ᠣᠳᠣᠬᠠᠨ ᠳᠤ᠂ ᠬᠤᠶᠠᠷ ᠬᠡᠮᠵᠢᠯᠳᠦ ᠺᠣᠳ᠋ ᠢ ᠰᠢᠷᠪᠢᠬᠦ ᠪᠠᠷ ᠳᠡᠮᠵᠢᠨ ᠵᠣᠭᠤᠰ ᠳᠥᠯᠥᠬᠦ᠂ ᠲᠠᠩᠰᠠ | ᠰᠢᠯᠵᠢᠭᠦᠯᠬᠦ ᠨᠢ ᠪᠠᠷᠤᠭ ᠶᠡᠬᠡᠩᠬᠢ ᠲᠣᠭᠠᠴᠠᠭ᠎ᠠ ᠬᠢᠬᠦ ᠶᠠᠪᠤᠳᠠᠯ ᠢ ᠬᠠᠮᠤᠷᠴᠠᠢ᠃ ᠭᠡᠲᠡᠯ᠎ᠡ ᠵᠠᠷᠢᠮ ᠳᠠᠭᠠᠨ ᠪᠣᠯᠭᠤᠮᠵᠢ | ᠦᠭᠡᠢ ᠪᠠᠷ ᠪᠤᠷᠤᠭᠤ ᠬᠤᠶᠠᠷ ᠬᠡᠮᠵᠢᠯᠳᠦ ᠺᠣᠳ᠋ ᠢ ᠰᠢᠷᠪᠢᠵᠦ᠂ ᠲᠠᠨᠢᠯ ᠪᠤᠰᠤ ᠬᠥᠮᠦᠨ ᠳᠤ ᠵᠣᠭᠤᠰ ᠰᠢᠯᠵᠢᠭᠦᠯᠦᠨ | ᠥᠭᠭᠦ ᠳᠤ ᠬᠦᠷᠪᠡᠯ᠂ ᠶᠠᠭᠠᠬᠢᠵᠦ ᠵᠤᠭᠤᠰ ᠢᠶᠠᠨ ᠪᠤᠴᠠᠭᠠᠨ ᠠᠪᠴᠢᠷᠠᠪᠡᠯ ᠵᠣᠬᠢᠬᠤ ᠪᠤᠢ︖ | ᠬᠡᠷᠡᠭ ᠤᠨ ᠪᠠᠶᠢᠳᠠᠯ ᠤᠨ ᠡᠷᠭᠢᠴᠡᠭᠦᠯᠦᠯ | 2021 ᠣᠨ ᠤ ᠡᠬᠢ ᠪᠠᠷ᠂ ᠸᠠᠩ ᠣᠪᠣᠭᠲᠤ ᠨᠢᠭᠡᠨ ᠵᠢᠭᠡᠯᠡᠯᠭᠡ ᠶᠢᠨ ᠺᠣᠮᠫᠠᠨᠢ ᠶᠢᠨ ᠲᠠᠪᠴᠠᠩ ᠳᠤ | ᠥᠷᠢᠲᠦᠵᠦ ᠪᠠᠶᠢᠭᠰᠠᠨ 6000 ᠭᠠᠷᠤᠶ ᠲᠥᠭᠦᠷᠢᠭ ᠤᠨ ᠵᠢᠭᠡᠯᠡᠯᠭᠡ ᠪᠠᠨ ᠳᠥᠯᠥᠬᠦ ᠪᠠᠷ ᠺᠣᠮᠫᠠᠨᠢ ᠳᠤ ᠬᠦᠷᠪᠡ᠃ | ᠸᠠᠩ ᠣᠪᠣᠭᠲᠤ ᠵᠢᠭᠡᠯᠡᠯᠭᠡ ᠶᠢᠨ ᠺᠣᠮᠫᠠᠨᠢ ᠶᠢᠨ ᠲᠠᠪᠴᠠᠩ ᠳᠡᠭᠡᠷ᠎ᠡ ᠶᠠᠭᠠᠬᠢᠵᠦ ᠲᠡᠰ ᠲᠠᠷᠠᠭᠠᠯᠠᠯ ᠢ ᠠᠵᠢᠯᠯᠠᠭᠤᠯᠬᠤ ᠶᠢ | ᠰᠠᠶᠢᠨ ᠮᠡᠳᠡᠬᠦ ᠦᠭᠡᠢ ᠪᠣᠯᠬᠤᠷ ᠵᠣᠭᠤᠰ ᠢᠶᠠᠨ ᠵᠢᠭᠡᠯᠡᠯᠭᠡ ᠶᠢᠨ ᠺᠣᠮᠫᠠᠨᠢ ᠶᠢᠨ ᠠᠵᠢᠯᠳᠠᠨ ᠵᠧᠦ ᠣᠪᠣᠭᠲᠤ ᠳᠤ | ᠰᠢᠯᠵᠢᠭᠦᠯᠦᠨ ᠥᠭᠴᠦ ᠲᠡᠭᠦᠨ ᠢᠶᠠᠷ ᠬᠠᠪᠰᠤᠷᠤᠭᠤᠯᠤᠨ ᠵᠣᠭᠤᠰ ᠢᠶᠠᠨ ᠪᠤᠴᠠᠭᠠᠯᠭᠠᠪᠠ᠃ ᠸᠠᠩ ᠣᠪᠣᠭᠲᠤ ᠶᠢᠨ | 6000 ᠭᠠᠷᠤᠶ ᠲᠥᠭᠦᠷᠢᠭ ᠤᠨ ᠰᠢᠯᠵᠢᠭᠦᠯᠦᠭᠰᠡᠨ ᠵᠤᠭᠤᠰ ᠢ ᠤᠯᠤᠬᠰᠠᠨ ᠤ ᠳᠠᠷᠠᠭ᠎ᠠ᠂ ᠵᠧᠤ ᠣᠪᠣᠭᠲᠤ ᠵᠣᠴᠢᠨ | ᠡᠷᠦᠬᠡ ᠶᠢᠨ ᠵᠣᠭᠤᠰ ᠪᠤᠴᠠᠭᠠᠬᠤ ᠬᠤᠶᠠᠷ ᠬᠡᠮᠵᠢᠯᠳᠦ ᠺᠣᠳ᠋ ᠢ ︽ᠳᠠᠳᠮᠠᠭᠠᠶ︾ ᠰᠢᠷᠪᠢᠵᠦ᠂ ᠵᠣᠭᠤᠰ ᠢ | ᠵᠢᠭᠡᠯᠡᠯᠭᠡ ᠶᠢᠨ ᠲᠠᠪᠴᠠᠩ ᠳᠤ ᠰᠢᠯᠵᠢᠭᠦᠯᠦᠨ ᠣᠷᠣᠭᠤᠯᠵᠠᠶ᠃ | ᠭᠡᠲᠡᠯ᠎ᠡ ᠳᠡᠮᠡᠢ ᠤᠳᠠᠭᠰᠠᠨ ᠦᠭᠡᠢ ᠸᠠᠩ ᠣᠪᠣᠭᠲᠤ ᠵᠣᠭᠤᠰ ᠪᠤᠴᠠᠭᠠᠬᠤ ᠰᠢᠰᠲ᠋ᠧᠮ ᠠᠴᠠ ᠥᠪᠡᠷ ᠤᠨ | ᠳᠠᠩᠰᠠᠨ ᠡᠷᠦᠬᠡ ᠳᠤᠨᠢ ᠵᠤᠭᠤᠰ ᠤᠷᠤᠵᠤ ᠢᠷᠡᠭᠰᠡᠨ ᠦᠭᠡᠢ ᠶᠢ ᠣᠯᠵᠤ ᠮᠡᠳᠡᠵᠡᠢ᠃ ᠲᠡᠭᠡᠭᠡᠳ ᠲᠡᠷᠡ ᠬᠤᠶᠠᠭᠤᠯᠠ | ᠨᠠᠷᠢᠨ ᠬᠠᠷᠭᠤᠭᠤᠯᠵᠤ ᠦᠵᠡᠭᠰᠡᠨ ᠤ ᠲᠠᠷᠠᠭ᠎ᠠ᠂ ᠵᠧᠦ ᠣᠪᠣᠭᠲᠤ ᠡᠴᠦᠰ ᠲᠡᠭᠡᠨ ᠬᠤᠶᠠᠷ ᠬᠡᠮᠵᠢᠯᠳᠦ ᠺᠣᠳ᠋ ᠢ ᠪᠤᠷᠤᠭᠤ | ᠰᠢᠷᠪᠢᠭᠡᠳ ᠪᠤᠷᠤᠭᠤ ᠲᠠᠩᠰᠠ ᠰᠢᠯᠵᠢᠭᠦᠯᠦᠭᠰᠡᠨ ᠢᠶᠠᠨ ᠣᠯᠵᠤ ᠮᠡᠳᠡᠵᠡᠢ᠃ | ᠥᠪᠡᠷ ᠤᠨ ᠬᠢᠨᠢ ᠠᠯᠳᠠᠰᠢ ᠠᠴᠠ ᠪᠤᠯᠵᠤ ᠸᠠᠩ ᠣᠪᠣᠭᠲᠤ ᠬᠤᠬᠢᠷᠠᠯ ᠤᠴᠠᠷᠠᠬᠰᠠᠨ ᠪᠤᠯᠬᠤᠷ ᠵᠣᠴᠢᠨ | ᠡᠷᠤᠭᠡ ᠳᠤ ᠤᠴᠢᠷ ᠶᠠᠪᠤᠳᠠᠯ ᠢ ᠤᠶᠢᠯᠠᠭᠠᠭᠤᠯᠬᠤ ᠶᠢᠨ ᠲᠤᠰᠠᠳᠠ᠂ ᠵᠧᠦ ᠣᠪᠣᠭᠲᠤ ᠠᠷᠭ᠎ᠠ ᠪᠤᠰᠤ ᠥᠪᠡᠷ ᠢᠶᠠᠨ | ᠮᠥᠩᠭᠦ ᠭᠠᠷᠭᠠᠵᠤ ᠸᠠᠩ ᠣᠪᠣᠭᠲᠤ ᠶᠢᠨ ᠪᠤᠴᠠᠭᠠᠭᠰᠠᠨ ᠵᠣᠭᠤᠰ ᠢ ᠨᠥᠬᠦᠪᠥᠷᠢᠯᠡᠵᠦ ᠦᠭᠪᠡ᠃ ᠬᠡᠷᠡᠭ ᠤᠨ ᠲᠠᠷᠠᠭ᠎ᠠ᠂ | ᠵᠣᠴᠢᠨ ᠡᠷᠤᠭᠡ ᠯᠢ ᠣᠪᠣᠭᠲᠤ ᠶᠢ ᠯᠠᠪᠲᠠᠢ ᠣᠶᠢᠯᠠᠭᠠᠵᠤ ᠴᠢᠳᠠᠬᠤ ᠪᠥᠭᠡᠳ ᠪᠤᠷᠤᠭᠤ ᠶᠠᠪᠤᠭᠤᠯᠤᠬᠰᠠᠨ ᠵᠣᠭᠤᠰ ᠢ | ᠬᠡᠪ ᠤᠨ ᠶᠣᠰᠣᠭᠠᠷ ᠯᠠᠪᠲᠠᠢ ᠪᠤᠴᠠᠭᠠᠵᠤ ᠦᠭᠦᠨᠠ ᠭᠡᠵᠦ ᠵᠧᠦ ᠣᠪᠣᠭᠲᠤ ᠳᠣᠲᠣᠷ᠎ᠠ ᠪᠠᠨ ᠪᠤᠳᠤᠵᠠᠢ᠃ | ᠭᠡᠲᠡᠯ᠎ᠡ ᠯᠢ ᠣᠪᠣᠭᠲᠤ ᠲᠡᠭᠦᠨ ᠤ ᠰᠠᠨᠠᠭᠠᠨ ᠠᠴᠠ ᠭᠠᠳᠠᠭᠤᠷ ᠡᠯᠳᠡᠪ ᠵᠦᠢᠯ ᠤᠨ ᠰᠢᠯᠲᠠᠭᠠᠨ ᠬᠡᠯᠡᠵᠦ ᠵᠧᠦ | ᠣᠪᠣᠭᠲᠤ ᠶᠢᠨ ᠭᠤᠶᠤᠴᠢᠯᠠᠯ ᠢ ᠲᠡᠪᠴᠢᠵᠦ᠄ ︽ᠮᠢᠨᠦ ᠲᠠᠩᠰᠠᠨ ᠡᠷᠦᠭᠡ ᠳᠤ ᠦᠨᠡᠬᠡᠷ ᠨᠢᠭᠡ ᠪᠦᠯᠦᠭ ᠵᠣᠭᠤᠰ | ᠤᠷᠤᠵᠤ ᠢᠷᠡᠭᠰᠡᠨ ᠢ ᠪᠢ ᠮᠡᠳᠡᠷᠡᠨ᠎ᠡ᠂ ᠭᠡᠪᠡᠴᠦ ᠪᠢ ᠭᠠᠷᠭᠠᠵᠤ ᠠᠪᠤᠭᠰᠠᠨ ᠦᠭᠡᠢ᠃ ᠵᠢᠭᠡᠯᠡᠯᠭᠡ ᠶᠢᠨ ᠲᠠᠪᠴᠠᠩ ᠨᠢ | ᠡᠨᠡ ᠵᠣᠭᠤᠰ ᠢ ᠮᠢᠨᠦ ᠪᠤᠴᠠᠭᠠᠬᠤ ᠵᠣᠭᠤᠰ ᠪᠤᠯᠭᠠᠨ ᠬᠠᠰᠤᠪᠠ᠂ ᠴᠢ ᠵᠢᠭᠡᠯᠡᠯᠭᠡ ᠶᠢᠨ ᠲᠠᠪᠴᠠᠩ ᠢ ᠡᠷᠢᠬᠦ ᠪᠠᠷ ᠤᠴᠢ︾ | ᠬᠡᠮᠡᠨ ᠲᠡᠭᠦᠨ ᠤ ᠵᠤᠭᠤᠰ ᠢ ᠪᠤᠴᠠᠭᠠᠬᠰᠠᠨ ᠦᠭᠡᠢ᠃ | ᠵᠣᠭᠤᠰ ᠪᠤᠴᠠᠭᠠᠯᠭᠠᠬᠤ ᠭᠤᠶᠤᠴᠢᠯᠠᠯ ᠢ ᠨᠢ ᠯᠢ ᠣᠪᠣᠭᠲᠤ ᠤᠳᠠᠭ᠎ᠠ ᠲᠠᠷᠠᠭ᠎ᠠ ᠪᠠᠷ ᠲᠡᠪᠴᠢᠭᠰᠡᠨ ᠪᠣᠯᠬᠤᠷ | ᠵᠧᠦ ᠣᠪᠣᠭᠲᠤ ᠠᠷᠭ᠎ᠠ ᠪᠤᠰᠤ ᠴᠦᠩᠴᠢᠩ ᠬᠤᠳᠠ ᠶᠢᠨ ᠵᠢᠶᠠᠩ ᠶᠢᠨ ᠲᠣᠭᠤᠷᠢᠭ ᠤᠨ ᠠᠷᠠᠳ ᠤᠨ ᠰᠢᠭᠦᠬᠦ | ᠬᠤᠷᠢᠶᠠᠨ ᠳᠤ ᠠᠯᠪᠠᠨ ᠵᠠᠭᠠᠯᠳᠤᠯᠭ᠎ᠠ ᠭᠠᠷᠭᠠᠪᠠ᠃ ︵ᠵᠣᠬᠢᠶᠠᠯ ᠳᠠᠬᠢ ᠲᠤᠬᠠᠶ ᠶᠢᠨ ᠬᠥᠮᠦᠨ ᠤ ᠨᠠᠷᠠ ᠨᠢ ᠴᠥᠮ | ᠨᠢᠭᠤᠴᠠᠯᠠᠭᠰᠠᠨ ᠨᠡᠷ᠎ᠡ ᠪᠤᠯᠤᠨ᠎ᠠ︶᠃ | ᠰᠢᠭᠦᠬᠦ ᠬᠤᠷᠢᠶᠠᠨ ᠤ ᠰᠢᠭᠦᠨ ᠲᠠᠰᠤᠯᠤᠯᠲᠠ | ᠢᠷᠭᠡᠨ ᠤ ᠬᠠᠤᠯᠢ ᠶᠢᠨ ᠪᠢᠴᠢᠭ ᠤᠨ ᠶᠢᠰᠦᠨ ᠵᠠᠭᠤ ᠨᠠᠶᠠᠨ ᠲᠠᠪᠤᠳᠤᠭᠠᠷ ᠵᠦᠢᠯ ᠤᠨ ᠲᠣᠭᠲᠠᠭᠠᠯ ᠢ | ᠦᠨᠳᠦᠰᠦᠯᠡᠪᠡᠯ᠂ ᠠᠰᠢᠭ ᠬᠦᠷᠳᠡᠭᠴᠢ ᠨᠢ ᠬᠠᠤᠯᠢ ᠴᠠᠭᠠᠵᠠ ᠶᠢᠨ ᠦᠨᠳᠦᠰᠦ ᠪᠠᠷᠢᠮᠲᠠ ᠦᠭᠡᠢ ᠪᠠᠷ ᠵᠦᠢ ᠶᠤᠰᠤᠨ ᠤ | ᠪᠤᠰᠤ ᠠᠰᠢᠭ ᠣᠯᠤᠭᠰᠠᠨ ᠪᠠᠶᠢᠪᠠᠯ᠂ ᠬᠤᠬᠢᠷᠠᠯ ᠠᠮᠰᠠᠭᠰᠠᠨ ᠬᠥᠮᠦᠨ ᠨᠢ ᠠᠰᠢᠭ ᠬᠦᠷᠳᠡᠭᠴᠢ ᠶᠢᠨ ᠣᠯᠤᠭᠰᠠᠨ | ᠠᠰᠢᠭ ᠢ ᠪᠤᠴᠠᠭᠠᠯᠭᠠᠬᠤ ᠪᠠᠷ ᠭᠤᠶᠤᠴᠢᠯᠠᠵᠤ ᠪᠣᠯᠤᠨ᠎ᠠ᠃ | ᠲᠤᠰ ᠬᠡᠷᠡᠭ ᠲᠤ᠂ ᠵᠧᠦ ᠣᠪᠣᠭᠲᠤ ᠶᠢᠨ ᠯᠢ ᠣᠪᠣᠭᠲᠤ ᠶᠢᠨ ᠵᠢᠭᠡᠯᠡᠯᠭᠡ ᠶᠢᠨ ᠲᠠᠪᠴᠠᠩ ᠤᠨ ᠲᠠᠩᠰᠠᠨ | ᠡᠷᠦᠭᠡ ᠳᠤ ᠵᠣᠭᠤᠰ ᠤᠷᠤᠭᠤᠯᠤᠬᠰᠠᠨ ᠤ ᠰᠢᠯᠲᠠᠭᠠᠨ ᠨᠢ ᠬᠤᠶᠠᠷ ᠬᠡᠮᠵᠢᠯᠳᠦ ᠺᠣᠳ᠋ ᠢ ᠪᠤᠷᠤᠭᠤ ᠰᠢᠷᠪᠢᠭᠰᠡᠨ ᠠᠴᠠ | ᠪᠣᠯᠵᠠᠢ᠂ ᠡᠶᠢᠮᠦ ᠠᠴᠠ ᠯᠢ ᠣᠪᠣᠭᠲᠤ ᠶᠢᠨ ᠣᠯᠤᠭᠰᠠᠨ ᠠᠰᠢᠭ ᠨᠢ ᠬᠠᠤᠯᠢ ᠴᠠᠭᠠᠵᠠ ᠶᠢᠨ ᠦᠨᠳᠦᠰᠦ ᠪᠠᠷᠢᠮᠲᠠ | ᠦᠭᠡᠢ᠃ ᠵᠢᠭᠡᠯᠡᠯᠭᠡ ᠶᠢᠨ ᠲᠠᠪᠴᠠᠩ ᠤᠨ ᠯᠢ ᠣᠪᠣᠭᠲᠤ ᠶᠢᠨ ᠲᠠᠩᠰᠠᠨ ᠠᠴᠠ ᠰᠠᠷ᠎ᠠ ᠪᠠᠷ ᠰᠠᠭᠤᠯᠭᠠᠨ ᠠᠪᠤᠭᠰᠠᠨ | ᠵᠣᠭᠤᠰ ᠢ ᠯᠢ ᠣᠪᠣᠭᠲᠤ ᠥᠪᠡᠷ ᠢᠶᠠᠨ ᠵᠤᠭᠤᠰ ᠭᠠᠷᠭᠠᠵᠤ ᠪᠤᠴᠠᠭᠠᠪᠠᠯ ᠵᠣᠬᠢᠨ᠎ᠠ᠂ ᠡᠳ᠋ ᠭᠦᠷᠦᠩᠭᠡ ᠶᠢᠨ ᠪᠦᠭᠦ | ᠲᠤᠭ᠎ᠠ ᠨᠢ ᠬᠠᠰᠤᠭᠳᠠᠬᠤ ᠶᠣᠰᠣᠲᠠᠢ ᠪᠠᠶᠢᠲᠠᠯ᠎ᠠ ᠲᠠᠩᠰᠠᠨ ᠡᠷᠦᠭᠡ ᠳᠤ ᠪᠤᠷᠤᠭᠤ ᠤᠷᠤᠭᠰᠠᠨ ᠵᠣᠭᠤᠰ ᠢ ᠥᠪᠡᠷ ᠢᠶᠠᠨ | ᠪᠤᠴᠠᠭᠠᠬᠤ ᠡᠭᠦᠷᠭᠡ ᠪᠠᠨ ᠪᠣᠳᠠᠲᠠᠢ ᠭᠦᠢᠴᠡᠳᠬᠡᠭᠰᠡᠨ ᠦᠭᠡᠢ ᠮᠥᠷᠲᠡᠭᠡᠨ ᠬᠡᠯᠪᠡᠷᠢ ᠶᠢ ᠨᠢ ᠥᠭᠡᠷᠡᠲᠦᠭᠦᠯᠦᠨ | ᠥᠪᠡᠷ ᠤᠨ ᠡᠳ᠋ ᠭᠦᠷᠦᠩᠭᠡ ᠶᠢᠨ ᠢᠶᠠᠨ ᠪᠦᠭᠦ ᠲᠤᠭ᠎ᠠ ᠶᠢ ᠨᠡᠮᠡᠭᠳᠡᠭᠦᠯᠦᠭᠰᠡᠨ ᠶᠠᠪᠤᠳᠠᠯ ᠪᠤᠯᠵᠠᠢ᠃ ᠡᠭᠦᠨ ᠠᠴᠠ ᠪᠤᠯᠵᠤ | ᠵᠧᠦ ᠣᠪᠣᠭᠲᠤ ᠬᠤᠬᠢᠷᠠᠯ ᠳᠤ ᠤᠴᠠᠷᠠᠵᠤ᠂ ᠯᠢ ᠣᠪᠣᠭᠲᠤ ᠵᠦᠢ ᠶᠤᠰᠤᠨ ᠤ ᠪᠤᠰᠤ ᠠᠰᠢᠭ ᠣᠯᠤᠬᠰᠠᠨ ᠪᠠᠶᠢᠨ᠎ᠠ᠂ | ᠡᠶᠢᠮᠦ ᠠᠴᠠ ᠯᠢ ᠣᠪᠣᠭᠲᠤ ᠲᠠᠩᠰᠠᠨ ᠡᠷᠦᠭᠡ ᠳᠤᠨᠢ ᠪᠤᠷᠤᠭᠤ ᠤᠷᠤᠭᠰᠠᠨ ᠵᠣᠭᠤᠰ ᠢ ᠵᠧᠦ ᠣᠪᠣᠭᠲᠤ ᠳᠤ | ᠪᠤᠴᠠᠭᠠᠬᠤ ᠬᠡᠷᠡᠭᠲᠡᠢ ᠬᠡᠪᠡ᠃ | ᠯᠢ ᠣᠪᠣᠭᠲᠤ ᠶᠢᠨ ᠵᠦᠢ ᠶᠤᠰᠤᠨ ᠤ ᠪᠤᠰᠤ ᠠᠰᠢᠭ ᠢ ᠪᠤᠴᠠᠭᠠᠯᠭᠠᠬᠤ ᠪᠠᠷ ᠭᠤᠶᠤᠴᠢᠯᠠᠬᠰᠠᠨ ᠵᠧᠦ | ᠣᠪᠣᠭᠲᠤ ᠶᠢᠨ ᠵᠠᠷᠭᠤ ᠶᠢᠨ ᠭᠤᠶᠤᠴᠢᠯᠠᠯ ᠢ ᠰᠢᠭᠦᠬᠦ ᠬᠤᠷᠢᠶ᠎ᠠ ᠲᠡᠮᠵᠢᠪᠡ᠃ ᠲᠤᠰ ᠬᠡᠷᠡᠭ ᠤᠨ ᠲᠠᠰᠤᠯᠤᠯᠲᠠ ᠨᠢ | ᠣᠶᠢᠷ᠎ᠠ ᠳᠤ ᠨᠢᠭᠡᠨᠲᠡ ᠬᠦᠴᠦᠨ ᠲᠠᠢ ᠪᠣᠯᠵᠠᠶ᠃ | ᠪᠣᠯᠭᠤᠮᠵᠢ ᠦᠭᠡᠢ ᠠᠴᠠ ᠪᠣᠯᠵᠤ ᠪᠤᠷᠤᠭᠤ ᠳᠠᠩᠰᠠ ᠰᠢᠯᠵᠢᠬᠦᠯᠦᠭᠰᠡᠨ ᠵᠤᠭᠤᠰ᠂ ᠵᠦᠢ ᠶᠤᠰᠤᠨ ᠤ ᠪᠤᠰᠤ | ᠠᠰᠢᠭ ᠢ ᠡᠷᠬᠡᠪᠰᠢ ᠪᠤᠴᠠᠭᠠᠬᠤ ᠬᠡᠷᠡᠭᠳᠡᠢ᠃ ᠠᠮᠢᠳᠤᠷᠠᠯ ᠳᠤᠮᠳᠠ ᠬᠡᠷᠪᠡ ᠳᠡᠭᠡᠷ᠎ᠡ ᠳᠤᠷᠠᠳᠤᠭᠰᠠᠨ ᠬᠡᠷᠡᠭ ᠰᠢᠭ ᠡᠶᠢᠮᠦ | ᠪᠠᠶᠢᠳᠠᠯ ᠭᠠᠷᠬᠤ ᠳᠤ ᠬᠦᠷᠪᠡᠯ᠂ ᠬᠤᠶᠠᠷ ᠲᠠᠯ᠎ᠠ ᠶᠢᠨ ᠲᠤᠬᠠᠢ ᠶᠢᠨ ᠬᠥᠮᠦᠨ ᠨᠢ ᠵᠣᠭᠤᠰ ᠪᠤᠷᠤᠭᠤ ᠶᠠᠪᠤᠭᠤᠯᠤᠬᠰᠠᠨ ᠢ | ᠤᠯᠵᠤ ᠮᠡᠳᠡᠭᠡᠳ ᠴᠠᠭ ᠲᠤᠬᠠᠢ ᠳᠤᠨᠢ ᠪᠤᠴᠠᠭᠠᠪᠡᠯ ᠶᠠᠷᠢᠶᠠᠨ ᠦᠭᠡᠢ ᠬᠠᠮᠤᠭ ᠤᠨ ᠰᠠᠶᠢᠨ ᠶᠠᠪᠤᠳᠠᠯ ᠪᠤᠯᠬᠤ ᠶᠤᠮ᠃ | ᠬᠡᠷᠪᠡ ᠨᠢᠭᠡ ᠲᠠᠯ᠎ᠠ ᠨᠢ ︽ᠵᠤᠭᠤᠰᠤᠨ ᠳᠤ ᠰᠢᠨᠤᠵᠤ︾ ᠵᠤᠭᠤᠰ ᠢ ᠪᠤᠴᠠᠭᠠᠬᠤ ᠶᠢ ᠲᠡᠪᠴᠢᠬᠦ ᠳᠤ ᠬᠦᠷᠪᠡᠯ᠂ ᠨᠦᠬᠦᠭᠡ | ᠲᠠᠯ᠎ᠠ ᠨᠢ ᠢᠷᠭᠡᠨ ᠤ ᠬᠠᠤᠯᠢ ᠶᠢᠨ ᠪᠢᠴᠢᠭ ᠤᠨ ︽ᠵᠦᠢ ᠶᠤᠰᠤᠨ ᠤ ᠪᠤᠰᠤ ᠠᠰᠢᠭ︾ ᠭᠡᠬᠦ ᠵᠦᠢᠯ ᠵᠤᠷᠪᠤᠰ ᠢᠶᠠᠷ | ᠥᠪᠡᠷ ᠤᠨ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠭᠡᠷᠡᠭᠳᠡᠢ᠃ | ᠰᠠᠨᠠᠭᠤᠯᠤᠮᠵᠢ︕ | ᠳᠠᠩᠰᠠ ᠰᠢᠯᠵᠢᠭᠦᠯᠵᠦ ᠵᠣᠭᠤᠰ ᠭᠤᠪᠢᠭᠤᠯᠬᠤ ᠳᠠᠭᠠᠨ ᠡᠷᠬᠡᠪᠰᠢ ᠳᠠᠩᠰᠠ ᠰᠢᠯᠵᠢᠭᠦᠯᠦᠭᠰᠡᠨ ᠵᠣᠭᠤᠰ ᠤᠨ | ᠲᠤᠭ᠎ᠠ᠂ ᠵᠣᠭᠤᠰ ᠬᠤᠷᠢᠶᠠᠭᠴᠢ ᠶᠢᠨ ᠣᠪᠣᠭ ᠨᠡᠷ᠎ᠡ᠂ ᠪᠡᠶ᠎ᠡ ᠶᠢᠨ ᠦᠨᠡᠮᠯᠡᠯ᠂ ᠳᠠᠩᠰᠠᠨ ᠡᠷᠦᠬᠡ ᠵᠡᠷᠭᠡ ᠪᠡᠶ᠎ᠡ ᠬᠡᠮ ᠤᠨ | ᠮᠡᠳᠡᠭᠡ ᠵᠠᠩᠭᠢ ᠶᠢ ᠨᠠᠷᠢᠨ ᠨᠢᠮᠪᠠᠶ ᠬᠠᠷᠭᠤᠭᠤᠯᠵᠤ᠂ ᠠᠯᠳᠠᠭ᠎ᠠ ᠦᠭᠡᠢ ᠶᠢ ᠨᠤᠲᠠᠯᠠᠭᠰᠠᠨ ᠤ ᠳᠠᠷᠠᠭ᠎ᠠ ᠰᠠᠶ᠋ᠢ | ᠶᠠᠪᠤᠭᠤᠯᠪᠠᠯ ᠠᠶᠤᠯ ᠲᠦᠭᠰᠢᠭᠦᠷᠢ ᠶᠢ ᠠᠯᠢ ᠴᠢᠳᠠᠬᠤ ᠪᠠᠷ ᠪᠠᠭᠠᠰᠬᠠᠵᠤ ᠴᠢᠳᠠᠨ᠎ᠠ᠃ | | |