ᠪᠦᠬᠡᠪᠠᠶᠠᠷ ᠬᠤᠰᠢᠭᠤᠨ ᠤ ᠭᠠᠯ ᠢ ᠰᠡᠷᠭᠡᠶᠢᠯᠡᠬᠦ ᠵᠢᠯᠣᠭᠤᠳᠬᠤ ᠭᠠᠵᠠᠷ ᠲᠤ ᠭᠦᠨᠵᠡᠭᠡᠶᠢᠷᠡᠵᠦ ︽10.13︾  ᠤ ᠮᠣᠩᠭᠤᠯ ᠤᠯᠤᠰ ᠤᠨ ᠬᠢᠯᠢ ᠶᠢᠨ ᠭᠠᠳᠠᠨᠠᠬᠢ ᠭᠠᠯ ᠤᠨ ᠠᠰᠠᠭᠤᠳᠠᠯ ᠤᠨ ᠲᠤᠬᠠᠶ ᠵᠢᠯᠣᠭᠤᠳᠣᠯᠭ᠎ᠠ ᠬᠢᠪᠠ
ᠨᠡᠶᠢᠲᠡᠯᠡᠭᠰᠡᠨ ᠴᠠᠭ᠄
2021/10/14
     10 ᠰᠠᠷ᠎ᠠ ᠶᠢᠨ 13 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠰᠢᠭᠤᠨ ᠤ ᠭᠠᠯ ᠢ ᠰᠡᠷᠭᠡᠶᠢᠯᠡᠬᠦ ᠵᠢᠯᠣᠭᠤᠳᠬᠤ ᠭᠠᠵᠠᠷ ᠲᠤ ᠭᠦᠨᠵᠡᠭᠡᠶᠢᠷᠡᠨ᠂ ︽10.13︾ ᠤ ᠮᠣᠩᠭᠤᠯ ᠤᠯᠤᠰ ᠤᠨ ᠬᠢᠯᠢ ᠶᠢᠨ ᠭᠠᠳᠠᠨᠠᠬᠢ ᠭᠠᠯ ᠲᠦᠢᠮᠡᠷ ᠤᠨ ᠲᠤᠬᠠᠶ ᠵᠢᠯᠣᠭᠤᠳᠣᠯᠭ᠎ᠠ ᠬᠢᠪᠠ᠃
     ᠪᠦᠬᠡᠪᠠᠶᠠᠷ ᠭᠠᠯ ᠤᠨᠲᠠᠷᠠᠭᠠᠬᠤ ᠠᠬᠢᠴᠠ ᠶᠢᠨ ᠪᠠᠶᠢᠳᠠᠯ ᠢ ᠨᠠᠷᠢᠯᠢᠭ ᠣᠶᠢᠯᠠᠭᠠᠬᠤ ᠶᠢᠨ ᠬᠠᠮᠲᠤ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ᠂ ᠲᠣᠭᠤᠷᠢᠨ ᠴᠠᠭᠳᠠᠵᠤ ᠠᠵᠢᠭᠯᠠᠬᠤ᠂ ᠭᠤᠤᠯᠳᠠᠯᠭ᠎ᠠ ᠲᠠᠢ ᠪᠠᠶᠢᠷᠢᠯᠠᠭᠤᠯᠬᠤ᠂ ᠴᠡᠭ ᠲᠤ ᠰᠠᠭᠤᠵᠤ ᠰᠠᠬᠢᠨ ᠬᠠᠷᠠᠬᠤ ᠵᠡᠷᠭᠡ ᠠᠷᠭ᠎ᠠ ᠶᠢ ᠠᠪᠴᠤ᠂ ᠬᠢᠯᠢ ᠶᠢᠨ ᠭᠠᠳᠠᠨᠠᠬᠢ ᠭᠠᠯ ᠢ ᠪᠥᠬᠦ ᠬᠦᠴᠦᠨ ᠢᠶᠠᠷ ᠢᠶᠠᠨ ᠬᠤᠷᠢᠭᠯᠠᠬᠤ ᠬᠡᠷᠡᠭᠲᠡᠶ ᠭᠡᠵᠦ ᠱᠠᠭᠠᠷᠳᠠᠪᠠ᠃
     ᠪᠦᠬᠡᠪᠠᠶᠠᠷ ᠴᠢᠬᠤᠯᠠᠴᠢᠯᠠᠬᠤ ᠳᠠᠭᠠᠨ᠂ ᠣᠳᠣᠬᠠᠨ ᠳᠤ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠᠶᠢᠳᠠᠯ ᠬᠦᠨᠳᠦ ᠨᠣᠴᠢᠲᠠᠢ ᠪᠠᠶᠢᠵᠤ᠂ ᠡᠯ᠎ᠡ ᠰᠤᠮᠤ ᠪᠠᠯᠭᠠᠰᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠪᠠ ᠣᠨᠴᠠᠭᠠᠢ ᠴᠢᠨᠠᠷ ᠢ ᠭᠦᠢᠴᠡᠳ ᠲᠠᠨᠢᠵᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢ ᠣᠳᠣᠬᠠᠨ ᠤ ᠶᠡᠭᠡ ᠶᠠᠪᠤᠳᠠᠯ ᠪᠣᠯᠭᠠᠨ ᠠᠳᠬᠤᠵᠤ᠂ ᠴᠠᠭ ᠢᠮᠠᠭᠲᠠ ᠰᠡᠷᠡᠮᠵᠢ ᠲᠠᠢ ᠪᠠᠶᠢᠵᠤ᠂ ᠥᠴᠦᠬᠡᠨ ᠴᠦ ᠮᠢᠨᠴᠦᠭᠦᠷᠡᠨ ᠲᠠᠶᠢᠪᠤᠰᠢᠷᠠᠵᠤ ᠪᠣᠯᠬᠤ ᠥᠭᠡᠢ᠂ ᠪᠠᠶᠢᠳᠠᠯ ᠢ ᠴᠠᠭ ᠲᠤᠬᠠᠶ ᠳᠤᠨᠢ ᠣᠨᠣᠪᠴᠢᠲᠠᠶ ᠰᠤᠳᠤᠯᠤᠨ ᠮᠠᠭᠠᠳᠯᠠᠵᠤ᠂ ᠨᠢᠭᠡᠳᠦᠭᠡᠷ ᠹᠷᠣᠨᠲ ᠤᠨ ᠭᠠᠯ ᠤᠨᠲᠠᠷᠠᠭᠠᠬᠤ ᠠᠩᠬᠢ ᠶᠢᠨ ᠭᠡᠰᠢᠭᠦᠳ ᠤᠨ ᠪᠡᠶ᠎ᠡ ᠶᠢᠨ ᠠᠮᠤᠷ ᠲᠦᠪᠰᠢᠨ ᠢ ᠦᠨᠡᠨᠬᠦ ᠪᠠᠲᠤᠯᠠᠭᠰᠠᠨ ᠪᠠᠶᠢᠳᠠᠯ ᠳᠣᠣᠷ᠎ᠠ᠂ ᠦᠳᠲᠡᠷ ᠲᠦᠷᠭᠡᠨ ᠬᠥᠳᠡᠯᠦᠯᠴᠡᠵᠦ᠂ ᠲᠠᠬᠢᠨ ᠨᠤᠴᠣᠬᠤ ᠠᠴᠠ ᠰᠡᠷᠭᠡᠶᠢᠯᠡᠬᠦ ᠬᠡᠷᠡᠭᠲᠡᠶ᠃ ᠤᠯᠤᠰ ᠲᠥᠷᠥ ᠶᠢ ᠡᠷᠬᠢᠮᠯᠡᠬᠦ᠂ ᠲᠣᠭᠲᠠᠭᠤᠨ ᠪᠠᠶᠢᠳᠠᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠳᠡᠭᠡᠳᠦ ᠬᠡᠮᠵᠢᠶᠡᠨ ᠠᠴᠠ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠡᠷᠡᠰ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠰᠢᠪᠲᠤᠯᠤᠯᠲᠠ ᠶᠢᠨ ᠳᠠᠶᠢᠯᠠᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠤᠯᠬᠤ ᠬᠡᠷᠡᠭᠲᠡᠶ ᠭᠡᠵᠡᠢ᠃
     ᠣᠶᠢᠯᠠᠭᠠᠭᠰᠠᠨ ᠢᠶᠠᠷ᠂ 10 ᠰᠠᠷ᠎ᠠ ᠶᠢᠨ 13 ᠤ ᠡᠳᠦᠷ ᠤᠨ 11 ᠴᠠᠭ 52 ᠮᠢᠨᠦ᠋ᠲ ᠲᠤ᠂ ᠬᠡᠰᠡᠭ ᠮᠠᠯᠴᠢᠳ ᠮᠠᠨ ᠤ ᠬᠤᠰᠢᠭᠤᠨ ᠤ ᠠᠯᠳ᠋ᠬᠠᠮᠡᠭᠡᠯ ᠪᠠᠯᠭᠠᠰᠤ ᠶᠢᠨ ᠲᠠᠷᠭᠤᠨᠬᠤᠸᠠ ᠭᠠᠴᠠᠭᠠᠨ ᠳᠤ ᠮᠣᠩᠭᠤᠯ ᠤᠯᠤᠰ ᠤᠨ ᠬᠢᠯᠢ ᠳᠣᠲᠣᠷ᠎ᠠ ᠭᠠᠯ ᠤᠨ ᠴᠡᠭ ᠪᠠᠶᠢᠬᠤ ᠶᠢ ᠣᠯᠵᠤ ᠮᠡᠳᠡᠪᠡ᠂ ᠬᠤᠰᠢᠭᠤᠨ ᠤ ᠭᠠᠯ ᠢ ᠰᠡᠷᠭᠡᠶᠢᠯᠡᠬᠦ ᠵᠢᠯᠣᠭᠤᠳᠬᠤ ᠭᠠᠵᠠᠷ ᠬᠡᠷᠡᠭ ᠤᠨ ᠮᠡᠳᠡᠭᠦᠯᠦᠯᠲᠡ ᠶᠢ ᠣᠯᠤᠮᠠᠭᠴᠠ ᠤᠢ ᠰᠢᠭᠤᠢ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠳᠠᠷᠤᠢ ᠲᠦᠷᠭᠡᠨ ᠬᠡᠷᠡᠭᠵᠢᠭᠦᠯᠵᠦ᠂ ᠡᠮᠦᠨ᠎ᠡ ᠹᠷᠣᠨᠲ ᠲᠤ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠯᠦᠸᠧ ᠴᠧᠩ ᠭᠤᠸᠠᠩ ᠡᠮᠦᠨ᠎ᠡ ᠨᠢ ᠵᠢᠯᠣᠭᠤᠳᠴᠤ᠂ ᠤᠷᠢᠳ ᠬᠤᠵᠢᠳ 20 ᠶᠡᠭᠡ ᠪᠠᠭ᠎ᠠ ᠮᠠᠰᠢᠨ᠂ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ 80 ᠭᠠᠷᠤᠢ ᠬᠦᠮᠦᠨ᠂ ᠰᠠᠯᠬᠢᠨ ᠤ ᠬᠦᠴᠦ ᠪᠠᠷ ᠭᠠᠯ ᠤᠨᠲᠠᠷᠠᠭᠠᠬᠤ 40 ᠮᠠᠰᠢᠨ ᠢ ᠬᠦᠳᠡᠯᠭᠡᠪᠡ᠃ ᠲᠣᠰ ᠤᠳᠠᠭᠠᠨ ᠤ ᠬᠢᠯᠢ ᠶᠢᠨ ᠭᠠᠳᠠᠨᠠᠬᠢ ᠭᠠᠯ ᠢ ᠤᠨᠲᠠᠷᠠᠭᠠᠬᠤ ᠱᠤᠭᠤᠮ ᠤᠨ ᠣᠷᠳᠣ ᠨᠢ ᠪᠠᠷᠤᠭ 3 ᠺᠢᠯᠣᠮᠧᠲᠷ ᠪᠠᠶᠢᠵᠤ᠂ ᠭᠠᠯ ᠭᠠᠷᠤᠭᠰᠠᠨ ᠭᠠᠵᠠᠷ ᠨᠢ ᠲᠠᠷᠠᠬᠠᠶ ᠪᠤᠲᠠᠷᠬᠠᠶ ᠪᠠᠶᠢᠵᠤ᠂ ᠭᠠᠯ ᠤᠨ ᠪᠠᠶᠢᠳᠠᠯ ᠲᠣᠭᠲᠠᠭᠤᠨ᠂ ᠲᠤᠬᠠᠶ ᠶᠢᠨ ᠲᠠᠯᠠᠪᠤᠷ ᠤᠨ ᠰᠠᠯᠬᠢᠨ ᠤ ᠴᠢᠭᠯᠡᠯ ᠨᠢ ᠪᠠᠷᠠᠭᠤᠨ ᠬᠤᠶᠢᠲᠤ ᠶᠢᠨ ᠰᠠᠯᠬᠢ ᠪᠠᠶᠢᠵᠤ᠂ ᠰᠠᠯᠬᠢᠨ ᠤ ᠬᠦᠴᠦ ᠨᠢ 4 — 5 ᠲᠠᠰ ᠪᠣᠯᠤᠨ᠎ᠠ᠃ ᠰᠤᠷᠪᠤᠯᠵᠢᠯᠠᠭᠴᠢ ᠶᠢ ᠡᠬᠡ ᠪᠢᠴᠢᠭ ᠶᠠᠪᠤᠭᠤᠯᠬᠤ ᠠᠴᠠ ᠡᠮᠦᠨ᠎ᠡ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠠᠷᠤᠢ ᠲᠦᠷᠭᠡᠨ ᠬᠦᠳᠡᠯᠦᠯᠴᠡᠨ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠯᠲᠠ ᠬᠢᠵᠦ᠂ ᠵᠣᠬᠢᠰᠲᠠᠢ ᠰᠢᠢᠳᠪᠦᠷᠢᠯᠡᠨ᠂ ᠮᠠᠨ ᠤ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠠᠩᠭᠢ ᠶᠢᠨ ᠭᠡᠰᠢᠭᠦᠳ ᠪᠠ ᠮᠣᠩᠭᠤᠯ ᠤᠯᠤᠰ ᠤᠨ ᠪᠠᠴᠢᠮ ᠪᠠᠶᠢᠳᠠᠯ ᠢ ᠠᠷᠭᠠᠴᠠᠬᠤ ᠭᠠᠯ ᠤᠨᠲᠠᠷᠠᠭᠠᠬᠤ ᠠᠩᠭᠢ ᠶᠢᠨ ᠭᠡᠰᠢᠭᠦᠳ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢᠨ ᠬᠠᠮᠲᠤ᠂ ᠬᠤᠰᠢᠭᠤᠨ ᠤ ᠬᠢᠯᠢ ᠶᠢᠨ ᠬᠠᠮᠢᠶᠠᠷᠤᠯᠲᠠ ᠶᠢᠨ ᠶᠡᠭᠡ ᠠᠩᠭᠢ᠂ ᠡᠯ᠎ᠡ ᠰᠤᠮᠤ ᠪᠠᠯᠭᠠᠰᠤ᠂ ᠭᠠᠴᠠᠭ᠎ᠠ ᠬᠠᠮᠲᠤᠷᠠᠨ ᠠᠵᠢᠯᠯᠠᠵᠤ᠂ ᠬᠢᠯᠢ ᠶᠢᠨ ᠭᠠᠳᠠᠨᠠᠬᠢ ᠭᠠᠯ ᠢ ᠬᠢᠯᠢ ᠶᠢᠨ ᠭᠠᠯ ᠤᠨ ᠰᠡᠷᠭᠡᠶᠢᠯᠡᠯᠲᠡ ᠶᠢᠨ ᠲᠤᠰᠠᠭᠠᠷᠯᠠᠬᠤ ᠪᠦᠰᠡ ᠶᠢᠨ ᠭᠠᠳᠠᠨ᠎ᠠ ᠬᠠᠰᠢᠵᠤ᠂ ᠮᠠᠨ ᠤ ᠬᠤᠰᠢᠭᠤᠨ ᠤ ᠬᠢᠯᠢ ᠳᠤ ᠬᠦᠷᠲᠡᠯ᠎ᠡ ᠳᠡᠯᠭᠡᠷᠡᠭᠰᠡᠨ ᠥᠬᠡᠶ᠃ ᠰᠠᠯᠬᠢᠨ ᠤ ᠴᠢᠭᠯᠡᠯ ᠤᠨ ᠭᠡᠨᠡᠳᠲᠡ ᠶᠢᠨ ᠬᠤᠪᠢᠷᠠᠯᠲᠠ᠂ ᠰᠠᠯᠬᠢᠨ ᠤ ᠬᠦᠴᠦ ᠶᠡᠬᠡᠰᠬᠦ ᠵᠡᠷᠭᠡ ᠲᠣᠭᠲᠠᠭᠤᠨ ᠪᠤᠰᠤ ᠬᠦᠴᠦᠨ ᠵᠦᠢᠯ ᠠᠴᠠ ᠪᠣᠯᠵᠣ ᠬᠢᠯᠢ ᠶᠢᠨ ᠭᠠᠳᠠᠨᠠᠬᠢ ᠭᠠᠯ ᠳᠠᠬᠢᠨ ᠨᠣᠴᠣᠬᠤ ᠭᠠᠯ ᠤᠨ ᠠᠶᠤᠯ ᠤᠨ ᠳᠠᠯᠳᠠ ᠬᠡᠮ ᠡᠭᠦᠰᠬᠦ ᠶᠢ ᠰᠡᠷᠭᠡᠶᠢᠯᠡᠬᠦ ᠶᠢᠨ ᠲᠥᠯᠥᠭᠡ᠂ ᠬᠤᠰᠢᠭᠤᠨ ᠤ ᠭᠠᠯ ᠢ ᠰᠡᠷᠭᠡᠶᠢᠯᠡᠨ ᠤᠨᠲᠠᠷᠠᠭᠠᠬᠤ ᠵᠢᠯᠣᠭᠤᠳᠬᠤ ᠭᠠᠵᠠᠷ ᠠᠴᠠ ᠦᠷᠭᠦᠯᠵᠢᠯᠡᠨ ᠦᠯᠡᠳᠡᠨ ᠰᠠᠬᠢᠵᠤ᠂ ᠭᠠᠯ ᠤᠨᠲᠠᠷᠠᠭᠠᠬᠤ ᠬᠦᠴᠦᠨ ᠢ ᠳᠣᠭᠢᠷᠠᠭᠤᠯᠤᠨ ᠭᠠᠯ ᠤᠨ ᠪᠠᠶᠢᠳᠠᠯ ᠳᠤ ᠨᠢᠭᠲᠠ ᠬᠢᠨᠠᠯᠲᠠ ᠲᠠᠯᠪᠢᠵᠤ ᠪᠠᠶᠢᠨ᠎ᠠ᠃
 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号