9 ᠰᠠᠷ᠎ᠠ ᠶᠢᠨ 30 ᠤ ᠡᠳᠣᠷ᠂ ᠬᠤᠰᠢᠭᠤᠨ ᠤ ᠬᠤᠶᠠᠳᠣᠭᠠᠷ ᠪᠠᠭ᠎ᠠ ᠰᠣᠷᠭᠠᠭᠤᠯᠢ ᠶᠢᠨ ᠰᠣᠷᠭᠠᠭᠤᠯᠢ ᠶᠢᠨ | ᠬᠦᠷᠢᠶᠡᠨ ᠳᠤ᠂ ᠬᠤᠶᠠᠳᠣᠭᠠᠷ ᠪᠠᠭ᠎ᠠ ᠰᠣᠷᠭᠠᠭᠤᠯᠢ ᠶᠢᠨ ᠴᠢᠳᠠᠮᠵᠢᠳᠣ ᠵᠢᠭᠠᠨ ᠰᠣᠷᠭᠠᠯᠳᠠ ᠶᠢᠨ ᠶᠡᠷᠦᠩᠬᠡᠶᠢᠯᠡᠭᠰᠡᠨ | ᠠᠰᠠᠷ ᠤᠨ ᠰᠠᠭᠤᠷᠢ ᠳᠠᠯᠪᠢᠬᠤ ᠶᠣᠰᠣᠯᠠᠯ ᠦᠷᠨᠢᠬᠦᠯᠵᠦ᠂ ᠬᠤᠰᠢᠭᠤᠨ ᠤ ᠰᠣᠷᠭᠠᠨ ᠬᠦᠮᠦᠵᠢᠯ ᠤᠨ ᠳᠣᠪᠴᠢᠶ᠎ᠠ᠂ | ᠬᠤᠶᠠᠳᠣᠭᠠᠷ ᠪᠠᠭ᠎ᠠ ᠰᠣᠷᠭᠠᠭᠤᠯᠢ᠂ ᠪᠠᠷᠢᠯᠭ᠎ᠠ ᠶᠢᠨ ᠠᠵᠢᠯ ᠤᠨ ᠠᠩᠭᠢ ᠶᠢᠨ ᠬᠠᠷᠢᠭᠤᠴᠠᠯᠭᠠᠲᠠᠳ ᠬᠦᠳᠡᠯᠭᠡᠭᠡᠨ ᠳᠤ | ᠣᠷᠣᠯᠴᠠᠪᠠ᠃ | ᠡᠷᠳᠡ ᠶᠢᠨ 9 ᠴᠠᠭ 27 ᠮᠢᠨᠦ᠋ᠲ ᠲᠤ᠂ ᠰᠠᠭᠤᠷᠢ ᠳᠠᠯᠪᠢᠬᠤ ᠶᠣᠰᠣᠯᠠᠯ ᠵᠢᠩᠭᠢᠨᠢ ᠪᠠᠷ ᠡᠬᠢᠯᠡᠵᠦ᠂ ᠡᠨᠡ ᠨᠢ | ᠬᠤᠶᠠᠳᠣᠭᠠᠷ ᠪᠠᠭ᠎ᠠ ᠰᠣᠷᠭᠠᠭᠤᠯᠢ ᠶᠢᠨ ᠴᠢᠳᠠᠮᠵᠢᠳᠣ ᠵᠢᠭᠠᠨ ᠰᠣᠷᠭᠠᠯᠳᠠ ᠶᠢᠨ ᠶᠡᠷᠦᠩᠬᠡᠶᠢᠯᠡᠭᠰᠡᠨ ᠠᠰᠠᠷ ᠤᠨ | ᠵᠢᠩᠭᠢᠨᠢ ᠪᠠᠷ ᠪᠠᠷᠢᠯᠭ᠎ᠠ ᠶᠢᠨ ᠠᠵᠢᠯ ᠡᠬᠢᠯᠡᠭᠰᠡᠨ ᠢ ᠬᠠᠷᠠᠭᠤᠯᠬᠤ ᠶᠢᠨ ᠬᠠᠮᠳᠣ᠂ ᠮᠠᠨ ᠤ ᠬᠤᠰᠢᠭᠤᠨ ᠤ ᠰᠣᠷᠭᠠᠨ | ᠬᠦᠮᠦᠵᠢᠯ ᠤᠨ ᠦᠢᠯᠡᠰ ᠤᠨ ᠡᠷᠡᠭᠦᠯ ᠢᠶᠠᠷ ᠬᠦᠭᠵᠢᠬᠦ ᠶᠢ ᠣᠯᠠᠮ ᠨᠢᠭᠡ ᠠᠯᠬᠤᠮ ᠲᠦᠯᠬᠢᠨ ᠠᠬᠢᠭᠤᠯᠵᠣ᠂ ᠰᠣᠷᠬᠤ | ᠨᠠᠰᠣᠨ ᠤ ᠬᠡᠣᠭᠡᠳ ᠲᠤ ᠨᠡᠩ ᠰᠠᠶᠢᠨ ᠰᠣᠷᠣᠯᠴᠠᠬᠤ ᠣᠷᠴᠢᠨ ᠳᠣᠭᠤᠷᠢᠨ ᠪᠣᠯᠣᠨ ᠳᠡᠩᠴᠡᠬᠦᠷᠢᠳᠦ ᠰᠣᠷᠭᠠᠨ | ᠬᠦᠮᠦᠵᠢᠯ ᠬᠠᠩᠭᠠᠬᠤ ᠪᠣᠯᠣᠨ᠎ᠠ᠃ | ᠣᠶᠢᠯᠠᠭᠠᠭᠰᠠᠨ ᠢᠶᠠᠷ᠂ ᠬᠤᠶᠠᠳᠣᠭᠠᠷ ᠪᠠᠭ᠎ᠠ ᠰᠣᠷᠭᠠᠭᠤᠯᠢ ᠶᠢᠨ ᠴᠢᠳᠠᠮᠵᠢᠳᠣ ᠵᠢᠭᠠᠨ ᠰᠣᠷᠭᠠᠯᠳᠠ ᠶᠢᠨ | ᠶᠡᠷᠦᠩᠬᠡᠶᠢᠯᠡᠭᠰᠡᠨ ᠠᠰᠠᠷ ᠨᠢ ᠳᠠᠭᠤᠣ ᠬᠦᠭᠵᠢᠮ ᠤᠨ ᠠᠩᠭᠢ᠂ ᠣᠷᠠᠨ ᠵᠢᠷᠤᠭ ᠤᠨ ᠠᠩᠭᠢ᠂ ᠪᠦᠵᠢᠭ ᠤᠨ ᠠᠩᠭᠢ᠂ | ᠣᠩᠰᠢᠯᠭ᠎ᠠ ᠶᠢᠨ ᠠᠩᠭᠢ ᠵᠢᠴᠢ ᠱᠠᠳᠣᠯᠢᠭ ᠬᠢᠴᠢᠶᠡᠯ ᠤᠨ ᠠᠩᠭᠢ ᠵᠡᠷᠭᠡ ᠣᠯᠠᠨ ᠴᠢᠳᠠᠮᠵᠢᠳᠣ ᠬᠢᠴᠢᠶᠡᠯ ᠤᠨ ᠠᠩᠭᠢ | ᠲᠠᠢ ᠪᠠᠶᠢᠵᠣ᠂ ᠶᠡᠷᠦᠩᠬᠡᠶᠢᠯᠡᠭᠰᠡᠨ ᠠᠰᠠᠷ ᠤᠨ ᠪᠦᠬᠦ ᠳᠠᠯᠠᠪᠠᠢ ᠨᠢ 2200 ᠲᠡᠭᠰᠢ ᠲᠦᠷᠪᠡᠯᠵᠢᠨ ᠮᠧᠲᠷ᠂ ᠰᠣᠷᠣᠭᠴᠢ | ᠶᠢᠨ ᠬᠤᠭᠤᠯᠠᠨ ᠭᠡᠷ 426 ᠳᠡᠭᠰᠢ ᠲᠦᠷᠪᠡᠯᠵᠢᠨ ᠮᠧᠲᠷ ᠪᠠᠶᠢᠵᠣ᠂ ᠶᠡᠷᠦᠩᠬᠡᠢ ᠪᠡᠯᠡ ᠣᠷᠣᠭᠤᠯᠣᠯᠳᠠ ᠨᠢ 1220 | ᠲᠦᠮᠡᠨ ᠲᠦᠭᠦᠷᠢᠭ ᠲᠤ ᠬᠦᠷᠪᠡ᠃ | ᠬᠤᠶᠠᠳᠣᠭᠠᠷ ᠪᠠᠭ᠎ᠠ ᠰᠣᠷᠭᠠᠭᠤᠯᠢ ᠠᠴᠠ ᠣᠶᠢᠯᠠᠭᠠᠭᠰᠠᠨ ᠢᠶᠠᠷ᠂ ᠦᠨᠣ ᠵᠢᠯ ᠳᠤ ᠶᠡᠷᠦᠩᠬᠡᠶᠢᠯᠡᠭᠰᠡᠨ ᠠᠰᠠᠷ ᠤᠨ | ᠰᠠᠭᠤᠷᠢ ᠳᠠᠯᠪᠢᠬᠤ ᠵᠢᠴᠢ ᠭᠤᠣᠯ ᠴᠣᠭᠴᠠ ᠶᠢᠨ ᠪᠠᠷᠢᠯᠭ᠎ᠠ ᠶᠢ ᠪᠦᠬᠦᠨ ᠢ ᠪᠠᠷᠢᠵᠤ ᠳᠠᠭᠤᠷᠢᠰᠬᠠᠨ᠂ ᠢᠷᠡᠬᠦ ᠵᠢᠯ ᠳᠤ | ᠪᠦᠬᠦ ᠳᠠᠯ᠎ᠠ ᠪᠠᠷ ᠠᠰᠢᠭᠯᠠᠯᠳᠠ ᠳᠤ ᠣᠷᠣᠭᠤᠯᠬᠤ ᠪᠠᠷ ᠲᠦᠯᠦᠪᠯᠡᠵᠦ ᠪᠠᠶᠢᠨ᠎ᠠ ᠬᠡᠪᠡ᠃ | | | ᠰᠣᠷᠪᠣᠯᠵᠢᠯᠠᠭᠴᠢ᠄ ᠢᠦᠢ ᠭᠤᠸᠠᠩ ᠬᠣ᠋ ᠵᠢᠶᠣᠣ ᠵᠢᠶᠣᠣ |