10 ᠰᠠᠷ᠎ᠠ ᠶᠢᠨ 12 ᠤᠨ ᠡᠳᠦᠷ᠂ 2021 ᠤᠷᠳᠤᠰ ᠤᠨ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ | ᠠᠵᠤ ᠦᠢᠯᠡᠰ ᠤᠨ ᠲᠦᠷᠦᠭᠦᠴᠦᠳ ᠤᠨ ᠬᠤᠷᠠᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠡᠷᠬᠢᠯᠡᠭᠴᠢ ᠱᠢ ᠲᠠᠢ ᠹᠧᠩ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠵᠦ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ | ᠡᠬᠢᠯᠡᠯᠲᠡ ᠶᠢᠨ ᠶᠣᠰᠣᠯᠠᠯ ᠳᠤ ᠣᠷᠣᠯᠴᠠᠭᠰᠠᠨ ᠪᠥᠭᠡᠳ ᠪᠠᠶᠠᠷ ᠤᠨ ᠦᠭᠡ ᠬᠡᠯᠡᠵᠡᠢ᠃ | ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠤ | ᠡᠮᠦᠨ᠎ᠡ ᠠᠴᠠ ᠲᠦᠷᠦᠭᠦᠴᠦᠳ ᠤᠨ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠬᠤ ᠪᠠᠨ | ᠢᠯᠡᠳᠬᠡᠪᠡ᠂ ᠲᠡᠷᠡ ᠪᠠᠶᠠᠷ ᠤᠨ ᠵᠠᠬᠢᠳᠠᠯ ᠳᠠᠭᠠᠨ᠂ ᠡᠨᠡ ᠤᠳᠠᠭ᠎ᠠ ᠶᠢᠨ ᠨᠡᠭᠦᠷᠡᠰᠦᠲᠥ᠋ᠷᠥᠭᠴᠢ ᠦᠯᠦ | ᠭᠠᠳᠠᠭᠰᠢᠯᠠᠭᠤᠯᠬᠤ ᠠᠵᠤ ᠦᠢᠯᠡᠰ ᠤᠨ ᠲᠦᠷᠦᠭᠦᠴᠦᠳ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠭᠰᠠᠨ | ᠶᠠᠪᠤᠳᠠᠯ ᠪᠣᠯ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠬᠰᠠᠨ ᠠᠮᠢᠳᠤᠯᠢᠭ ᠦᠢᠯᠡᠳᠦᠯᠭᠡ ᠮᠥᠨ᠂ ᠶᠡᠷᠦᠩᠬᠡᠢ ᠱᠦᠵᠢ ᠰᠢ ᠶᠢᠨ ᠫᠢᠩ ᠤᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠨᠠᠶᠢᠳᠠᠪᠤᠷᠢᠵᠢᠭᠤᠯᠤᠬᠰᠠᠨ ᠪᠣᠳᠠᠲᠤ ᠠᠵᠢᠯᠯᠠᠭ᠎ᠠ ᠮᠥᠨ᠃ ᠥᠪᠥᠷ ᠮᠣᠩᠭᠤᠯ ᠪᠣᠯ ᠤᠯᠤᠰ ᠤᠨ ᠴᠢᠬᠤᠯᠠ | ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠪᠣᠯᠤᠨ᠎ᠠ᠂ ᠳᠠᠬᠢᠨ ᠡᠭᠦᠰᠴᠦ ᠪᠣᠯᠬᠤ | ᠡᠨᠧᠷᠭᠢ ᠶᠢᠨ ᠡᠬᠢ ᠪᠠᠶᠠᠯᠢᠭ ᠢᠶᠠᠷ ᠦᠯᠡᠮᠵᠢ ᠶᠤᠮ᠂ ᠣᠶᠢᠷ᠎ᠠ ᠶᠢᠨ ᠵᠢᠯ ᠤᠨ ᠲᠤᠷᠰᠢ ᠪᠢᠳᠡ ᠰᠢᠨ᠎ᠡ ᠡᠨᠧᠷᠭᠢ ᠶᠢᠨ | ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠣᠳᠣᠬᠠᠨ ᠳᠤ ᠪᠥᠬᠦ | ᠣᠷᠣᠨ ᠤ ᠭᠤᠷᠪᠠᠨ ᠤ ᠨᠢᠭᠡ ᠶᠢᠨ ᠴᠠᠬᠢᠯᠭᠠᠨ ᠬᠦᠴᠦᠨ ᠤ ᠮᠠᠰᠢᠨ ᠴᠤᠬᠴᠠᠯᠠᠪᠤᠷᠢ ᠪᠠ ᠪᠥᠬᠦ ᠨᠡᠶᠢᠭᠡᠮ ᠤᠨ ᠬᠡᠷᠡᠭᠯᠡᠵᠤ | ᠪᠠᠶᠢᠭ᠎ᠠ ᠴᠠᠬᠢᠯᠭᠠᠨ ᠤ ᠲᠠᠪᠤᠨ ᠤ ᠨᠢᠭᠡ ᠨᠢ ᠰᠢᠨ᠎ᠡ ᠡᠨᠧᠷᠭᠢ ᠠᠴᠠ ᠢᠷᠡᠭᠰᠡᠨ ᠶᠤᠮ᠃ ︽ᠠᠷᠪᠠᠨ ᠳᠥᠷᠪᠡᠳᠦᠭᠡᠷ | ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠤ᠂ ᠥᠪᠥᠷ ᠮᠣᠩᠭᠤᠯ ︽ᠨᠠᠶᠢᠳᠠᠪᠤᠷᠢᠵᠢᠭᠤᠯᠤᠭᠴᠢ︾ | ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ︽ᠠᠬᠢᠭᠤᠯᠤᠭᠴᠢ︾ ᠶᠢᠨ ᠡᠭᠦᠷᠭᠡᠯᠡᠯ ᠢ ᠢᠯᠡᠷᠡᠭᠦᠯᠵᠦ᠂ ︽ | ᠳᠠᠭᠠᠭᠤᠯᠤᠭᠴᠢ︾ ᠶᠢᠨ ᠬᠥᠭᠡᠭᠡᠴᠡᠯᠳᠦᠯ ᠢᠶᠠᠨ ᠪᠠᠲᠤᠳᠬᠠᠵᠤ᠂ ᠰᠢᠨ᠎ᠡ ᠡᠨᠧᠷᠭᠢ ᠶᠢᠨ ᠠᠵᠤ ᠦᠢᠯᠡᠰ ᠪᠣᠯᠤᠨ | ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ ᠦᠢᠯᠡᠰ ᠢ ᠠᠵᠤ ᠠᠬᠤᠶ ᠶᠢᠨ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠤ ᠢᠷᠡᠯᠳᠡ ᠪᠣᠯᠭᠠᠨ ᠪᠥᠲᠥᠭᠡᠨ | ᠪᠠᠶᠢᠭᠤᠯᠬᠤ ᠪᠠᠷ ᠴᠢᠷᠮᠠᠶᠢᠵᠤ᠂ ᠮᠠᠨ ᠤ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ | ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠡᠨᠡ ᠬᠦ ᠬᠠᠲᠠᠭᠤ ᠳᠠᠶᠢᠯᠠᠯᠳᠤᠭᠠᠨ ᠢ | ᠰᠠᠶᠢᠲᠤᠷ ᠬᠢᠬᠦ ᠳᠤ ᠨᠠᠩ ᠣᠯᠠᠨ ᠬᠦᠴᠦᠨ ᠴᠢᠳᠠᠯ ᠢᠶᠠᠨ ᠡᠷᠭᠦᠨ᠎ᠡ᠃ ᠬᠤᠷᠠᠯ ᠳᠤ ᠣᠷᠣᠯᠴᠠᠭᠰᠠᠨ ᠲᠤᠰᠬᠠᠶ | ᠮᠡᠷᠭᠡᠵᠢᠯᠲᠡᠨ ᠡᠷᠳᠡᠮᠲᠡᠨ ᠪᠣᠯᠤᠨ ᠠᠵᠢᠯ ᠲᠥᠷᠥᠯ ᠤᠨ ᠬᠢᠨ ᠤ ᠰᠤᠳᠤᠴᠤᠤᠯ ᠪᠤᠳᠤᠯ ᠨᠢᠬᠡᠳᠦᠨ ᠤᠶᠤᠨ ᠢᠶᠠᠨ | ᠨᠢᠬᠳᠠᠷᠠᠭᠤᠯᠤᠨ᠂ ᠣᠢ ᠤᠬᠠᠭᠠᠨ ᠢᠶᠠᠨ ᠲᠥᠪᠯᠡᠷᠡᠭᠦᠯᠦᠨ ᠰᠢᠨ᠎ᠡ ᠶᠢ ᠡᠭᠦᠳᠴᠦ᠂ ᠥᠪᠥᠷ ᠮᠣᠩᠭᠤᠯ ᠤᠨ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠳᠠ ᠤᠷᠬᠢᠯ ᠬᠡᠮᠵᠢᠭᠳᠡᠯ ᠳᠤ ᠬᠦᠷᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠶᠢ ᠠᠬᠢᠭᠤᠯᠬᠤ ᠳᠤ ᠨᠠᠩ ᠣᠯᠠᠨ ᠰᠢᠨᠵᠢᠯᠡᠬᠦ ᠤᠬᠠᠭᠠᠨᠴᠢ ᠲᠥᠰᠦᠯ ᠬᠠᠩᠭᠠᠵᠤ᠂ ᠮᠠᠨ ᠤ | ᠣᠷᠣᠨ ᠤ ᠤᠯᠤᠰ ᠤᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠲᠡᠭ ᠪᠤᠯᠭᠠᠬᠤ ᠠᠵᠤ ᠦᠢᠯᠡᠰ ᠤᠨ | ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠪᠠ ᠠᠭᠤᠰᠤᠯᠴᠠᠬᠤ ᠳᠤ ᠨᠠᠩ ᠣᠯᠠᠨ ᠰᠢᠨ᠎ᠡ ᠰᠡᠳᠬᠢᠮᠵᠢ᠂ ᠰᠠᠶᠢᠨ | ᠦᠵᠡᠯᠳᠡ ᠬᠠᠩᠭᠠᠬᠤ ᠶᠢ ᠬᠦᠰᠡᠵᠦ ᠪᠠᠶᠢᠨ᠎ᠠ᠃ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯᠲᠠᠳ | ᠥᠪᠥᠷ ᠮᠣᠩᠭᠤᠯ ᠳᠤ ᠢᠷᠡᠵᠦ ᠪᠠᠯᠠ ᠣᠷᠣᠭᠤᠯᠤᠨ ᠦᠢᠯᠡᠰ ᠢᠶᠠᠨ ᠬᠥᠭᠵᠢᠭᠦᠯᠵᠦ᠂ ᠭᠠᠷ ᠬᠤᠯᠪᠣᠯᠴᠠᠨ ᠪᠣᠬᠢᠷᠲᠤᠯ | ᠥᠬᠡᠶ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠶᠢ ᠠᠬᠢᠭᠤᠯᠬᠤ ᠶᠢ ᠬᠠᠯᠠᠭᠤᠨ ᠢᠶᠠᠷ ᠤᠭᠲᠤᠵᠤ ᠪᠠᠶᠢᠨ᠎ᠠ ᠭᠡᠪᠡ᠃ | | | | ᠸᠠᠩ ᠯᠢ ᠰᠢᠶᠠ ᠪᠠᠶᠠᠷ ᠤᠨ ᠦᠭᠡ ᠳᠡᠭᠡᠨ᠂ ︽ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠠᠵᠤ | ᠦᠢᠯᠡᠰ︾ ᠢ ᠬᠥᠭᠵᠢᠭᠦᠯᠬᠦ ᠳᠤ ᠥᠪᠥᠷ ᠮᠣᠩᠭᠤᠯ ᠨᠥᠬᠦᠴᠡᠯ ᠲᠠᠢ ᠶᠤᠮ᠂ ᠴᠢᠳᠠᠪᠤᠷᠢ ᠪᠤᠢ᠂ ᠢᠷᠡᠭᠡᠳᠦᠢ ᠪᠤᠢ᠂ | ᠢᠲᠡᠭᠡᠯ ᠪᠤᠢ᠂ ᠬᠠᠷᠢᠭᠤᠴᠠᠯᠭ᠎ᠠ ᠲᠠᠢ᠂ ᠡᠭᠦᠷᠭᠡᠯᠡᠯ ᠲᠠᠢ ᠶᠤᠮ᠃ ᠪᠢᠳᠡ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠡᠨᠧᠷᠭᠢ ᠶᠢᠨ | ᠬᠤᠷᠣᠭᠳᠠᠯ ᠤᠨ ︽ᠬᠤᠤᠰ ᠡᠵᠡᠮᠳᠡᠯ︾ ᠤᠨ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠡᠨᠧᠷᠭᠢ ᠶᠢᠨ ᠡᠬᠢ | ᠪᠠᠶᠠᠯᠢᠭ ᠤᠨ ᠳᠠᠪᠠᠭᠤᠯᠢᠭ ᠲᠤ ᠰᠠᠭᠤᠷᠢᠯᠠᠨ᠂ ᠡᠨᠧᠷᠭᠢ ᠶᠢ ᠨᠡᠭᠡᠭᠡᠨ ᠬᠥᠭᠵᠢᠭᠦᠯᠬᠦ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ᠂ ᠰᠢᠨ᠎ᠡ ᠶᠢ ᠡᠭᠦᠳᠬᠦ ᠲᠤᠯᠭᠠᠭᠤᠷᠢᠯᠠᠯ ᠪᠠ ᠬᠥᠲᠥᠯᠥᠨ ᠳᠠᠭᠠᠭᠤᠯᠬᠤ ᠶᠢ ᠴᠢᠩᠭᠠᠳᠬᠠᠨ᠂ | ᠥᠭᠡᠷᠡᠴᠢᠯᠡᠯᠲᠡ ᠨᠡᠭᠡᠭᠡᠯᠲᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠰᠠᠯᠬᠢ ᠬᠡᠷᠡᠯ ᠤᠨ ᠡᠨᠧᠷᠬᠢ | ᠤᠰᠤᠲᠥ᠋ᠷᠥᠭᠴᠢ ᠬᠠᠳᠠᠭᠠᠯᠠᠬᠤ ᠬᠦᠮᠤᠷᠬᠡ︾ ᠪᠠᠷ ᠭᠤᠤᠯ ᠪᠣᠯᠭᠠᠭᠰᠠᠨ ᠪᠣᠬᠢᠷᠲᠤᠯ ᠥᠬᠡᠶ ᠡᠨᠧᠷᠭᠢ ᠶᠢᠨ | ᠬᠠᠩᠭᠠᠯᠭ᠎ᠠ ᠶᠢᠨ ᠰᠢᠰᠲ᠋ᠧᠮ᠂ ᠡᠨᠧᠷᠭᠢ ᠶᠢᠨ ᠬᠡᠯᠪᠡᠷᠢ ᠪᠠᠨ ᠬᠤᠪᠢᠷᠠᠭᠤᠯᠬᠤ ᠪᠠᠷ ᠤᠳᠤᠷᠢᠳᠤᠮᠵᠢ ᠪᠣᠯᠭᠠᠭᠰᠠᠨ ︽ | ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠰᠢᠨ᠎ᠡ ᠠᠵᠤ ᠦᠢᠯᠡᠳᠪᠦᠷᠢ︾ ᠶᠢᠨ ᠰᠢᠨ᠎ᠡ ᠶᠢ ᠡᠭᠦᠳᠬᠦ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠣᠲᠣ ᠦᠶ᠎ᠡ ᠶᠢᠨ ᠡᠨᠧᠷᠭᠢ ᠶᠢᠨ ᠠᠵᠤ ᠠᠬᠤᠶ ᠬᠡᠬᠦ ᠡᠨᠡ ᠬᠦ ᠶᠡᠭᠡ | ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠮᠢ ᠠᠬᠤᠶ ᠶᠢ ᠤᠷᠢᠳ ᠢᠶᠠᠷ ᠪᠣᠳᠣᠯᠬᠢᠯᠠᠵᠦ᠂ ᠪᠣᠬᠢᠷᠲᠤᠯ ᠥᠬᠡᠶ | ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠦᠨᠡᠨ ᠬᠦ | ᠰᠠᠶᠢᠲᠤᠷ ᠵᠠᠮᠨᠠᠬᠤ ᠬᠡᠷᠡᠭᠲᠡᠢ᠃ ᠬᠤᠷᠠᠯ ᠳᠤ ᠣᠷᠣᠯᠴᠠᠭᠰᠠᠨ ᠬᠦᠨᠳᠦᠲᠦ ᠵᠣᠴᠢᠳ ︽ᠨᠡᠭᠦᠷᠡᠰᠦᠲᠥ᠋ᠷᠥᠭᠴᠢ ᠶᠢᠨ | ᠭᠠᠳᠠᠭᠰᠢᠯᠠᠭᠤᠯᠤᠯᠲᠠ ᠶᠢ ᠲᠡᠭ ᠪᠤᠯᠭᠠᠬᠤ ᠰᠢᠨ᠎ᠡ ᠠᠵᠤ ᠦᠢᠯᠡᠰ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠠᠮᠢ ᠠᠬᠤᠢ︾ ᠭᠡᠬᠦ ᠭᠤᠣᠯ ᠰᠡᠳᠦᠪ ᠤᠨ ᠲᠣᠭᠤᠷᠢᠨ ᠳᠤ᠂ ᠦᠨᠡᠨᠴᠢ ᠪᠠᠷ ᠶᠠᠷᠢᠯᠴᠠᠵᠤ ᠰᠠᠨᠠᠯ ᠢᠶᠠᠨ | ᠰᠣᠯᠢᠯᠴᠠᠵᠤ᠂ ᠦᠵᠡᠯ ᠰᠠᠨᠠᠭ᠎ᠠ ᠰᠡᠳᠬᠢᠬᠦᠢ ᠪᠠᠨ ᠬᠥᠭᠵᠢᠭᠡᠵᠦ᠂ ᠲᠤᠰ ᠤᠳᠠᠭ᠎ᠠ ᠶᠢᠨ ᠲᠦᠷᠦᠭᠦᠴᠦᠳ ᠤᠨ | ᠬᠤᠷᠠᠯ ᠠᠴᠠ ᠨᠡᠩ ᠤᠯᠠᠨ ᠰᠢᠨ᠎ᠡ ᠤᠶᠤᠨ ᠤᠬᠠᠭᠠᠨ᠂ ᠰᠢᠨ᠎ᠡ ᠰᠡᠳᠬᠢᠮᠵᠢ᠂ ᠰᠢᠨ᠎ᠡ ᠲᠥᠰᠦᠯ ᠭᠠᠷᠭᠠᠬᠤ ᠶᠢ | ᠬᠦᠰᠡᠵᠦ ᠪᠠᠶᠢᠨ᠎ᠠ᠃ ᠥᠪᠥᠷ ᠮᠣᠩᠭᠤᠯ ᠴᠤ ᠲᠤᠰ ᠤᠳᠠᠭ᠎ᠠ ᠶᠢᠨ ᠲᠦᠷᠦᠭᠦᠴᠦᠳ ᠤᠨ ᠬᠤᠷᠠᠯ ᠢᠶᠠᠷ ᠠᠵᠠ | ᠲᠣᠬᠢᠶᠠᠯ ᠪᠣᠯᠭᠠᠵᠤ᠂ ᠳᠡᠯᠡᠬᠡᠢ ᠶᠢᠨ ᠡᠯ᠎ᠡ ᠭᠠᠵᠠᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ | ᠪᠡᠯᠡ ᠣᠷᠣᠭᠤᠯᠤᠯᠲᠠ ᠶᠢᠨ ᠪᠠᠶᠢᠭᠤᠯᠤᠮᠵᠢ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠲᠠᠢ ᠬᠠᠮᠲᠤ ᠪᠠᠷ | ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠡᠷᠬᠢᠯᠳᠡᠳᠤ᠂ ᠦᠷᠭᠦᠯᠵᠢᠯᠡᠬᠦ ᠮᠠᠶ᠋ᠢᠭ ᠤᠨ ᠦᠢᠯᠡᠳᠪᠦᠷᠢᠯᠡᠯ | ᠠᠮᠢᠳᠤᠷᠠᠯ ᠤᠨ ᠠᠷᠭ᠎ᠠ ᠬᠡᠯᠪᠡᠷᠢ ᠶᠢ ᠰᠦᠪᠡᠭᠴᠢᠯᠡᠵᠦ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠵᠢᠭᠰᠠᠨ᠂ | ᠠᠮᠢ ᠠᠬᠤᠢ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢ ᠬᠠᠮᠲᠤ ᠪᠠᠷ ᠨᠡᠭᠡᠭᠡᠬᠦ ᠬᠡᠷᠡᠭᠲᠡᠢ ᠭᠡᠵᠦ ᠵᠢᠭᠠᠵᠤ | ᠭᠠᠷᠭᠠᠪᠠ᠃ | | | | ᠣᠶᠢᠯᠠᠭᠠᠭᠰᠠᠨ ᠢᠶᠠᠷ᠂ ᠲᠣᠰ ᠤᠳᠠᠭᠠᠨ ᠤ ᠲᠦᠷᠦᠭᠦᠴᠦᠳ ᠤᠨ ᠬᠤᠷᠠᠯ ᠨᠢ᠂ ᠲᠥᠷᠥᠯ ᠵᠦᠢᠯ ᠤᠨ ᠭᠡᠷ᠎ᠡ | ᠲᠣᠭᠲᠠᠬᠤ᠂ ᠲᠦᠷᠦᠬᠦᠴᠦᠳ ᠤᠨ ᠶᠠᠷᠢᠯᠴᠠᠭ᠎ᠠ᠂ ᠲᠤᠰᠬᠠᠶ ᠮᠡᠷᠭᠡᠵᠢᠯᠲᠡᠨ ᠤ ᠶᠠᠷᠢᠶᠠᠨ ᠤ ᠲᠠᠪᠴᠠᠩ ᠵᠡᠷᠭᠡ | ᠬᠡᠯᠪᠡᠷᠢ ᠪᠠᠷ ᠳᠠᠮᠵᠢᠭᠤᠯᠤᠨ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠲᠡᠭ ᠪᠤᠯᠭᠠᠬᠤ ᠬᠡᠯᠪᠡᠷᠢ ᠪᠠᠨ | ᠬᠤᠪᠢᠷᠠᠭᠤᠯᠤᠭᠰᠠᠨ ᠠᠮᠵᠢᠯᠲᠠ ᠲᠠᠢ ᠲᠤᠷᠰᠢᠯᠭ᠎ᠠ ᠶᠢ ᠬᠤᠪᠢᠶᠠᠯᠴᠠᠵᠤ᠂ ᠠᠵᠤ ᠦᠢᠯᠡᠰ ᠤᠨ ᠳᠠᠬᠢᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠠᠷᠭ᠎ᠠ ᠵᠠᠮ ᠢ ᠰᠦᠪᠡᠭᠴᠢᠯᠡᠵᠦ᠂ ᠪᠣᠬᠢᠷᠲᠤᠯ ᠢ ᠪᠠᠭᠠᠰᠬᠠᠵᠤ | ᠨᠡᠭᠦᠷᠡᠰᠦᠲᠥ᠋ᠷᠥᠭᠴᠢ ᠶᠢ ᠪᠠᠭᠠᠰᠬᠠᠵᠤ ᠬᠠᠮᠵᠢᠯᠴᠠᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠵᠤ᠂ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠪᠠᠷ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠶᠢ | ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠰᠠᠶᠢᠵᠢᠷᠠᠭᠤᠯᠬᠤ ᠳᠤ ᠲᠣᠭᠠᠨ ᠤ | ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠥᠷᠬᠦ ᠶᠢ ᠪᠡᠶᠡᠯᠡᠭᠦᠯᠬᠦ ᠳᠤ ᠥᠪᠥᠷ ᠮᠣᠩᠭᠤᠯ ᠤᠨ ᠣᠶᠤᠨ | ᠤᠬᠠᠭᠠᠨ ᠪᠠ ᠲᠥᠰᠦᠯ ᠢ ᠬᠠᠩᠭᠠᠬᠤ ᠪᠠᠷ ᠵᠤᠷᠢᠯᠭ᠎ᠠ ᠪᠤᠯᠭᠠᠬᠰᠠᠨ ᠶᠤᠮ᠃ |