ᠮᠠᠨ ᠤ ᠬᠤᠰᠢᠭᠤᠨ ᠤ 2021 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠡᠬᠢᠯᠡᠪᠡ
ᠨᠡᠶᠢᠲᠡᠯᠡᠭᠰᠡᠨ ᠴᠠᠭ᠄
2021/10/14
     10 ᠰᠠᠷ᠎ᠠ ᠶᠢᠨ 13 ᠤ ᠡᠳᠦᠷ᠂ ᠮᠠᠨ ᠤ ᠬᠤᠰᠢᠭᠤᠨ ᠤ 2021 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠵᠢᠴᠢ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠲᠤᠰᠬᠠᠶ ᠰᠡᠳᠦᠪᠲᠦ ᠪᠣᠯᠪᠠᠰᠤᠷᠠᠯ ᠬᠤᠰᠢᠭᠤᠨ ᠤ ᠦᠨᠳᠦᠰᠦᠲᠡᠨ ᠤ ᠰᠣᠶᠣᠯ ᠤᠨ ᠲᠥᠪ ᠤᠨ ᠨᠢᠭᠡᠳᠦᠭᠡᠷ ᠳᠠᠪᠬᠤᠷᠭ᠎ᠠ ᠶᠢᠨ ᠬᠤᠷᠠᠯ ᠤᠨ ᠲᠢᠩᠬᠢᠮ ᠳᠤ ᠶᠠᠪᠤᠭᠳᠠᠪᠠ᠃ ᠥᠨᠥ ᠵᠢᠯ ᠤᠨ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠤᠨ ᠭᠤᠣᠯ ᠰᠡᠳᠦᠪ ᠪᠣᠯ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠨ᠎ᠡ︾᠃ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ᠂ ᠬᠤᠰᠢᠭᠤᠨ ᠤ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠵᠥᠪᠯᠡᠯ ᠤᠨ ᠡᠷᠬᠢᠯᠡᠭᠴᠢ ᠪᠦᠬᠡᠪᠠᠶᠠᠷ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠠᠷᠤᠭ᠎ᠠ ᠪᠠᠶ ᠴᠦᠨ ᠮᠧᠶ ᠬᠤᠷᠠᠯ ᠳᠤ ᠣᠷᠣᠯᠴᠠᠵᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠡᠷᠬᠢᠯᠡᠭᠴᠢ ᠯᠦ ᠸᠧᠶ ᠬᠦᠶ ᠨᠡᠷ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃
     ᠶᠣᠰᠣᠯᠠᠯ ᠳᠡᠭᠡᠷ᠎ᠡ ᠪᠦᠬᠡᠪᠠᠶᠠᠷ᠂ ᠶᠡᠷᠦᠩᠬᠡᠢ ᠱᠦᠵᠢ ᠰᠢ ᠶᠢᠨ ᠫᠢᠩ ᠰᠦᠯᠵᠢᠶᠡᠨ ᠤ ᠠᠮᠤᠷ ᠲᠦᠪᠰᠢᠨ ᠪᠠᠶᠢᠬᠤ ᠦᠭᠡᠢ ᠪᠣᠯ ᠤᠯᠤᠰ ᠤᠨ ᠠᠮᠤᠷ ᠲᠦᠪᠰᠢᠨ ᠪᠠᠶᠢᠵᠤ ᠴᠢᠳᠠᠬᠤ ᠦᠭᠡᠢ᠂ ᠠᠵᠤ ᠠᠬᠤᠢ ᠨᠡᠶᠢᠭᠡᠮ ᠤᠨ ᠲᠣᠭᠲᠠᠭᠤᠨ ᠠᠵᠢᠯᠯᠠᠭᠠᠨ ᠪᠠᠶᠢᠵᠤ ᠴᠢᠳᠠᠬᠤ ᠦᠭᠡᠢ᠂ ᠥᠷᠭᠡᠨ ᠤᠯᠠᠨ ᠲᠦᠮᠡᠨ ᠤ ᠠᠰᠢᠭ ᠲᠤᠰᠠ ᠶᠢ ᠴᠤ ᠪᠠᠲᠤᠯᠠᠵᠤ ᠴᠢᠳᠠᠬᠤ ᠦᠭᠡᠢ ᠭᠡᠵᠦ ᠴᠢᠩᠭᠠᠳᠬᠠᠭᠰᠠᠨ ᠶᠤᠮ᠃ ᠮᠠᠨ ᠤ ᠬᠤᠰᠢᠭᠤ ᠶᠡᠷᠦᠩᠬᠡᠶ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠰᠦᠯᠵᠢᠶᠡᠨ ᠤ ᠠᠮᠤᠷ ᠲᠦᠪᠰᠢᠨ ᠤ ᠠᠵᠢᠯ ᠤᠨ ︽ᠳᠥᠷᠪᠡ ᠶᠢ ᠪᠠᠷᠢᠮᠲᠠᠯᠠᠬᠤ︾ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠤ᠂ ᠰᠦᠯᠵᠢᠶᠡᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ᠂ ᠬᠠᠷᠢᠶ᠎ᠠ ᠣᠷᠣᠨ ᠤ ᠬᠠᠷᠢᠭᠤᠴᠠᠯᠭ᠎ᠠ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠭᠦᠢᠴᠡᠳᠬᠡᠵᠦ᠂ ᠰᠦᠯᠵᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠥᠷᠢᠰᠥᠯᠳᠦᠭᠡᠨ ᠢ ᠢᠳᠡᠪᠬᠢᠲᠡᠢ ᠠᠷᠭᠠᠴᠠᠵᠤ᠂ ᠠᠷᠠᠳ ᠤᠯᠠᠨ ᠤ ᠰᠦᠯᠵᠢᠶᠡᠨ ᠤ ᠣᠷᠣᠨ ᠵᠠᠢ ᠶᠢᠨ ᠲᠤᠰ ᠪᠡᠶ᠎ᠡ ᠶᠢᠨ ᠠᠰᠢᠭ ᠲᠤᠰᠠ ᠶᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠪᠦᠬᠦ ᠨᠡᠶᠢᠭᠡᠮ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤᠪᠠᠷ ᠪᠠᠶᠢᠭᠤᠯᠬᠤ ᠶᠢ ᠠᠬᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠪᠠᠬᠢ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠪᠦᠬᠡᠪᠠᠶᠠᠷ᠂ ᠰᠢᠨ᠎ᠡ ᠪᠠᠷᠭᠤ ᠪᠠᠷᠠᠭᠤᠨ ᠬᠤᠰᠢᠭᠤᠨ ᠤ 2021 ᠣᠨ ᠤ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠤᠬᠠᠭᠤᠯᠭ᠎ᠠ ᠶᠢᠨ ᠭᠠᠷᠠᠭ ᠵᠢᠩᠬᠢᠨᠢ ᠪᠠᠷ ᠡᠬᠢᠯᠡᠭᠰᠡᠨ ᠢ ᠨᠡᠶᠢᠲᠡᠯᠡᠪᠡ᠃      ᠠᠵᠢᠯᠯᠠᠭ᠎ᠠ ᠳᠤ ᠪᠠᠰᠠ ᠬᠥᠯᠥᠨ ᠪᠤᠶᠢᠷ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠰᠦᠯᠵᠢᠶᠡᠨ ᠤ ᠠᠵᠢᠯ ᠲᠥᠷᠥᠯ ᠤᠨ ᠨᠠᠮ ᠤᠨ ᠪᠠᠶᠢᠭᠤᠯᠤᠯᠲᠠ ᠶᠢᠨ ᠠᠯᠪᠠᠨ ᠬᠡᠷ ᠤᠨ ᠡᠷᠬᠢᠯᠡᠭᠴᠢ᠂ ᠳᠡᠭᠡᠳᠦ ᠵᠡᠷᠭᠡ ᠶᠢᠨ ᠨᠠᠶᠢᠷᠠᠭᠤᠯᠤᠭᠴᠢ᠂ ᠬᠥᠯᠥᠨ ᠪᠤᠶᠢᠷ ᠤᠨ ᠠᠷᠪᠠᠨ ᠰᠢᠯᠢᠳᠡᠭ ᠰᠤᠷᠪᠤᠯᠵᠢᠯᠠᠭᠴᠢ᠂ ᠤᠯᠤᠰ ᠤᠨ ᠳᠡᠭᠡᠳᠦ ᠵᠡᠷᠭᠡ ᠶᠢᠨ ᠶᠠᠷᠢᠶ᠎ᠠ ᠬᠡᠯᠡᠯᠴᠡᠭᠡᠨ ᠤ ᠪᠠᠶᠢᠳᠠᠯ ᠢ ᠵᠠᠳᠠᠯᠤᠨ ᠰᠢᠨᠵᠢᠯᠡᠭᠴᠢ ᠪᠠᠶ ᠶᠢᠨ ᠭᠧ ᠶᠢ ᠤᠷᠢᠵᠤ ᠣᠯᠠᠨ ᠳᠤ ᠬᠢᠴᠢᠶᠡᠯ ᠣᠷᠤᠭᠤᠯᠪᠠ᠃ ᠪᠠᠶ ᠶᠢᠨ ᠭᠧ ︽ᠵᠠᠭᠤᠴᠢᠯᠠᠭᠤᠷ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ︾ ᠪᠠᠷ ᠰᠡᠳᠦᠪᠯᠡᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢᠨ ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠱᠠᠭᠠᠷᠳᠠᠯᠭ᠎ᠠ ᠶᠢᠨ ᠲᠣᠭᠤᠷᠢᠨ ᠳᠤ᠂ ᠤᠯᠠᠨ ᠳᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠲᠦᠭᠡᠮᠡᠯᠵᠢᠭᠦᠯᠵᠦ᠂ ᠰᠦᠯᠵᠢᠶᠡᠨ ᠤ ᠠᠮᠤᠷ ᠲᠦᠪᠰᠢᠨ ᠤ ᠬᠠᠮᠠᠭᠠᠯᠠᠯᠲᠠ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠰᠦᠯᠵᠢᠶᠡᠨ ᠤ ᠠᠮᠤᠷ ᠲᠦᠪᠰᠢᠨ ᠢ ᠦᠨᠡᠨᠬᠦ ᠬᠠᠮᠠᠭᠠᠯᠠᠬᠤ ᠬᠡᠷᠡᠭᠲᠡᠢ ᠭᠡᠵᠡᠢ᠃      ᠣᠶᠢᠯᠠᠭᠠᠭᠰᠠᠨ ᠢᠶᠠᠷ᠂ ᠮᠠᠨ ᠤ ᠬᠤᠰᠢᠭᠤ ᠪᠠᠰᠠ ᠰᠦᠯᠵᠢᠶᠡᠨ ᠤ ᠠᠮᠤᠷ ᠲᠦᠪᠰᠢᠨ ᠤ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ᠂ ᠰᠤᠷᠭᠠᠭᠤᠯᠢ ᠶᠢᠨ ᠬᠦᠷᠢᠶᠡᠨ ᠤ ᠡᠳᠦᠷ᠂ ᠴᠠᠬᠢᠯᠭᠠᠨ ᠬᠤᠯᠪᠣᠭᠠᠨ ᠤ ᠡᠳᠦᠷ᠂ ᠬᠠᠤᠯᠢ ᠪᠠᠷ ᠵᠠᠰᠠᠬᠤ ᠡᠳᠦᠷ᠂ ᠮᠥᠩᠭᠦᠨ ᠭᠦᠢᠯᠭᠡᠭᠡᠨ ᠤ ᠡᠳᠦᠷ᠂ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠡᠳᠦᠷ ᠵᠡᠷᠭᠡ ᠭᠤᠤᠯ ᠰᠡᠳᠦᠪᠲᠦ ᠡᠳᠦᠷ ᠤᠨ ᠠᠵᠢᠯᠯᠠᠭ᠎ᠠ ᠵᠢᠴᠢ ᠰᠦᠯᠵᠢᠶᠡᠨ ᠤ ᠠᠮᠤᠷ ᠲᠦᠪᠰᠢᠨ ᠢ ᠦᠨᠳᠦᠰᠦᠨ ᠱᠠᠲᠤᠨ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠬᠤ ᠭᠦᠨ ᠵᠤᠵᠠᠭᠠᠨ ᠠᠭᠤᠷ ᠠᠮᠢᠰᠬᠤᠯ ᠢ ᠪᠥᠬᠦ ᠲᠠᠯ᠎ᠠ ᠪᠠᠷ ᠪᠣᠶ ᠪᠣᠯᠭᠠᠵᠤ᠂ ᠠᠮᠤᠷ ᠲᠦᠪᠰᠢᠨ᠂ ᠡᠷᠡᠭᠦᠯ ᠡᠩᠬᠡ ᠰᠦᠯᠵᠢᠶᠡᠨ ᠤ ᠣᠷᠴᠢᠨ ᠲᠣᠭᠤᠷᠢᠨ ᠢ ᠪᠣᠢ ᠪᠣᠯᠭᠠᠵᠠᠢ᠃      ᠡᠨᠡᠬᠦ ᠬᠤᠭᠤᠴᠠᠭᠠᠨ ᠳᠤ᠂ ᠬᠥᠯᠥᠨ ᠪᠤᠶᠢᠷ ᠬᠤᠲᠠ ᠶᠢᠨ ᠨᠠᠮ ᠤᠨ ᠬᠤᠷᠢᠶ᠎ᠠ ᠶᠢᠨ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠤᠨ ᠡᠷᠬᠢᠯᠡᠭᠴᠢ ᠯᠦ ᠸᠧᠶ ᠬᠦᠶ ᠨᠡᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠦᠵᠡᠭᠦᠯᠬᠦ᠂ ᠰᠣᠯᠢᠯᠴᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠠᠮ ᠵᠠᠭᠤᠴᠢᠯᠠᠭᠤᠷ ᠤᠨ ᠲᠥᠪ ᠤᠨ ᠠᠵᠢᠯᠯᠠᠭᠠᠨ ᠤ ᠶᠠᠪᠤᠴᠠ᠂ ᠵᠣᠬᠢᠶᠠᠨ ᠪᠠᠶᠢᠭᠤᠯᠤᠯᠲᠠ ᠶᠢᠨ ᠪᠦᠲᠦᠴᠡ᠂ ᠬᠠᠮᠢᠶᠠᠷᠤᠯᠲᠠ ᠶᠢᠨ ᠪᠠᠶᠢᠭᠤᠯᠤᠯ᠂ ᠬᠠᠲᠠᠭᠤ ᠲᠣᠨᠤᠭ ᠤᠨ ᠲᠣᠬᠢᠷᠠᠭᠤᠯᠤᠯᠲᠠ ᠵᠡᠷᠭᠡ ᠦᠨᠳᠦᠰᠦᠨ ᠪᠠᠶᠢᠳᠠᠯ ᠵᠢᠴᠢ ᠬᠠᠮ ᠵᠠᠭᠤᠴᠢᠯᠠᠭᠤᠷ ᠤᠨ ᠴᠠᠭ ᠦᠶ᠎ᠡ ᠳᠤ᠂ ᠬᠡᠷᠬᠢᠨ ︽ᠸᠢᠴᠠᠲ ᠪᠢᠴᠢᠯ ᠪᠦᠷᠭᠡ ᠨᠢᠭᠡ  ᠰᠢᠯᠵᠢᠶ᠎ᠡ︾᠂ ᠲᠢᠭ᠋ ᠲᠤᠭ ᠵᠡᠷᠭᠡ ᠰᠢᠨ᠎ᠡ ᠪᠠᠷ ᠪᠣᠶ ᠪᠣᠯᠤᠭᠰᠠᠨ ᠵᠠᠭᠤᠴᠢᠯᠠᠭᠤᠷ ᠤᠨ ᠠᠭᠤᠰᠤᠯᠴᠠᠯ ᠢ ᠬᠡᠷᠡᠭᠯᠡᠨ᠂ ᠭᠤᠤᠯ ᠪᠣᠯᠬᠤ ᠶᠠᠷᠢᠶ᠎ᠠ ᠬᠡᠯᠡᠯᠴᠡᠭᠡᠨ ᠤ ᠵᠠᠭᠤᠴᠢᠯᠠᠭᠤᠷ ᠤᠨ ᠵᠢᠭᠰᠠᠭᠠᠯ ᠤᠨ ᠭᠠᠵᠠᠷ ᠢ ᠤᠯᠠᠮ ᠴᠢᠨᠠᠭᠰᠢᠳᠠ ᠪᠤᠵᠠᠭᠠᠶᠢᠷᠠᠭᠤᠯᠵᠤ᠂ ᠠᠷᠠᠳ ᠣᠯᠠᠨ ᠤ ᠰᠣᠶᠣᠯ ᠤᠨ ᠬᠡᠷᠡᠭᠴᠡᠭᠡ ᠱᠠᠭᠠᠷᠳᠠᠯᠭ᠎ᠠ ᠶᠢᠨ ᠰᠢᠨ᠎ᠡ ᠬᠦᠰᠡᠯ ᠡᠷᠡᠮᠡᠯᠵᠡᠯ ᠢ ᠬᠠᠩᠭᠠᠵᠤ ᠪᠠᠶᠢᠭ᠎ᠠ ᠶᠢ ᠣᠶᠢᠯᠠᠭᠠᠭᠰᠠᠨ ᠪᠠᠶᠢᠨ᠎ᠠ᠃      ᠮᠠᠩᠯᠠᠢ ᠮᠠᠯᠵᠢᠯ ᠤᠨ ᠲᠤᠰᠬᠠᠢ ᠬᠤᠷᠰᠢᠶᠠᠵᠢᠯ ᠳᠤ᠂ ᠯᠦ ᠸᠧᠢ ᠬᠦᠢ ᠨᠠᠷ ᠮᠠᠯᠴᠢᠳ ᠲᠤ ᠰᠦᠯᠵᠢᠶᠡᠨ ᠤ ᠠᠮᠤᠷ ᠲᠦᠪᠰᠢᠨ ᠤ ᠮᠡᠳᠡᠯᠭᠡ ᠶᠢ ᠤᠬᠠᠭᠤᠯᠵᠤ᠂ ᠮᠠᠳᠠᠭ ᠲᠠᠢ ᠠᠰᠠᠭᠤᠳᠠᠯ ᠢ ᠲᠠᠶᠢᠯᠪᠤᠷᠢᠯᠠᠵᠤ᠂ ︽ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠤ ᠲᠥᠯᠥᠭᠡ᠂ ᠰᠦᠯᠵᠢᠶᠡᠨ ᠤ ᠠᠮᠤᠷ ᠲᠦᠪᠰᠢᠨ ᠠᠷᠠᠳ ᠲᠦᠮᠡᠨ ᠳᠤ ᠲᠦᠰᠢᠭᠯᠡᠬᠦ︾ ᠰᠠᠶᠢᠨ ᠰᠠᠶᠢᠬᠠᠨ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠢ ᠪᠣᠯᠭᠠᠪᠠ᠃      ᠯᠦ ᠸᠧᠢ ᠬᠦᠢ ᠨᠡᠷ ᠪᠠᠰᠠ ᠬᠤᠰᠢᠭᠤᠨ ᠤ ᠰᠡᠭᠡᠭᠡᠲᠡᠨ ᠮᠦᠽᠧᠢ᠂ ᠬᠤᠰᠢᠭᠤᠨ ᠤ ᠪᠠᠷᠭᠤ ᠠᠮᠢ ᠠᠬᠤᠢ ᠶᠢᠨ ᠣᠷᠳᠣᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠲᠣᠭᠤᠷᠢᠨ ᠦᠵᠡᠪᠡ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号