬᠤᠷᠢᠶ᠎ᠠ ᠪᠣᠯ ᠲᠣᠰ ᠰᠤᠮᠤ ᠶᠢᠨ ᠤᠳᠤᠷᠢᠳᠬᠤ ᠪᠠᠶᠢᠭᠤᠯᠭ᠎ᠠ ᠮᠥᠨ᠂ ᠪᠣᠶᠢᠷ | ᠰᠤᠮᠤ ᠶᠢᠨ ᠠᠷᠠᠳ ᠤᠨ ᠵᠠᠰᠠᠭ ᠤᠨ ᠣᠷᠳᠣᠨ ᠪᠣᠯ ᠤᠯᠤᠰ ᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ | ᠵᠣᠬᠢᠶᠠᠨ ᠪᠠᠶᠢᠭᠤᠯᠤᠯᠲᠠ ᠮᠥᠨ᠂ ᠵᠢᠩᠬᠢᠨᠢ ᠰᠠᠯᠠᠭᠠᠨ ᠲᠠᠰ ᠮᠥᠨ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ᠂ ᠤᠯᠤᠰ ᠤᠨ ᠬᠠᠤᠯᠢ ᠴᠠᠭᠠᠵᠠ ᠬᠠᠤᠯᠢ | ᠲᠣᠭᠲᠠᠭᠠᠯ ᠵᠢᠴᠢ ᠳᠡᠭᠡᠳᠦ ᠱᠠᠲᠤᠨ ᠤ ᠪᠠᠶᠢᠭᠤᠯᠭ᠎ᠠ ᠶᠢᠨ ᠰᠢᠢᠳᠪᠦᠷᠢ ᠪᠠ ᠵᠠᠷᠯᠢᠭ ᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠤᠮᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠦᠨᠳᠦᠰᠦᠨ | ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠦᠨᠳᠦᠰᠦᠨ ᠱᠠᠲᠤᠨ ᠤ ᠲᠥᠷᠥ | ᠪᠠᠷᠢᠬᠤ ᠰᠠᠭᠤᠷᠢ ᠶᠢ ᠪᠠᠬᠢᠵᠢᠭᠦᠯᠦᠨ᠎ᠡ᠃ | ︵ᠬᠤᠶᠠᠷ︶ ᠰᠤᠮᠤ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠲᠣᠭᠲᠠᠭᠠᠬᠤ ᠶᠢ | ᠬᠠᠷᠢᠭᠤᠴᠠᠵᠤ᠂ ᠰᠤᠮᠤ ᠶᠢᠨ ᠰᠠᠭᠤᠷᠢ ᠲᠦᠬᠦᠭᠡᠷᠦᠮᠵᠢ ᠪᠣᠯᠤᠨ ᠡᠯ᠎ᠡ ᠵᠦᠶᠯ ᠤᠨ ᠨᠡᠶᠢᠲᠡ ᠶᠢᠨ ᠠᠰᠠᠷᠠᠮᠵᠢ ᠶᠢᠨ | ᠦᠶᠯᠡᠰ ᠤᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢ | ᠲᠦᠷᠭᠡᠳᠬᠡᠨ᠂ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ | ︵ᠭᠤᠷᠪᠠ︶ ᠪᠦᠬᠦ ᠰᠤᠮᠤᠨ ᠤ ᠠᠵᠤ ᠠᠬᠤᠢ ᠶᠢᠨ ᠬᠥᠭᠵᠢᠯᠲᠡ ᠶᠢ ᠵᠢᠯᠣᠭᠤᠳᠤᠨ᠂ ᠠᠵᠤ ᠠᠬᠤᠢ ᠶᠢᠨ | ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ ᠠᠵᠤ ᠠᠬᠤᠢ ᠶᠢᠨ ᠨᠡᠮᠡᠭᠳᠡᠯ ᠤᠨ ᠬᠡᠯᠪᠡᠷᠢ ᠶᠢᠨ | ᠬᠤᠪᠢᠷᠠᠭᠤᠯᠤᠯᠲᠠ ᠶᠢ ᠠᠬᠢᠭᠤᠯᠤᠨ᠂ ᠭᠠᠴᠠᠭᠠᠨ ᠤ ᠦᠯᠡᠭᠦᠦ ᠬᠥᠳᠡᠯᠮᠦᠷᠢ ᠬᠦᠴᠦᠨ ᠤ ᠰᠢᠯᠵᠢᠯᠲᠡ ᠶᠢ ᠵᠣᠬᠢᠶᠠᠨ | ᠪᠠᠶᠢᠭᠤᠯᠤᠨ ᠵᠢᠯᠣᠭᠤᠳᠴᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | ︵ᠳᠥᠷᠪᠡ︶ ᠲᠣᠰ ᠰᠤᠮᠤᠨ ᠤ ᠪᠠᠨ ᠬᠠᠷᠢᠶᠠᠨ ᠳᠠᠬᠢ ᠭᠠᠴᠠᠭᠠᠨ ᠤ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ | ᠦᠶᠯᠡᠴᠢᠯᠡᠭᠡ᠂ ᠵᠢᠯᠣᠭᠤᠳᠣᠯᠭ᠎ᠠ᠂ ᠬᠠᠪᠰᠤᠷᠤᠯᠭ᠎ᠠ ᠶᠢ ᠬᠠᠷᠢᠭᠤᠴᠠᠨ᠎ᠠ᠃ | ︵ᠲᠠᠪᠤ︶ ᠦᠨᠳᠦᠰᠦᠨ ᠱᠠᠲᠤᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠷᠡᠭᠦᠯ | ᠬᠠᠮᠠᠭᠠᠯᠠᠯ᠂ ᠪᠡᠶ᠎ᠡ ᠶᠢᠨ ᠲᠠᠮᠢᠷ᠂ ᠬᠥᠮᠦᠨ ᠠᠮᠠ ᠬᠢᠭᠡᠳ ᠲᠥᠯᠥᠪᠯᠡᠭᠡᠲᠦ ᠦᠷᠡᠵᠢᠯ ᠵᠡᠷᠭᠡ ᠠᠵᠢᠯ ᠢ ᠬᠠᠷᠢᠭᠤᠴᠠᠨ | ᠰᠠᠶᠢᠲᠤᠷ ᠠᠳᠬᠤᠵᠤ᠂ ᠠᠷᠠᠳ ᠤᠨ ᠶᠠᠪᠤᠳᠠᠯ ᠤᠨ ᠶᠠᠪᠤᠳᠠᠯ᠂ ᠭᠠᠮᠰᠢᠭ ᠠᠴᠠ ᠠᠪᠤᠷᠠᠨ ᠲᠤᠰᠠᠯᠠᠬᠤ᠂ ᠠᠷᠠᠳ ᠤᠨ | ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠵᠦ᠂ ᠪᠦᠬᠦ ᠰᠣᠮᠣᠨ ᠤ ᠣᠶᠤᠨ ᠤ | ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠨ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠵᠢᠷᠭᠤᠭ᠎ᠠ︶ ᠦᠨᠳᠦᠰᠦᠨ ᠱᠠᠲᠤᠨ ᠤ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ ᠶᠢ ᠲᠦᠯᠬᠢᠨ | ᠠᠬᠢᠭᠤᠯᠵᠤ᠂ ᠭᠠᠴᠠᠭᠠᠨ ᠤ ᠵᠥᠪᠯᠡᠯ ᠤᠨ ᠠᠵᠢᠯ ᠢ ᠵᠢᠯᠣᠭᠤᠳᠤᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ | ᠠᠰᠢᠭ ᠢ ᠬᠠᠮᠠᠭᠠᠯᠠᠨ᠎ᠠ᠃ | ︵ᠳᠣᠯᠤᠭ᠎ᠠ︶ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠰᠤᠮᠤ | ᠳᠣᠲᠣᠷᠠᠬᠢ ᠨᠡᠶᠢᠭᠡᠮ ᠤᠨ ᠵᠥᠷᠢᠴᠡᠯ ᠢ ᠨᠠᠮᠳᠠᠭᠤᠯᠵᠤ᠂ ᠰᠤᠮᠤ ᠪᠠᠯᠭᠠᠰᠤᠨ ᠤ ᠨᠡᠶᠢᠭᠡᠮ ᠤᠨ ᠡᠶ᠎ᠡ ᠵᠣᠬᠢᠴᠠᠯ | ᠲᠣᠭᠲᠠᠭᠤᠨ ᠪᠠᠶᠢᠳᠠᠯ ᠢ ᠬᠠᠮᠠᠭᠠᠯᠠᠵᠤ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠲᠦᠯᠬᠢᠨ | ᠠᠬᠢᠭᠤᠯᠤᠨ᠎ᠠ᠃ | ︵ᠨᠠᠶᠮᠠ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ | ᠪᠤᠰᠤᠳ ᠠᠵᠢᠯ ᠢ ᠭᠦᠢᠴᠡᠳᠬᠡᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠡᠳᠦᠷ ᠲᠤᠲᠤᠮ ᠤᠨ ᠠᠵᠢᠯᠯᠠᠭᠠᠨ ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ︔ ᠰᠤᠮᠤ ᠶᠢᠨ ᠨᠠᠮ | ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ | ᠬᠠᠷᠢᠭᠤᠴᠠᠨ᠎ᠠ︔ ᠠᠵᠢᠯᠲᠠᠨ ᠤ ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃ | ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ | ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ ᠣᠯᠠᠨ ᠲᠦᠮᠡᠨ ᠤ ᠪᠦᠯᠬᠦᠮ ᠤᠨ ᠠᠵᠢᠯ ᠢ | ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ ᠠᠵᠢᠯ ᠢ | ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ | ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ᠃ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠠᠷᠭ᠎ᠠ | ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ︔ | ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ︔ ᠠᠮᠢ ᠠᠬᠤᠶ | ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃ | ︵ᠳᠥᠷᠪᠡ︶ ᠨᠡᠶᠢᠭᠡᠮ ᠤᠨ ᠶᠠᠪᠤᠳᠠᠯ ᠤᠨ ᠠᠯᠪᠠᠨ ᠭᠡᠷ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ | ᠮᠡᠨᠳᠦ ᠪᠣᠯᠤᠨ ᠲᠥᠯᠥᠪᠯᠡᠭᠡᠲᠦ ᠦᠷᠡᠵᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ | ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ ᠪᠠᠲᠤᠯᠠᠭ᠎ᠠ᠂ ᠨᠡᠶᠢᠭᠡᠮ ᠤᠨ ᠪᠦᠯᠬᠦᠮ | ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃ | ︵ᠲᠠᠪᠤ︶ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ᠃ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ | ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ ᠲᠣᠣᠷᠵᠢᠭᠤᠯᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ᠃ ᠬᠠᠷᠢᠶ᠎ᠠ ᠣᠷᠣᠨ ᠤ ᠭᠠᠴᠠᠭᠠᠨ ᠤ ᠳᠦᠷᠰᠦ | ᠪᠠᠶᠢᠳᠠᠯ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠵᠢᠵᠢᠭ ᠲᠣᠭᠤᠷᠢᠭ ᠤᠨ ᠠᠳᠠᠯ ᠠᠬᠤᠶ᠂ ᠣᠯᠠᠨ ᠨᠡᠶᠢᠲᠡ ᠶᠢᠨ | ᠲᠦᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ︔ ᠪᠤᠶᠢᠷ ᠰᠤᠮᠤᠨ ᠤ ᠵᠣᠬᠢᠶᠠᠨ | ᠪᠠᠶᠢᠭᠤᠯᠤᠨ ᠶᠠᠪᠤᠭᠳᠠᠭᠤᠯᠵᠤ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠦᠪ ᠢ ᠬᠢᠨᠠᠬᠤ᠂ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ ᠬᠠᠷᠢᠶ᠎ᠠ ᠣᠷᠣᠨ ᠤ ᠪᠠᠨ | ᠳᠣᠲᠣᠷᠠᠬᠢ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ ᠬᠠᠷᠢᠭᠤᠴᠠᠨ᠎ᠠ︔ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ᠂ ᠠᠮᠢᠲᠠᠨ ᠤ ᠬᠢᠵᠢᠭ ᠰᠡᠷᠭᠡᠶᠢᠯᠡᠬᠦ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠶᠢ | ᠬᠠᠷᠢᠭᠤᠴᠠᠨ᠎ᠠ᠃ | ︵ᠳᠣᠯᠤᠭ᠎ᠠ︶ ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠶᠢᠷ ᠰᠤᠮᠤ ᠶᠢᠨ ᠠᠷᠠᠳ ᠤᠨ ᠲᠥᠯᠥᠭᠡᠯᠡᠭᠴᠢᠳ | ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠡᠷᠭᠡ | ᠪᠠᠶᠢᠭᠤᠯᠤᠮᠵᠢ ᠶᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠪᠠᠶᠢᠷᠢᠯᠠᠭᠤᠯᠬᠤ ᠶᠢᠨ ᠬᠠᠮᠲᠤ ᠡᠭᠦᠷᠭᠡ | ᠬᠠᠷᠢᠭᠤᠴᠠᠯᠭ᠎ᠠ ᠪᠠᠨ ᠭᠦᠶᠴᠡᠳᠬᠡᠨ᠎ᠡ᠃ | ᠭᠤᠷᠪᠠ᠂ ᠬᠠᠷᠢᠶ᠎ᠠ ᠪᠠᠶᠢᠭᠤᠯᠤᠮᠵᠢ | ︵ᠨᠢᠭᠡ︶ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ | 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠶᠢᠷ ᠰᠤᠮᠤ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠳᠤ | ᠦᠢᠯᠡᠴᠢᠯᠡᠬᠦ ᠲᠥᠪ ︵ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ | ᠲᠤ ᠦᠢᠯᠡᠴᠢᠯᠡᠬᠦ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠤᠨ ᠫᠠᠶᠢᠰᠠ ᠶᠢ | ᠡᠯᠭᠦᠨ᠎ᠡ︶ ᠪᠣᠯ ᠪᠣᠶᠢᠷ ᠰᠤᠮᠤ ᠳᠤ ᠬᠠᠷᠢᠶᠠᠯᠠᠭᠳᠠᠬᠤ ᠳᠡᠳ᠋ ᠰᠠᠯᠠᠭᠠᠨ ᠲᠠᠰ ᠤᠨ ᠠᠵᠢᠯ ᠦᠶᠯᠡᠰ ᠤᠨ ᠨᠢᠭᠡᠴᠡ ᠲᠠᠢ | ᠲᠡᠩᠴᠡᠨ᠎ᠡ᠃ | 2. ᠡᠭᠦᠷᠭᠡ ᠬᠠᠷᠢᠭᠤᠴᠠᠯᠭ᠎ᠠ | ︵1︶ ᠨᠠᠮ ᠤᠨ ᠭᠡᠰᠢᠭᠦᠨ ᠣᠯᠠᠨ ᠲᠦᠮᠡᠨ ᠳᠤ ᠦᠶᠯᠡᠴᠢᠯᠡᠬᠦ ᠲᠥᠷᠥᠯ ᠵᠦᠶᠯ ᠤᠨ ᠪᠦᠬᠦᠯᠢ ᠴᠣᠭᠴᠠ ᠶᠢᠨ | ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ | ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠢ ᠬᠠᠩᠭᠠᠨ᠎ᠠ᠃ | ︵2︶ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠨ ᠲᠠᠢ ᠬᠠᠷᠢᠯᠴᠠᠬᠤ᠂ ᠲᠡᠭᠦᠨ ᠳᠤ ᠦᠢᠯᠡᠴᠢᠯᠡᠬᠦ ᠶᠢ | ᠬᠠᠷᠢᠭᠤᠴᠠᠨ᠎ᠠ᠃ | ︵3︶ ᠨᠠᠮ ᠤᠨ ᠭᠡᠰᠢᠭᠦᠨ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠤ | ᠦᠶᠯᠡᠴᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ᠃ | ︵4︶ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠠᠵᠢᠯ ᠢ | ᠬᠠᠷᠢᠭᠤᠴᠠᠨ᠎ᠠ᠃ | ︵5︶ ᠬᠥᠳᠡᠯᠮᠦᠷᠢ ᠶᠢᠨ ᠪᠠᠲᠤᠯᠠᠭ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | ︵6︶ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠶᠢ | ᠲᠡᠳᠬᠦᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ | ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃ | ︵7︶ ᠴᠡᠷᠢᠭ ᠢ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃ | ︵8︶ ᠰᠣᠶᠣᠯ ᠪᠡᠶ᠎ᠡ ᠶᠢᠨ ᠲᠠᠮᠢᠷ ᠤᠨ ᠬᠠᠮᠢᠶ᠎ᠠ ᠪᠦᠬᠦᠢ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ︔ ᠰᠤᠮᠤ | ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠪᠠ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠢ | ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵9︶ ᠡᠳ᠋ ᠤᠨ ᠵᠠᠰᠠᠭ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ | ᠢ ᠬᠠᠷᠢᠭᠤᠴᠠᠨ᠎ᠠ᠃ | ︵10︶ ᠪᠣᠶᠢᠷ ᠰᠤᠮᠤ ᠶᠢᠨ ᠨᠠᠮ ᠤᠨ ᠬᠤᠷᠢᠶᠠᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | 3. ᠳᠣᠲᠣᠭᠠᠳᠤ ᠪᠠᠶᠢᠭᠤᠯᠤᠮᠵᠢ | ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠶᠢᠷ ᠰᠤᠮᠤ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠳᠤ | ᠦᠢᠯᠡᠴᠢᠯᠡᠬᠦ ᠲᠥᠪ ︵ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ | ᠲᠤ ᠦᠢᠯᠡᠴᠢᠯᠡᠬᠦ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠭᠠᠵᠠᠷ ᠤᠨ ᠫᠠᠶᠢᠰᠠ | ᠡᠯᠭᠦᠨ᠎ᠡ︶ ᠤᠨ ᠳᠣᠲᠣᠭᠠᠳᠤ ᠳᠤ 4 ᠲᠠᠰᠤᠭ ᠭᠠᠷᠭᠠᠵᠤ᠂ ᠴᠥᠮ ᠲᠠᠰᠤᠭ ᠤᠨ ᠲᠠᠰ ᠪᠣᠯᠭᠠᠪᠠ᠃ | ︵1︶ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠠᠰᠤᠭ᠄ ᠨᠠᠮ ᠤᠨ ᠭᠡᠰᠢᠭᠦᠨ ᠣᠯᠠᠨ | ᠲᠦᠮᠡᠨ ᠤ ᠦᠶᠯᠡᠴᠢᠯᠡᠭᠡᠨ ᠤ ᠲᠥᠷᠥᠯ ᠵᠦᠶᠯ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠪᠠ | ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ | ᠦᠶᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶ᠎ᠠ ᠣᠷᠣᠨ ᠤ ᠨᠠᠮ ᠤᠨ ᠭᠡᠰᠢᠭᠦᠨ ᠲᠠᠢ | ᠬᠠᠷᠢᠯᠴᠠᠵᠤ ᠦᠶᠯᠡᠴᠢᠯᠡᠬᠦ ᠶᠢ ᠬᠠᠷᠢᠭᠤᠴᠠᠨ᠎ᠠ︔ ᠨᠠᠮ ᠤᠨ ᠭᠡᠰᠢᠭᠦᠨ ᠪᠠ ᠣᠯᠠᠨ ᠲᠦᠮᠡᠨ ᠤ ᠡᠯ᠎ᠡ ᠲᠥᠷᠥᠯ ᠤᠨ | ᠠᠵᠢᠯᠯᠠᠭᠠᠨ ᠤ ᠲᠠᠯᠠᠪᠤᠷ ᠲᠠᠬᠢ ᠦᠶᠯᠡᠴᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ ᠬᠠᠮᠠᠭᠠᠯᠠᠯᠲᠠ | ᠶᠢ ᠬᠠᠷᠢᠭᠤᠴᠠᠨ᠎ᠠ᠃ | ︵2︶ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠠᠰᠤᠭ᠄ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ | ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ᠃ | ︵3︶ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠠᠰᠤᠭ᠄ ᠴᠡᠷᠢᠭ ᠤᠨ ᠠᠯᠪᠠᠨ ᠠᠴᠠ | ᠪᠠᠭᠤᠭᠰᠠᠳ ᠤᠨ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ | ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ ᠪᠠᠲᠤᠯᠠᠬᠤ | ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠴᠡᠷᠢᠭ ᠢ ᠬᠦᠷᠢᠶᠡᠯᠡᠨ ᠭᠡᠷ ᠪᠦᠯᠢ ᠶᠢ ᠨᠢ | ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃ | ︵4︶ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠠᠰᠤᠭ᠄ ᠰᠤᠮᠤ ᠶᠢᠨ ᠰᠢᠨ᠎ᠡ ᠴᠠᠭ ᠦᠶ᠎ᠡ | ᠶᠢᠨ ᠪᠣᠯᠪᠠᠰᠤᠨ ᠤ ᠦᠶᠯᠡᠳᠦᠯᠭᠡ ᠪᠠ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ | ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠶᠢᠷ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠪᠣᠯ ᠪᠣᠶᠢᠷ ᠰᠤᠮᠤ ᠶᠢᠨ ᠵᠠᠰᠠᠭ ᠤᠨ ᠣᠷᠳᠣᠨ ᠤ ᠳᠡᠳ᠋ ᠰᠠᠯᠠᠭᠠᠨ ᠲᠠᠰ ᠲᠠᠢ ᠲᠡᠩᠴᠡᠬᠦ | ᠠᠵᠢᠯ ᠦᠶᠯᠡᠰ ᠤᠨ ᠨᠢᠭᠡᠴᠡ ᠪᠣᠯᠤᠨ᠎ᠠ᠃ | 2. ᠡᠭᠦᠷᠭᠡ ᠬᠠᠷᠢᠭᠤᠴᠠᠯᠭ᠎ᠠ | ︵1︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠰᠤᠮᠤᠨ ᠤ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ | ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ︔ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ | ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠨᠠᠶᠢᠳᠠᠭᠰᠠᠨ ᠰᠠᠯᠠᠭ᠎ᠠ ᠮᠥᠴᠢᠷ | ᠤᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ | ︵2︶ ᠬᠤᠲᠠ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠠᠵᠢᠯ ᠤᠨ ᠲᠠᠯ᠎ᠠ ᠪᠠᠷ᠂ ᠪᠣᠶᠢᠷ ᠰᠤᠮᠤ ᠠᠴᠠ ᠪᠤᠰᠤᠳ ᠬᠠᠷᠢᠶᠠᠲᠤ ᠣᠷᠣᠨ ᠤ ᠵᠠᠰᠠᠭ ᠵᠠᠬᠢᠷᠭᠠᠨ ᠤ | ᠬᠠᠤᠯᠢ ᠬᠡᠷᠡᠭᠵᠢᠭᠦᠯᠬᠦ ᠠᠵᠢᠯ ᠢ ᠬᠡᠷᠡᠭᠵᠢᠭᠦᠯᠦᠨ᠎ᠡ᠃ | ︵3︶ ᠪᠣᠶᠢᠷ ᠰᠤᠮᠤ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ | 3. ᠳᠣᠲᠣᠭᠠᠳᠤ ᠪᠠᠶᠢᠭᠤᠯᠤᠮᠵᠢ | ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠶᠢᠷ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠬᠦ ᠲᠣᠪᠴᠢᠶ᠎ᠠ ᠳᠤ 2 ᠲᠠᠰᠤᠭ ᠭᠠᠷᠭᠠᠪᠠ᠂ ᠡᠲᠡᠭᠡᠷ ᠨᠢ ᠴᠥᠮ ᠲᠠᠰᠤᠭ ᠤᠨ ᠲᠠᠰ ᠪᠣᠯᠤᠨ᠎ᠠ᠃ | ︵1︶ ᠠᠯᠪᠠᠨ ᠭᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠵᠠᠰᠠᠭ ᠤᠨ ᠶᠠᠪᠤᠳᠠᠯ ᠤᠨ ᠴᠢᠨᠠᠷᠲᠠᠢ ᠠᠵᠢᠯ ᠢ | ᠬᠠᠷᠢᠭᠤᠴᠠᠵᠤ᠂ ᠬᠤᠷᠠᠯ ᠢ ᠵᠣᠬᠢᠶᠠᠨ ᠪᠠᠶᠢᠭᠤᠯᠬᠤ᠂ ᠶᠡᠷᠦᠩᠬᠡᠶᠢᠯᠡᠭᠰᠡᠨ ᠮᠠᠲ᠋ᠧᠷᠢᠶᠠᠯ ᠲᠤᠭᠤᠷᠪᠢᠬᠤ᠂ ᠮᠡᠳᠡᠭᠡ ᠵᠠᠩᠭᠢ | ᠴᠤᠭᠯᠠᠭᠤᠯᠬᠤ᠂ ᠮᠡᠳᠡᠭᠦᠯᠦᠨ ᠬᠦᠷᠭᠡᠬᠦ ᠵᠢᠴᠢ ᠨᠠᠷᠢᠨ ᠪᠢᠴᠢᠭ᠂ ᠳᠠᠩᠰᠠ ᠡᠪᠬᠡᠮᠡᠯ ᠤᠨ ᠡᠳ᠋ ᠤᠨ ᠶᠠᠪᠤᠳᠠᠯ᠂ ᠨᠢᠭᠤᠴᠠ | ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠢ ᠬᠠᠷᠢᠭᠤᠴᠠᠨ᠎ᠠ᠃ | ︵2︶ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠰᠤᠭ᠄ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠰᠤᠮᠤᠨ | ᠤ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ︔ | ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠡᠷᠬᠡ ᠶᠢ ᠦᠨᠳᠦᠰᠦᠯᠡᠨ᠂ ᠨᠠᠶᠢᠳᠠᠭᠰᠠᠨ ᠰᠠᠯᠠᠭ᠎ᠠ ᠮᠥᠴᠢᠷ ᠤᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠠᠵᠢᠯ ᠢ ᠥᠷᠨᠢᠭᠦᠯᠦᠨ᠎ᠡ᠃ | ︵3︶ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ | 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠶᠢᠷ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ | ᠳᠡᠯᠭᠡᠷᠡᠭᠦᠯᠬᠦ ᠲᠥᠪ ᠪᠣᠯ ᠪᠣᠶᠢᠷ ᠰᠤᠮᠤ ᠶᠢᠨ ᠵᠠᠰᠠᠭ ᠤᠨ ᠣᠷᠳᠣᠨ ᠤ ᠳᠡᠳ᠋ ᠰᠠᠯᠠᠭᠠᠨ ᠲᠠᠰ ᠲᠠᠢ ᠲᠡᠩᠴᠡᠬᠦ ᠠᠵᠢᠯ | ᠦᠶᠯᠡᠰ ᠤᠨ ᠨᠢᠭᠡᠴᠡ ᠪᠣᠯᠤᠨ᠎ᠠ᠃ | 2. ᠡᠭᠦᠷᠭᠡ ᠬᠠᠷᠢᠭᠤᠴᠠᠯᠭ᠎ᠠ | ︵1︶ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ | ᠣᠷᠣᠭᠤᠯᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃ | ︵2︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ᠃ | ︵3︶ ᠮᠠᠯᠴᠢᠨ ᠲᠠᠷᠢᠶᠠᠴᠢᠳ ᠲᠤ ᠠᠵᠤ ᠦᠶᠯᠡᠰ ᠤᠨ ᠮᠡᠳᠡᠭᠡ ᠵᠠᠩᠭᠢ ᠶᠢᠨ ᠦᠶᠯᠡᠴᠢᠯᠡᠭᠡ ᠬᠠᠩᠭᠠᠬᠤ ᠠᠵᠢᠯ | ᠢ ᠬᠠᠷᠢᠭᠤᠴᠠᠨ᠎ᠠ᠃ | ︵4︶ ᠲᠤᠰᠬᠠᠶ ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠬᠢᠵᠢᠭ ᠬᠤᠷᠣᠬᠠᠶ ᠶᠢᠨ ᠬᠥᠨᠥᠭᠡᠯ ᠢ ᠰᠡᠷᠭᠡᠶᠢᠯᠡᠨ | ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ᠃ | ︵5︶ ᠬᠠᠷᠢᠶ᠎ᠠ ᠣᠷᠣᠨ ᠤ ᠪᠠᠨ ᠳᠣᠲᠣᠷᠠᠬᠢ ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ᠂ ᠭᠤᠣᠯ ᠢ | ᠬᠠᠮᠢᠶᠠᠷᠬᠤ ᠳᠠᠷᠤᠭ᠎ᠠ ᠶᠢᠨ ᠳᠦᠷᠢᠮ ᠤᠨ ᠠᠵᠢᠯ ᠢ ᠬᠠᠷᠢᠭᠤᠴᠠᠨ᠎ᠠ᠃ | ︵6︶ ᠰᠤᠮᠤᠨ ᠤ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ | 3. ᠳᠣᠲᠣᠭᠠᠳᠤ ᠪᠠᠶᠢᠭᠤᠯᠤᠮᠵᠢ | ︵1︶ ᠠᠯᠪᠠᠨ ᠭᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠵᠠᠰᠠᠭ ᠤᠨ ᠶᠠᠪᠤᠳᠠᠯ ᠤᠨ ᠴᠢᠨᠠᠷᠲᠠᠢ ᠠᠵᠢᠯ ᠢ | ᠬᠠᠷᠢᠭᠤᠴᠠᠵᠤ᠂ ᠬᠤᠷᠠᠯ ᠢ ᠵᠣᠬᠢᠶᠠᠨ ᠪᠠᠶᠢᠭᠤᠯᠬᠤ᠂ ᠶᠡᠷᠦᠩᠬᠡᠶᠢᠯᠡᠭᠰᠡᠨ ᠮᠠᠲ᠋ᠧᠷᠢᠶᠠᠯ ᠲᠤᠭᠤᠷᠪᠢᠬᠤ᠂ ᠮᠡᠳᠡᠭᠡ ᠵᠠᠩᠭᠢ | ᠴᠤᠭᠯᠠᠭᠤᠯᠬᠤ᠂ ᠮᠡᠳᠡᠭᠦᠯᠦᠨ ᠬᠦᠷᠭᠡᠬᠦ ᠵᠢᠴᠢ ᠨᠠᠷᠢᠨ ᠪᠢᠴᠢᠭ᠂ ᠳᠠᠩᠰᠠ ᠡᠪᠬᠡᠮᠡᠯ ᠤᠨ ᠡᠳ᠋ ᠤᠨ ᠶᠠᠪᠤᠳᠠᠯ᠂ ᠨᠢᠭᠤᠴᠠ | ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠢ ᠬᠠᠷᠢᠭᠤᠴᠠᠨ᠎ᠠ᠃ | ︵2︶ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠠᠰᠤᠭ᠄ ᠲᠤᠰᠬᠠᠶ ᠮᠡᠷᠭᠡᠵᠢᠯ ᠤᠨ ᠪᠣᠯᠪᠠᠰᠤᠷᠠᠯ᠂ ᠡᠪᠡᠳᠴᠢᠨ | ᠬᠢᠵᠢᠭ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ | ᠬᠠᠷᠢᠭᠤᠴᠠᠨ᠎ᠠ︔ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ ᠬᠠᠩᠭᠠᠬᠤ | ᠠᠵᠢᠯ ᠢ ᠬᠠᠷᠢᠭᠤᠴᠠᠨ᠎ᠠ᠃ | ︵3︶ ᠮᠡᠷᠭᠡᠵᠢᠯ ᠳᠡᠯᠭᠡᠷᠡᠭᠦᠯᠬᠦ ᠲᠠᠰᠤᠭ᠄ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ | ᠬᠦᠷᠢᠶ᠎ᠡ ᠬᠡᠪᠴᠢᠶᠡᠨ ᠤ ᠮᠡᠷᠭᠡᠵᠢᠯ ᠢ ᠣᠷᠣᠭᠤᠯᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ | ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ᠃ | | | ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠶᠢᠷ ᠰᠣᠮᠣ ᠶᠢᠨ ᠠᠷᠠᠳ ᠤᠨ ᠵᠠᠰᠠᠭ ᠤᠨ ᠣᠷᠳᠣᠨ | ᠰᠢᠤᠳᠠᠨ ᠨᠣᠮᠧᠷ᠄ 021300 | ᠤᠲᠠᠰᠤ᠄ 0470-6401045 | ᠠᠵᠢᠯᠯᠠᠬᠤ ᠴᠠᠭ᠄ 9᠄ 00 - 12᠄ 00᠂ 14᠄ 30 - 17᠄ 30 ︵ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠠᠴᠠ ᠭᠠᠳᠠᠨ᠎ᠠ︶ | | | |