ᠪᠣᠶᠢᠷ ᠰᠤᠮᠤ ᠶᠢᠨ ᠨᠠᠮ ᠤᠨ ᠬᠤᠷᠢᠶ᠎ᠠ ᠪᠣᠯ ᠲᠣᠰ ᠰᠤᠮᠤ ᠶᠢᠨ ᠤᠳᠤᠷᠢᠳᠬᠤ ᠪᠠᠶᠢᠭᠤᠯᠭ᠎ᠠ ᠮᠥᠨ᠂ ᠪᠣᠶᠢᠷ ᠰᠤᠮᠤ ᠶᠢᠨ ᠠᠷᠠᠳ ᠤᠨ ᠵᠠᠰᠠᠭ ᠤᠨ ᠣᠷᠳᠣᠨ | ᠪᠣᠯ ᠤᠯᠤᠰ ᠤᠨ ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠵᠣᠬᠢᠶᠠᠨ ᠪᠠᠶᠢᠭᠤᠯᠤᠯᠲᠠ ᠮᠥᠨ᠂ ᠵᠢᠩᠬᠢᠨᠢ ᠰᠠᠯᠠᠭᠠᠨ ᠲᠠᠰ ᠮᠥᠨ᠃ | ᠨᠢᠭᠡ᠂ ᠭᠤᠣᠯ ᠡᠭᠦᠷᠭᠡ ᠬᠠᠷᠢᠭᠤᠴᠠᠯᠭ᠎ᠠ | ︵ᠨᠢᠭᠡ︶ ᠨᠠᠮ ᠤᠨ ᠱᠤᠭᠤᠮ ᠴᠢᠭᠯᠡᠯᠲᠡ ᠲᠥᠷᠥ ᠶᠢᠨ ᠪᠣᠳᠣᠯᠭ᠎ᠠ᠂ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠳᠡᠭᠡᠳᠦ ᠱᠠᠲᠤᠨ ᠤ | ᠪᠠᠶᠢᠭᠤᠯᠭ᠎ᠠ ᠶᠢᠨ ᠰᠢᠢᠳᠪᠦᠷᠢ ᠪᠠ ᠵᠠᠷᠯᠢᠭ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠮᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠪᠠ | ᠦᠨᠳᠦᠰᠦᠨ ᠱᠠᠲᠤᠨ ᠤ ᠵᠠᠰᠠᠭ ᠤᠨ ᠡᠷᠬᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠦᠨᠳᠦᠰᠦᠨ ᠱᠠᠲᠤᠨ ᠤ ᠲᠥᠷᠥ ᠪᠠᠷᠢᠬᠤ ᠰᠠᠭᠤᠷᠢ ᠶᠢ | ᠪᠠᠬᠢᠵᠢᠭᠦᠯᠦᠨ᠎ᠡ᠃ | ︵ᠬᠤᠶᠠᠷ︶ ᠰᠤᠮᠤ ᠶᠢᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠲᠣᠭᠲᠠᠭᠠᠬᠤ ᠶᠢ ᠬᠠᠷᠢᠭᠤᠴᠠᠵᠤ᠂ ᠰᠤᠮᠤ ᠶᠢᠨ ᠰᠠᠭᠤᠷᠢ | ᠲᠦᠬᠦᠭᠡᠷᠦᠮᠵᠢ ᠪᠣᠯᠤᠨ ᠡᠯ᠎ᠡ ᠵᠦᠶᠯ ᠤᠨ ᠨᠡᠶᠢᠲᠡ ᠶᠢᠨ ᠠᠰᠠᠷᠠᠮᠵᠢ ᠶᠢᠨ ᠦᠶᠯᠡᠰ ᠤᠨ ᠪᠦᠲᠦᠭᠡᠨ ᠪᠠᠶᠢᠭᠤᠯᠤᠯᠲᠠ ᠶᠢ ᠵᠣᠬᠢᠶᠠᠨ ᠪᠠᠶᠢᠭᠤᠯᠵᠤ᠂ ᠠᠵᠤ ᠠᠬᠤᠶ ᠨᠡᠶᠢᠭᠡᠮ | ᠤᠨ ᠬᠥᠭᠵᠢᠯᠲᠡ ᠶᠢ ᠲᠦᠷᠭᠡᠳᠬᠡᠨ᠂ ᠠᠷᠠᠳ ᠤᠨ ᠠᠮᠢᠳᠤᠷᠠᠯ ᠤᠨ ᠣᠷᠴᠢᠨ ᠲᠣᠭᠤᠷᠢᠨ ᠢ ᠰᠠᠶᠢᠵᠢᠷᠠᠭᠤᠯᠤᠨ᠎ᠠ᠃ | ︵ᠭᠤᠷᠪᠠ︶ ᠪᠦᠬᠦ ᠰᠤᠮᠤᠨ ᠤ ᠠᠵᠤ ᠠᠬᠤᠢ ᠶᠢᠨ ᠬᠥᠭᠵᠢᠯᠲᠡ ᠶᠢ ᠵᠢᠯᠣᠭᠤᠳᠤᠨ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠵᠤ᠂ | ᠠᠵᠤ ᠠᠬᠤᠢ ᠶᠢᠨ ᠨᠡᠮᠡᠭᠳᠡᠯ ᠤᠨ ᠬᠡᠯᠪᠡᠷᠢ ᠶᠢᠨ ᠬᠤᠪᠢᠷᠠᠭᠤᠯᠤᠯᠲᠠ ᠶᠢ ᠠᠬᠢᠭᠤᠯᠤᠨ᠂ ᠭᠠᠴᠠᠭᠠᠨ ᠤ ᠦᠯᠡᠭᠦᠦ ᠬᠥᠳᠡᠯᠮᠦᠷᠢ ᠬᠦᠴᠦᠨ ᠤ ᠰᠢᠯᠵᠢᠯᠲᠡ ᠶᠢ ᠵᠣᠬᠢᠶᠠᠨ | ᠪᠠᠶᠢᠭᠤᠯᠤᠨ ᠵᠢᠯᠣᠭᠤᠳᠴᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠤᠨ᠎ᠠ᠃ | ︵ᠳᠥᠷᠪᠡ︶ ᠲᠣᠰ ᠰᠤᠮᠤᠨ ᠤ ᠪᠠᠨ ᠬᠠᠷᠢᠶᠠᠨ ᠳᠠᠬᠢ ᠭᠠᠴᠠᠭᠠᠨ ᠤ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠦᠶᠯᠡᠴᠢᠯᠡᠭᠡ᠂ ᠵᠢᠯᠣᠭᠤᠳᠣᠯᠭ᠎ᠠ᠂ | ᠬᠠᠪᠰᠤᠷᠤᠯᠭ᠎ᠠ ᠶᠢ ᠬᠠᠷᠢᠭᠤᠴᠠᠨ᠎ᠠ᠃ | ︵ᠲᠠᠪᠤ︶ ᠦᠨᠳᠦᠰᠦᠨ ᠱᠠᠲᠤᠨ ᠤ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ᠂ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ᠂ ᠬᠥᠮᠦᠨ ᠠᠮᠠ | ᠬᠢᠭᠡᠳ ᠲᠥᠯᠥᠪᠯᠡᠭᠡᠲᠦ ᠦᠷᠡᠵᠢᠯ ᠵᠡᠷᠭᠡ ᠠᠵᠢᠯ ᠢ ᠬᠠᠷᠢᠭᠤᠴᠠᠨ ᠰᠠᠶᠢᠲᠤᠷ ᠠᠳᠬᠤᠵᠤ᠂ ᠠᠷᠠᠳ ᠤᠨ ᠶᠠᠪᠤᠳᠠᠯ ᠤᠨ ᠶᠠᠪᠤᠳᠠᠯ᠂ ᠭᠠᠮᠰᠢᠭ ᠠᠴᠠ ᠠᠪᠤᠷᠠᠨ ᠲᠤᠰᠠᠯᠠᠬᠤ᠂ | ᠠᠷᠠᠳ ᠤᠨ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠠᠵᠢᠯ ᠢ ᠰᠠᠶᠢᠲᠤᠷ ᠬᠢᠵᠦ᠂ ᠪᠦᠬᠦ ᠰᠣᠮᠣᠨ ᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢ | ᠴᠢᠩᠭᠠᠳᠬᠠᠨ᠂ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃ | ︵ᠵᠢᠷᠭᠤᠭ᠎ᠠ︶ ᠦᠨᠳᠦᠰᠦᠨ ᠱᠠᠲᠤᠨ ᠤ ᠠᠷᠠᠳᠴᠢᠯᠠᠯ ᠬᠠᠤᠯᠢ ᠳᠦᠷᠢᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠠᠴᠠᠭᠠᠨ ᠤ ᠵᠥᠪᠯᠡᠯ ᠤᠨ ᠠᠵᠢᠯ ᠢ | ᠵᠢᠯᠣᠭᠤᠳᠤᠨ᠂ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠎ᠠ᠃ | ︵ᠳᠣᠯᠤᠭ᠎ᠠ︶ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠴᠢᠩᠭᠠᠳᠬᠠᠵᠤ᠂ ᠰᠤᠮᠤ ᠳᠣᠲᠣᠷᠠᠬᠢ ᠨᠡᠶᠢᠭᠡᠮ ᠤᠨ ᠵᠥᠷᠢᠴᠡᠯ ᠢ | ᠨᠠᠮᠳᠠᠭᠤᠯᠵᠤ᠂ ᠰᠤᠮᠤ ᠪᠠᠯᠭᠠᠰᠤᠨ ᠤ ᠨᠡᠶᠢᠭᠡᠮ ᠤᠨ ᠡᠶ᠎ᠡ ᠵᠣᠬᠢᠴᠠᠯ ᠲᠣᠭᠲᠠᠭᠤᠨ ᠪᠠᠶᠢᠳᠠᠯ ᠢ ᠬᠠᠮᠠᠭᠠᠯᠠᠵᠤ᠂ ᠨᠡᠶᠢᠭᠡᠮ ᠵᠢᠷᠤᠮᠲᠤ ᠪᠦᠲᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠤᠨ᠎ᠠ᠃ | ︵ᠨᠠᠶᠮᠠ︶ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ | ᠬᠤᠶᠠᠷ᠂ ᠳᠣᠲᠣᠭᠠᠳᠤ ᠪᠠᠶᠢᠭᠤᠯᠤᠮᠵᠢ | ︵ᠨᠢᠭᠡ︶ ᠨᠠᠮ ᠵᠠᠰᠠᠭ ᠤᠨ ᠶᠡᠷᠦᠩᠬᠡᠶᠢᠯᠡᠭᠰᠡᠨ ᠠᠯᠪᠠᠨ ᠭᠡᠷ᠃ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠳᠦᠷ ᠲᠤᠲᠤᠮ ᠤᠨ ᠠᠵᠢᠯᠯᠠᠭᠠᠨ | ᠪᠠ ᠶᠡᠷᠦᠩᠬᠡᠶᠢᠯᠡᠨ ᠵᠣᠬᠢᠴᠠᠭᠤᠯᠬᠤ ᠠᠵᠢᠯ ᠢ ᠬᠠᠷᠢᠭᠤᠴᠠᠨ᠎ᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ ᠤᠨ ᠠᠵᠢᠯ ᠢ ᠡᠭᠦᠷᠭᠡᠯᠡᠨ᠎ᠡ︔ | ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠰᠢᠮᠳᠠᠭᠤᠯᠤᠨ ᠪᠠᠶᠢᠴᠠᠭᠠᠬᠤ ᠠᠵᠢᠯ ᠢ ᠬᠠᠷᠢᠭᠤᠴᠠᠨ᠎ᠠ︔ ᠠᠵᠢᠯᠲᠠᠨ ᠤ | ᠶᠠᠪᠤᠳᠠᠯ ᠪᠠ ᠡᠳ᠋ ᠤᠨ ᠵᠠᠰᠠᠭ ᠵᠡᠷᠭᠡ ᠠᠵᠢᠯ ᠢ ᠬᠠᠷᠢᠭᠤᠴᠠᠨ᠎ᠠ᠃ | ︵ᠬᠤᠶᠠᠷ︶ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠯᠪᠠᠨ ᠭᠡᠷ᠃ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠴᠣᠭᠴᠠᠯᠠᠯᠲᠠ ᠪᠠ ᠣᠯᠠᠨ ᠲᠦᠮᠡᠨ ᠤ ᠪᠦᠯᠬᠦᠮ ᠤᠨ ᠠᠵᠢᠯ ᠢ ᠬᠠᠷᠢᠭᠤᠴᠠᠨ᠎ᠠ︔ ᠤᠬᠠᠭᠤᠯᠭ᠎ᠠ᠂ ᠦᠵᠡᠯ ᠤᠬᠠᠮᠰᠠᠷ ᠤᠨ ᠬᠡᠯᠪᠡᠷᠢ᠂ ᠰᠣᠶᠣᠯ ᠪᠡᠶ᠎ᠡ ᠶᠢᠨ ᠲᠠᠮᠢᠷ ᠤᠨ | ᠠᠵᠢᠯ ᠢ ᠬᠠᠷᠢᠭᠤᠴᠠᠨ᠎ᠠ︔ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ︔ ᠨᠢᠭᠡᠳᠦᠮᠡᠯ ᠹᠷᠣᠨᠲ᠂ ᠦᠨᠳᠦᠰᠦᠲᠡᠨ ᠱᠠᠰᠢᠨ | ᠰᠤᠷᠲᠠᠬᠤᠨ ᠵᠡᠷᠭᠡ ᠠᠵᠢᠯ ᠢ ᠬᠠᠷᠢᠭᠤᠴᠠᠨ᠎ᠠ᠃ | ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ | ᠪᠣᠳᠣᠯᠭ᠎ᠠ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠬᠠᠷᠢᠭᠤᠴᠠᠨ᠎ᠠ︔ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠠᠵᠤ ᠦᠢᠯᠡᠰ ᠢ ᠲᠥᠯᠥᠪᠵᠢᠭᠦᠯᠦᠨ ᠬᠥᠭᠵᠢᠭᠦᠯᠬᠦ ᠠᠵᠢᠯ ᠢ ᠬᠠᠷᠢᠭᠤᠴᠠᠨ᠎ᠠ︔ ᠦᠵᠡᠰᠬᠦᠯᠡᠩᠲᠦ | ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯ ᠢ ᠬᠠᠷᠢᠭᠤᠴᠠᠨ᠎ᠠ︔ ᠠᠮᠢ ᠠᠬᠤᠶ ᠣᠷᠴᠢᠨ ᠲᠣᠭᠤᠷᠢᠨ ᠵᠡᠷᠭᠡ ᠠᠵᠢᠯ ᠢ ᠬᠠᠷᠢᠭᠤᠴᠠᠨ᠎ᠠ᠃ | ︵ᠳᠥᠷᠪᠡ︶ ᠨᠡᠶᠢᠭᠡᠮ ᠤᠨ ᠶᠠᠪᠤᠳᠠᠯ ᠤᠨ ᠠᠯᠪᠠᠨ ᠭᠡᠷ᠃ ᠠᠷᠠᠳ ᠤᠨ ᠶᠠᠪᠤᠳᠠᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠪᠣᠯᠤᠨ ᠲᠥᠯᠥᠪᠯᠡᠭᠡᠲᠦ ᠦᠷᠡᠵᠢᠯ᠂ | ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠵᠡᠮᠳᠡᠭᠴᠦᠳ ᠤᠨ ᠬᠤᠯᠪᠣᠭ᠎ᠠ᠂ ᠲᠤᠭ᠎ᠠ ᠪᠦᠷᠢᠳᠬᠡᠯ᠂ ᠬᠥᠳᠡᠯᠮᠦᠷᠢ ᠠᠵᠢᠯ ᠣᠯᠭᠤᠯᠲᠠ᠂ ᠨᠡᠶᠢᠭᠡᠮ ᠤᠨ | ᠪᠠᠲᠤᠯᠠᠭ᠎ᠠ᠂ ᠨᠡᠶᠢᠭᠡᠮ ᠤᠨ ᠪᠦᠯᠬᠦᠮ ᠵᠡᠷᠭᠡ ᠨᠡᠶᠢᠭᠡᠮ ᠤᠨ ᠬᠡᠷᠡᠭ ᠶᠠᠪᠤᠳᠠᠯ ᠤᠨ ᠴᠢᠨᠠᠷᠲᠠᠶ ᠠᠵᠢᠯ ᠢ ᠬᠠᠷᠢᠭᠤᠴᠠᠨ᠎ᠠ᠃ | ︵ᠲᠠᠪᠤ︶ ᠠᠮᠤᠷ ᠲᠦᠪᠰᠢᠨ ᠤ ᠪᠠᠶᠢᠭᠤᠯᠤᠯᠲᠠ ᠶᠢᠨ ᠠᠯᠪᠠᠨ ᠭᠡᠷ᠃ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬᠢᠳᠠᠯ ᠰᠤᠷᠪᠤᠯᠵᠢᠯᠠᠭ᠎ᠠ ᠶᠢᠨ | ᠲᠣᠭᠲᠠᠭᠤᠨ ᠪᠠᠶᠢᠳᠠᠯ ᠢ ᠬᠠᠮᠠᠭᠠᠯᠠᠬᠤ ᠪᠠ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠢ ᠬᠠᠷᠢᠭᠤᠴᠠᠨ᠎ᠠ︔ ᠬᠠᠤᠯᠢ ᠪᠠᠷ ᠵᠠᠰᠠᠬᠤ ᠵᠠᠰᠠᠭ ᠤᠨ | ᠣᠷᠳᠣᠨ ᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠵᠢᠯ ᠢ ᠬᠠᠷᠢᠭᠤᠴᠠᠨ᠎ᠠ︔ ᠲᠣᠣᠷᠵᠢᠭᠤᠯᠬᠤ ᠠᠵᠢᠯ ᠢ ᠬᠠᠷᠢᠭᠤᠴᠠᠨ᠎ᠠ᠃ | ︵ᠵᠢᠷᠭᠤᠭ᠎ᠠ︶ ᠬᠤᠲᠠ ᠶᠢᠨ ᠬᠠᠮᠢᠶᠠᠷᠤᠯᠲᠠ ᠶᠢᠨ ᠠᠯᠪᠠᠨ ᠭᠡᠷ᠃ ᠬᠠᠷᠢᠶ᠎ᠠ ᠣᠷᠣᠨ ᠤ ᠭᠠᠴᠠᠭᠠᠨ ᠤ ᠳᠦᠷᠰᠦ ᠪᠠᠶᠢᠳᠠᠯ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ᠂ ᠵᠢᠵᠢᠭ ᠲᠣᠭᠤᠷᠢᠭ ᠤᠨ ᠠᠳᠠᠯ ᠠᠬᠤᠶ᠂ ᠣᠯᠠᠨ ᠨᠡᠶᠢᠲᠡ ᠶᠢᠨ ᠲᠦᠬᠦᠭᠡᠷᠦᠮᠵᠢ ᠶᠢᠨ ᠬᠠᠮᠢᠶᠠᠷᠤᠯᠲᠠ ᠵᠡᠷᠭᠡ ᠠᠵᠢᠯ ᠢ ᠬᠠᠮᠵᠢᠨ ᠰᠠᠶᠢᠲᠤᠷ ᠬᠢᠨ᠎ᠡ︔ ᠪᠤᠶᠢᠷ | ᠰᠤᠮᠤᠨ ᠤ ᠵᠣᠬᠢᠶᠠᠨ ᠪᠠᠶᠢᠭᠤᠯᠤᠨ ᠶᠠᠪᠤᠭᠳᠠᠭᠤᠯᠵᠤ ᠪᠠᠶᠢᠭ᠎ᠠ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠲᠥᠰᠦᠪ ᠢ ᠬᠢᠨᠠᠬᠤ᠂ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠵᠡᠷᠭᠡ ᠠᠵᠢᠯ ᠢ ᠬᠠᠷᠢᠭᠤᠴᠠᠨ᠎ᠠ︔ ᠬᠠᠷᠢᠶ᠎ᠠ ᠣᠷᠣᠨ ᠤ ᠪᠠᠨ ᠳᠣᠲᠣᠷᠠᠬᠢ ᠦᠶᠡᠷ ᠢ ᠰᠡᠷᠭᠡᠶᠢᠯᠡᠵᠦ ᠭᠠᠩ ᠲᠠᠢ ᠲᠡᠮᠡᠴᠡᠬᠦ ᠠᠵᠢᠯ ᠢ | ᠬᠠᠷᠢᠭᠤᠴᠠᠨ᠎ᠠ︔ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠠᠮᠢᠲᠠᠨ ᠤ ᠬᠢᠵᠢᠭ ᠰᠡᠷᠭᠡᠶᠢᠯᠡᠬᠦ ᠵᠡᠷᠭᠡ ᠬᠠᠮᠢᠶ᠎ᠠ ᠪᠦᠬᠦᠢ ᠠᠵᠢᠯ ᠢ ᠶᠡᠷᠦᠩᠬᠡᠶᠢᠯᠡᠨ ᠵᠣᠬᠢᠴᠠᠭᠤᠯᠬᠤ ᠶᠢ | ᠬᠠᠷᠢᠭᠤᠴᠠᠨ᠎ᠠ᠃ | ︵ᠳᠣᠯᠤᠭ᠎ᠠ︶ ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠶᠢᠷ ᠰᠤᠮᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠵᠡᠷᠭᠡ ᠪᠠᠶᠢᠭᠤᠯᠤᠮᠵᠢ ᠶᠢ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ ᠪᠠᠶᠢᠷᠢᠯᠠᠭᠤᠯᠬᠤ ᠶᠢᠨ ᠬᠠᠮᠲᠤ | ᠡᠭᠦᠷᠭᠡ ᠬᠠᠷᠢᠭᠤᠴᠠᠯᠭ᠎ᠠ ᠪᠠᠨ ᠭᠦᠶᠴᠡᠳᠬᠡᠨ᠎ᠡ᠃ | ᠭᠤᠷᠪᠠ᠂ ᠬᠠᠷᠢᠶ᠎ᠠ ᠪᠠᠶᠢᠭᠤᠯᠤᠮᠵᠢ | ︵ᠨᠢᠭᠡ︶ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ | 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠶᠢᠷ ᠰᠤᠮᠤ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ︵ᠠᠷᠠᠳ ᠲᠤ ᠲᠥᠬᠦᠮ | ᠦᠵᠡᠭᠦᠯᠬᠦ ᠦᠶᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ | ᠭᠠᠵᠠᠷ ᠤᠨ ᠫᠠᠶᠢᠰᠠ ᠶᠢ ᠡᠯᠭᠦᠨ᠎ᠡ︶ ᠪᠣᠯ ᠪᠣᠶᠢᠷ ᠰᠤᠮᠤ ᠳᠤ ᠬᠠᠷᠢᠶᠠᠯᠠᠭᠳᠠᠬᠤ ᠳᠡᠳ᠋ ᠰᠠᠯᠠᠭᠠᠨ ᠲᠠᠰ ᠤᠨ ᠠᠵᠢᠯ ᠦᠶᠯᠡᠰ ᠤᠨ ᠨᠢᠭᠡᠴᠡ ᠲᠠᠢ ᠲᠡᠩᠴᠡᠨ᠎ᠡ᠃ | 2. ᠡᠭᠦᠷᠭᠡ ᠬᠠᠷᠢᠭᠤᠴᠠᠯᠭ᠎ᠠ | ︵1︶ ᠨᠠᠮ ᠤᠨ ᠭᠡᠰᠢᠭᠦᠨ ᠣᠯᠠᠨ ᠲᠦᠮᠡᠨ ᠳᠤ ᠦᠶᠯᠡᠴᠢᠯᠡᠬᠦ ᠲᠥᠷᠥᠯ ᠵᠦᠶᠯ ᠤᠨ ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠶᠢ | ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠢ ᠬᠠᠩᠭᠠᠨ᠎ᠠ᠃ | ︵2︶ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠨ ᠲᠠᠢ ᠬᠠᠷᠢᠯᠴᠠᠬᠤ᠂ ᠲᠡᠭᠦᠨ ᠳᠤ ᠦᠢᠯᠡᠴᠢᠯᠡᠬᠦ ᠶᠢ ᠬᠠᠷᠢᠭᠤᠴᠠᠨ᠎ᠠ᠃ | ︵3︶ ᠨᠠᠮ ᠤᠨ ᠭᠡᠰᠢᠭᠦᠨ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠤ ᠦᠶᠯᠡᠴᠢᠯᠡᠬᠦ ᠴᠢᠳᠠᠮᠵᠢ ᠶᠢᠨ ᠲᠥᠯᠥᠪᠵᠢᠭᠦᠯᠭᠡ᠂ | ᠬᠠᠮᠢᠶᠠᠷᠤᠯᠲᠠ ᠪᠠ ᠬᠠᠮᠠᠭᠠᠯᠠᠯᠲᠠ ᠶᠢ ᠬᠠᠷᠢᠭᠤᠴᠠᠨ᠎ᠠ᠃ | ︵4︶ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ᠃ | ︵5︶ ᠬᠥᠳᠡᠯᠮᠦᠷᠢ ᠶᠢᠨ ᠪᠠᠲᠤᠯᠠᠭ᠎ᠠ ᠶᠢᠨ ᠬᠤᠯᠪᠣᠭᠳᠠᠯ ᠪᠦᠬᠦᠢ ᠠᠵᠢᠯ ᠢ ᠬᠠᠷᠢᠭᠤᠴᠠᠨ᠎ᠠ᠃ | ︵6︶ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ ᠦᠶᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ | ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠭᠥᠯᠢᠶᠡᠨ ᠠᠪᠬᠤ᠂ ᠡᠷᠬᠡ ᠠᠰᠢᠭ ᠢ ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ᠃ | ︵7︶ ᠴᠡᠷᠢᠭ ᠢ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠵᠡᠷᠭᠡ ᠠᠵᠢᠯ ᠢ ᠬᠠᠷᠢᠭᠤᠴᠠᠨ᠎ᠠ᠃ | ︵8︶ ᠰᠣᠶᠣᠯ ᠪᠡᠶ᠎ᠡ ᠶᠢᠨ ᠲᠠᠮᠢᠷ ᠤᠨ ᠬᠠᠮᠢᠶ᠎ᠠ ᠪᠦᠬᠦᠢ ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ︔ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠶᠯᠡᠳᠦᠯᠭᠡ ᠪᠠ ᠰᠠᠶᠢᠨ ᠳᠤᠷ᠎ᠠ ᠶᠢᠨ ᠦᠶᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ | ︵9︶ ᠡᠳ᠋ ᠤᠨ ᠵᠠᠰᠠᠭ ᠤᠨ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠠᠵᠢᠯ ᠢ ᠬᠠᠷᠢᠭᠤᠴᠠᠨ᠎ᠠ᠃ | ︵10︶ ᠪᠣᠶᠢᠷ ᠰᠤᠮᠤ ᠶᠢᠨ ᠨᠠᠮ ᠤᠨ ᠬᠤᠷᠢᠶᠠᠨ ᠤ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | 3. ᠳᠣᠲᠣᠭᠠᠳᠤ ᠪᠠᠶᠢᠭᠤᠯᠤᠮᠵᠢ | ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠶᠢᠷ ᠰᠤᠮᠤ ᠶᠢᠨ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ︵ᠠᠷᠠᠳ ᠲᠤ ᠲᠥᠬᠦᠮ | ᠦᠵᠡᠭᠦᠯᠬᠦ ᠦᠶᠯᠡᠴᠢᠯᠡᠭᠡᠨ ᠤ ᠲᠥᠪ᠂ ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠥᠷᠲᠡᠭᠡ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ | ᠭᠠᠵᠠᠷ ᠤᠨ ᠫᠠᠶᠢᠰᠠ ᠡᠯᠭᠦᠨ᠎ᠡ︶ ᠤᠨ ᠳᠣᠲᠣᠭᠠᠳᠤ ᠳᠤ 4 ᠲᠠᠰᠤᠭ ᠭᠠᠷᠭᠠᠵᠤ᠂ ᠴᠥᠮ ᠲᠠᠰᠤᠭ ᠤᠨ ᠲᠠᠰ ᠪᠣᠯᠭᠠᠪᠠ᠃ | ︵1︶ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠠᠰᠤᠭ᠄ ᠨᠠᠮ ᠤᠨ ᠭᠡᠰᠢᠭᠦᠨ ᠣᠯᠠᠨ ᠲᠦᠮᠡᠨ ᠤ ᠦᠶᠯᠡᠴᠢᠯᠡᠭᠡᠨ ᠤ ᠲᠥᠷᠥᠯ ᠵᠦᠶᠯ ᠤᠨ | ᠪᠦᠬᠦᠯᠢ ᠴᠣᠭᠴᠠ ᠶᠢᠨ ᠪᠠᠶᠢᠷᠢᠯᠠᠭᠤᠯᠤᠯᠲᠠ ᠪᠠ ᠲᠣᠬᠢᠷᠠᠭᠤᠯᠤᠯᠲᠠ ᠶᠢ ᠬᠠᠷᠢᠭᠤᠴᠠᠵᠤ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠶᠡᠷᠦᠩᠬᠡᠶᠢᠯᠡᠭᠰᠡᠨ ᠴᠢᠨᠠᠷᠲᠠᠶ | ᠦᠶᠯᠡᠴᠢᠯᠡᠭᠡᠨ ᠤ ᠲᠤᠯᠭᠠᠭᠤᠷᠢᠯᠠᠬᠤ ᠲᠠᠪᠴᠠᠩ ᠬᠠᠩᠭᠠᠨ᠎ᠠ︔ ᠬᠠᠷᠢᠶ᠎ᠠ ᠣᠷᠣᠨ ᠤ ᠨᠠᠮ ᠤᠨ ᠭᠡᠰᠢᠭᠦᠨ ᠲᠠᠢ ᠬᠠᠷᠢᠯᠴᠠᠵᠤ ᠦᠶᠯᠡᠴᠢᠯᠡᠬᠦ ᠶᠢ ᠬᠠᠷᠢᠭᠤᠴᠠᠨ᠎ᠠ︔ ᠨᠠᠮ | ᠤᠨ ᠭᠡᠰᠢᠭᠦᠨ ᠪᠠ ᠣᠯᠠᠨ ᠲᠦᠮᠡᠨ ᠤ ᠡᠯ᠎ᠡ ᠲᠥᠷᠥᠯ ᠤᠨ ᠠᠵᠢᠯᠯᠠᠭᠠᠨ ᠤ ᠲᠠᠯᠠᠪᠤᠷ ᠲᠠᠬᠢ ᠦᠶᠯᠡᠴᠢᠯᠡᠬᠦ ᠴᠢᠳᠠᠮᠵᠢ ᠶᠢᠨ ᠲᠥᠯᠥᠪᠵᠢᠭᠦᠯᠭᠡ᠂ ᠬᠠᠮᠢᠶᠠᠷᠤᠯᠲᠠ ᠪᠠ | ᠬᠠᠮᠠᠭᠠᠯᠠᠯᠲᠠ ᠶᠢ ᠬᠠᠷᠢᠭᠤᠴᠠᠨ᠎ᠠ᠃ | ︵2︶ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠲᠠᠰᠤᠭ᠄ ᠶᠡᠷᠦᠩᠬᠡᠶᠢᠯᠡᠭᠰᠡᠨ ᠬᠢᠨᠠᠨ ᠵᠥᠪᠰᠢᠶᠡᠷᠡᠬᠦ ᠠᠷᠠᠳ ᠲᠤ ᠲᠥᠬᠦᠮ ᠦᠵᠡᠭᠦᠯᠬᠦ | ᠦᠶᠯᠡᠴᠢᠯᠡᠭᠡᠨ ᠤ ᠠᠵᠢᠯ ᠢ ᠬᠠᠷᠢᠭᠤᠴᠠᠨ᠎ᠠ᠃ | ︵3︶ ᠴᠡᠷᠢᠭ ᠤᠨ ᠠᠯᠪᠠᠨ ᠠᠴᠠ ᠪᠠᠭᠤᠭᠰᠠᠳ ᠤᠨ ᠦᠢᠯᠡᠴᠢᠯᠡᠭᠡᠨ ᠤ ᠲᠠᠰᠤᠭ᠄ ᠴᠡᠷᠢᠭ ᠤᠨ ᠠᠯᠪᠠᠨ ᠠᠴᠠ ᠪᠠᠭᠤᠭᠰᠠᠳ ᠤᠨ ᠠᠵᠢᠯ ᠣᠯᠵᠤ ᠠᠳᠠᠯ | ᠦᠢᠯᠡᠰ ᠴᠣᠭᠴᠠᠯᠠᠬᠤ ᠶᠢ ᠲᠡᠳᠬᠦᠬᠦ᠂ ᠬᠠᠷᠠᠭᠠᠯᠵᠠᠨ ᠲᠡᠳᠬᠦᠬᠦ᠂ ᠰᠤᠷᠪᠤᠯᠵᠢᠯᠠᠨ ᠲᠣᠬᠤᠨᠢᠭᠤᠯᠬᠤ᠂ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠡᠷᠬᠡ ᠠᠰᠢᠭ ᠢ | ᠪᠠᠲᠤᠯᠠᠬᠤ ᠵᠡᠷᠭᠡ ᠠᠵᠢᠯ ᠶᠠᠪᠤᠳᠠᠯ ᠤᠨ ᠴᠢᠨᠠᠷᠲᠠᠶ ᠠᠵᠢᠯ ᠢ ᠡᠭᠦᠷᠭᠡᠯᠡᠨ᠎ᠡ︔ ᠴᠡᠷᠢᠭ ᠢ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠵᠡᠷᠭᠡ ᠠᠵᠢᠯ ᠢ | ᠬᠠᠷᠢᠭᠤᠴᠠᠨ᠎ᠠ᠃ | ︵4︶ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠶᠢᠨ ᠲᠠᠰᠤᠭ᠄ ᠰᠤᠮᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶᠯᠡᠳᠦᠯᠭᠡ ᠪᠠ ᠰᠠᠶᠢᠨ | ᠳᠤᠷ᠎ᠠ ᠶᠢᠨ ᠦᠶᠯᠡᠴᠢᠯᠡᠭᠡᠨ ᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠬᠤᠶᠠᠷ︶ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ | 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠶᠢᠷ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠪᠣᠯ ᠪᠣᠶᠢᠷ ᠰᠤᠮᠤ | ᠶᠢᠨ ᠵᠠᠰᠠᠭ ᠤᠨ ᠣᠷᠳᠣᠨ ᠤ ᠳᠡᠳ᠋ ᠰᠠᠯᠠᠭᠠᠨ ᠲᠠᠰ ᠲᠠᠢ ᠲᠡᠩᠴᠡᠬᠦ ᠠᠵᠢᠯ ᠦᠶᠯᠡᠰ ᠤᠨ ᠨᠢᠭᠡᠴᠡ ᠪᠣᠯᠤᠨ᠎ᠠ᠃ | 2. ᠡᠭᠦᠷᠭᠡ ᠬᠠᠷᠢᠭᠤᠴᠠᠯᠭ᠎ᠠ | ︵1︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ | ᠦᠨᠳᠦᠰᠦᠯᠡᠨ᠂ ᠰᠤᠮᠤᠨ ᠤ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ︔ ᠬᠤᠰᠢᠭᠤᠨ ᠤ ᠰᠢᠭᠤᠳ | ᠬᠠᠷᠢᠶ᠎ᠠ ᠰᠠᠯᠠᠭ᠎ᠠ ᠮᠥᠴᠢᠷ ᠤᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠨᠠᠶᠢᠳᠠᠭᠰᠠᠨ ᠰᠠᠯᠠᠭ᠎ᠠ ᠮᠥᠴᠢᠷ ᠤᠨ ᠨᠡᠷ᠎ᠡ ᠪᠠᠷ | ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ | ︵2︶ ᠬᠤᠲᠠ ᠶᠢᠨ ᠬᠠᠮᠢᠶᠠᠷᠤᠯᠲᠠ ᠶᠢᠨ ᠬᠦᠷᠢᠶ᠎ᠡ ᠬᠡᠪᠴᠢᠶᠡᠨ ᠳᠠᠬᠢ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠠᠯ᠎ᠠ ᠪᠠᠷ᠂ ᠪᠣᠶᠢᠷ ᠰᠤᠮᠤ | ᠠᠴᠠ ᠪᠤᠰᠤᠳ ᠬᠠᠷᠢᠶᠠᠲᠤ ᠣᠷᠣᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠬᠡᠷᠡᠭᠵᠢᠭᠦᠯᠦᠨ᠎ᠡ᠃ | ︵3︶ ᠪᠣᠶᠢᠷ ᠰᠤᠮᠤ ᠶᠢᠨ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ | 3. ᠳᠣᠲᠣᠭᠠᠳᠤ ᠪᠠᠶᠢᠭᠤᠯᠤᠮᠵᠢ | ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠶᠢᠷ ᠰᠤᠮᠤ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠳᠤ 2 ᠲᠠᠰᠤᠭ | ᠭᠠᠷᠭᠠᠪᠠ᠂ ᠡᠲᠡᠭᠡᠷ ᠨᠢ ᠴᠥᠮ ᠲᠠᠰᠤᠭ ᠤᠨ ᠲᠠᠰ ᠪᠣᠯᠤᠨ᠎ᠠ᠃ | ︵1︶ ᠠᠯᠪᠠᠨ ᠭᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠵᠠᠰᠠᠭ ᠤᠨ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠵᠤ᠂ ᠬᠤᠷᠠᠯ ᠢ ᠵᠣᠬᠢᠶᠠᠨ ᠪᠠᠶᠢᠭᠤᠯᠬᠤ᠂ | ᠶᠡᠷᠦᠩᠬᠡᠶᠢᠯᠡᠭᠰᠡᠨ ᠮᠠᠲ᠋ᠧᠷᠢᠶᠠᠯ ᠲᠤᠭᠤᠷᠪᠢᠬᠤ᠂ ᠮᠡᠳᠡᠭᠡ ᠵᠠᠩᠭᠢ ᠴᠤᠭᠯᠠᠭᠤᠯᠬᠤ᠂ ᠮᠡᠳᠡᠭᠦᠯᠦᠨ ᠬᠦᠷᠭᠡᠬᠦ ᠵᠢᠴᠢ ᠨᠠᠷᠢᠨ ᠪᠢᠴᠢᠭ᠂ ᠳᠠᠩᠰᠠ ᠡᠪᠬᠡᠮᠡᠯ ᠤᠨ ᠡᠳ᠋ ᠤᠨ | ᠶᠠᠪᠤᠳᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠢ ᠬᠠᠷᠢᠭᠤᠴᠠᠨ᠎ᠠ᠃ | ︵2︶ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠠᠰᠤᠭ᠄ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠣᠯᠭᠤᠭᠰᠠᠨ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ ᠰᠤᠮᠤᠨ ᠤ ᠵᠠᠰᠠᠭ ᠤᠨ ᠣᠷᠳᠣᠨ ᠤ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ | ᠥᠷᠨᠢᠭᠦᠯᠦᠨ᠎ᠡ︔ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠨᠠᠶᠢᠳᠠᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠡᠷᠬᠡ ᠶᠢ ᠦᠨᠳᠦᠰᠦᠯᠡᠨ᠂ | ᠨᠠᠶᠢᠳᠠᠭᠰᠠᠨ ᠰᠠᠯᠠᠭ᠎ᠠ ᠮᠥᠴᠢᠷ ᠤᠨ ᠨᠡᠷ᠎ᠡ ᠪᠠᠷ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠢ ᠥᠷᠨᠢᠭᠦᠯᠦᠨ᠎ᠡ᠃ | ︵3︶ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ | 1. ᠪᠠᠶᠢᠭᠤᠯᠤᠮᠵᠢ ᠶᠢᠨ ᠪᠠᠶᠢᠷᠢᠯᠠᠭᠤᠯᠤᠯᠲᠠ | ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠶᠢᠷ ᠰᠤᠮᠤ ᠶᠢᠨ ᠶᠡᠷᠦᠩᠬᠡᠶᠢᠯᠡᠭᠰᠡᠨ ᠪᠠᠲᠤᠯᠠᠭ᠎ᠠ ᠪᠠ ᠮᠡᠷᠭᠡᠵᠢᠯ ᠳᠡᠯᠭᠡᠷᠡᠭᠦᠯᠬᠦ ᠲᠥᠪ ᠪᠣᠯ ᠪᠣᠶᠢᠷ ᠰᠤᠮᠤ ᠶᠢᠨ | ᠵᠠᠰᠠᠭ ᠤᠨ ᠣᠷᠳᠣᠨ ᠤ ᠳᠡᠳ᠋ ᠰᠠᠯᠠᠭᠠᠨ ᠲᠠᠰ ᠲᠠᠢ ᠲᠡᠩᠴᠡᠬᠦ ᠠᠵᠢᠯ ᠦᠶᠯᠡᠰ ᠤᠨ ᠨᠢᠭᠡᠴᠡ ᠪᠣᠯᠤᠨ᠎ᠠ᠃ | 2. ᠡᠭᠦᠷᠭᠡ ᠬᠠᠷᠢᠭᠤᠴᠠᠯᠭ᠎ᠠ | ︵1︶ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶᠡᠨ ᠳᠠᠬᠢ ᠮᠡᠷᠭᠡᠵᠢᠯ ᠢ ᠣᠷᠣᠭᠤᠯᠬᠤ ᠪᠠ ᠳᠡᠯᠭᠡᠷᠡᠭᠦᠯᠬᠦ ᠠᠵᠢᠯ ᠢ ᠬᠠᠷᠢᠭᠤᠴᠠᠨ᠎ᠠ᠃ | | ︵2︶ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ᠃ | ︵3︶ ᠮᠠᠯᠴᠢᠨ ᠲᠠᠷᠢᠶᠠᠴᠢᠳ ᠲᠤ ᠠᠵᠤ ᠦᠶᠯᠡᠰ ᠤᠨ ᠮᠡᠳᠡᠭᠡ ᠵᠠᠩᠭᠢ ᠶᠢᠨ ᠦᠶᠯᠡᠴᠢᠯᠡᠭᠡ ᠬᠠᠩᠭᠠᠬᠤ ᠠᠵᠢᠯ ᠢ ᠬᠠᠷᠢᠭᠤᠴᠠᠨ᠎ᠠ᠃ | ︵4︶ ᠲᠤᠰᠬᠠᠶ ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠬᠢᠵᠢᠭ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ | ᠵᠡᠷᠭᠡ ᠠᠵᠢᠯ ᠢ ᠬᠠᠷᠢᠭᠤᠴᠠᠨ᠎ᠠ᠃ | ︵5︶ ᠬᠠᠷᠢᠶ᠎ᠠ ᠣᠷᠣᠨ ᠤ ᠪᠠᠨ ᠳᠣᠲᠣᠷᠠᠬᠢ ᠦᠶᠡᠷ ᠢ ᠰᠡᠷᠭᠡᠶᠢᠯᠡᠨ ᠭᠠᠩ ᠢ ᠡᠰᠡᠷᠭᠦᠴᠡᠬᠦ᠂ ᠭᠤᠣᠯ ᠢ ᠬᠠᠮᠢᠶᠠᠷᠬᠤ ᠳᠠᠷᠤᠭ᠎ᠠ ᠶᠢᠨ ᠳᠦᠷᠢᠮ ᠤᠨ ᠠᠵᠢᠯ ᠢ | ᠬᠠᠷᠢᠭᠤᠴᠠᠨ᠎ᠠ᠃ | ︵6︶ ᠰᠤᠮᠤᠨ ᠤ ᠵᠠᠰᠠᠭ ᠤᠨ ᠣᠷᠳᠣᠨ ᠠᠴᠠ ᠲᠤᠰᠢᠶᠠᠭᠰᠠᠨ ᠪᠤᠰᠤᠳ ᠠᠵᠢᠯ ᠢ ᠭᠦᠢᠴᠡᠳᠬᠡᠨ᠎ᠡ᠃ | 3. ᠳᠣᠲᠣᠭᠠᠳᠤ ᠪᠠᠶᠢᠭᠤᠯᠤᠮᠵᠢ | ︵1︶ ᠠᠯᠪᠠᠨ ᠭᠡᠷ᠄ ᠪᠠᠶᠢᠭᠤᠯᠭ᠎ᠠ ᠶᠢᠨ ᠡᠳᠦᠷ ᠲᠤᠲᠤᠮ ᠤᠨ ᠵᠠᠰᠠᠭ ᠤᠨ ᠶᠠᠪᠤᠳᠠᠯ ᠤᠨ ᠴᠢᠨᠠᠷᠲᠠᠢ ᠠᠵᠢᠯ ᠢ ᠬᠠᠷᠢᠭᠤᠴᠠᠵᠤ᠂ ᠬᠤᠷᠠᠯ ᠢ ᠵᠣᠬᠢᠶᠠᠨ ᠪᠠᠶᠢᠭᠤᠯᠬᠤ᠂ | ᠶᠡᠷᠦᠩᠬᠡᠶᠢᠯᠡᠭᠰᠡᠨ ᠮᠠᠲ᠋ᠧᠷᠢᠶᠠᠯ ᠲᠤᠭᠤᠷᠪᠢᠬᠤ᠂ ᠮᠡᠳᠡᠭᠡ ᠵᠠᠩᠭᠢ ᠴᠤᠭᠯᠠᠭᠤᠯᠬᠤ᠂ ᠮᠡᠳᠡᠭᠦᠯᠦᠨ ᠬᠦᠷᠭᠡᠬᠦ ᠵᠢᠴᠢ ᠨᠠᠷᠢᠨ ᠪᠢᠴᠢᠭ᠂ ᠳᠠᠩᠰᠠ ᠡᠪᠬᠡᠮᠡᠯ ᠤᠨ ᠡᠳ᠋ ᠤᠨ | ᠶᠠᠪᠤᠳᠠᠯ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠤᠷᠪᠤᠯᠵᠢᠯᠠᠭ᠎ᠠ ᠵᠡᠷᠭᠡ ᠠᠵᠢᠯ ᠢ ᠬᠠᠷᠢᠭᠤᠴᠠᠨ᠎ᠠ᠃ | ︵2︶ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠠᠰᠤᠭ᠄ ᠲᠤᠰᠬᠠᠶ ᠮᠡᠷᠭᠡᠵᠢᠯ ᠤᠨ ᠪᠣᠯᠪᠠᠰᠤᠷᠠᠯ᠂ ᠡᠪᠡᠳᠴᠢᠨ ᠬᠢᠵᠢᠭ ᠬᠤᠷᠣᠬᠠᠶ ᠶᠢᠨ ᠬᠥᠨᠥᠭᠡᠯ ᠢ ᠰᠡᠷᠭᠡᠶᠢᠯᠡᠨ | ᠵᠠᠰᠠᠬᠤ᠂ ᠠᠮᠢᠲᠠᠨ ᠤ ᠬᠢᠵᠢᠭ ᠢ ᠰᠡᠷᠭᠡᠶᠢᠯᠡᠬᠦ ᠵᠡᠷᠭᠡ ᠠᠵᠢᠯ ᠢ ᠬᠠᠷᠢᠭᠤᠴᠠᠨ᠎ᠠ︔ ᠮᠠᠯᠴᠢᠨ ᠲᠠᠷᠢᠶᠠᠴᠢᠳ ᠲᠤ ᠠᠵᠤ ᠦᠢᠯᠡᠰ ᠤᠨ ᠮᠡᠳᠡᠭᠡ ᠵᠠᠩᠭᠢ ᠶᠢᠨ ᠦᠢᠯᠡᠴᠢᠯᠡᠭᠡ | ᠬᠠᠩᠭᠠᠬᠤ ᠠᠵᠢᠯ ᠢ ᠬᠠᠷᠢᠭᠤᠴᠠᠨ᠎ᠠ᠃ | ︵3︶ ᠮᠡᠷᠭᠡᠵᠢᠯ ᠳᠡᠯᠭᠡᠷᠡᠭᠦᠯᠬᠦ ᠲᠠᠰᠤᠭ᠄ ᠲᠠᠷᠢᠶᠠᠯᠠᠩ᠂ ᠣᠢ ᠰᠢᠭᠤᠢ᠂ ᠮᠠᠯ ᠠᠵᠤ ᠠᠬᠤᠢ᠂ ᠤᠰᠤ ᠵᠡᠷᠭᠡ ᠬᠦᠷᠢᠶ᠎ᠡ ᠬᠡᠪᠴᠢᠶᠡᠨ ᠤ ᠮᠡᠷᠭᠡᠵᠢᠯ ᠢ ᠣᠷᠣᠭᠤᠯᠬᠤ ᠪᠠ | ᠳᠡᠯᠭᠡᠷᠡᠭᠦᠯᠬᠦ ᠠᠵᠢᠯ ᠢ ᠬᠠᠷᠢᠭᠤᠴᠠᠨ᠎ᠠ︔ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠬᠠᠷᠢᠭᠤᠴᠠᠨ᠎ᠠ᠃ | | | ᠬᠠᠶ᠋ᠢᠭ᠄ ᠰᠢᠨ᠎ᠡ ᠪᠠᠷᠭᠤ ᠪᠠᠷᠠᠭᠤᠨ ᠬᠤᠰᠢᠭᠤᠨ ᠤ ᠪᠤᠶᠢᠷ ᠰᠣᠮᠣ ᠶᠢᠨ ᠠᠷᠠᠳ ᠤᠨ ᠵᠠᠰᠠᠭ ᠤᠨ ᠣᠷᠳᠣᠨ | ᠰᠢᠤᠳᠠᠨ ᠨᠣᠮᠧᠷ᠄ 021300 | ᠤᠲᠠᠰᠤ᠄ 0470-6401045 | ᠠᠵᠢᠯᠯᠠᠬᠤ ᠴᠠᠭ᠄ 9᠄ 00 - 12᠄ 00᠂ 14᠄ 30 - 17᠄ 30 ︵ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠴᠠ ᠭᠠᠳᠠᠨ᠎ᠠ︶ | | | |