ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠢ 4.5% ᠪᠠᠷ ᠨᠡᠮᠡᠭᠳᠡᠬᠦᠯᠦᠨ᠎ᠠ
ᠨᠡᠶᠢᠲᠡᠯᠡᠭᠰᠡᠨ ᠴᠠᠭ᠄
2021/10/14
    ᠨᠠᠮ ᠤᠨ ᠲᠦᠪ ᠬᠤᠷᠢᠶ᠎ᠠ ᠪᠠ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠵᠦᠪᠰᠢᠶᠡᠷᠡᠯ ᠢᠶᠠᠷ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠬᠡᠮ ᠤᠨ ᠪᠠᠳᠤᠯᠠᠭ᠎ᠠ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤᠢᠢᠷ᠎ᠠ ᠳᠤ ︽2012 ᠤᠨ ᠤ ᠠᠵᠢᠯ ᠠᠴᠠ ᠪᠠᠨ ᠠᠮᠠᠷᠠᠭᠰᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠢ ᠳᠤᠬᠢᠷᠠᠭᠤᠯᠬᠤ ᠳᠤᠬᠠᠢ ᠮᠡᠳᠡᠭᠳᠡᠯ︾ ᠢ ᠳᠠᠷᠤᠮᠠᠯᠯᠠᠨ ᠲᠠᠷᠬᠠᠭᠠᠵᠦ᠂ 2012 ᠤᠨ ᠤ 1 ᠰᠠᠷ᠎ᠠ ᠶᠢᠨ 1 ᠠᠴᠠ ᠡᠬᠢᠯᠡᠨ᠂ 2020 ᠤᠨ ᠤ ᠵᠢᠯ ᠤᠨ ᠰᠡᠬᠦᠯᠴᠢ ᠠᠴᠠ ᠡᠮᠦᠨ᠎ᠠ ᠳᠤᠭᠳᠠᠭᠠᠯ ᠶᠤᠰᠤᠭᠠᠷ ᠠᠵᠢᠯ ᠤᠨ ᠠᠮᠠᠷᠠᠯᠳᠠ ᠪᠠᠨ ᠠᠪᠬᠤ ᠭᠠᠷ ᠬᠦᠢᠴᠡᠳᠭᠡᠯ ᠬᠢᠭᠰᠡᠨ ᠪᠦᠬᠡᠳ ᠰᠠᠷ᠎ᠠ ᠪᠠᠷ ᠨᠠᠰᠤᠵᠢᠯ ᠤᠨ ᠳᠠᠭᠠᠳᠬᠠᠯ ᠠᠪᠴᠤ ᠪᠠᠶᠢᠭ᠎ᠠ ᠠᠵᠦ ᠠᠬᠤᠢᠢᠯᠠᠯ ᠪᠠ ᠠᠵᠢᠯ ᠦᠢᠯᠡᠰ ᠤᠨ ᠨᠢᠬᠡᠴᠢ ᠶᠢᠨ ᠠᠵᠢᠯᠳᠠᠨ ᠠᠵᠢᠯᠴᠢᠨ ᠤ ᠦᠨᠳᠦᠰᠦᠨ ᠨᠠᠰᠤᠵᠢᠯ ᠤᠨ ᠳᠠᠭᠠᠳᠬᠠᠯ ᠤᠨ ᠳᠦᠪᠰᠢᠨ ᠢ ᠳᠡᠭᠡᠭᠰᠢᠯᠡᠬᠦᠯᠵᠦ᠂ ᠶᠡᠷᠦᠩᠬᠡᠢ ᠳᠤᠬᠢᠷᠠᠭᠤᠯᠬᠤ ᠬᠡᠮᠵᠢᠶ᠎ᠠ ᠨᠢ 2020 ᠤᠨ ᠳᠤ ᠠᠵᠢᠯ ᠤᠨ ᠠᠮᠠᠷᠠᠯᠳᠠ ᠪᠠᠨ ᠠᠪᠤᠭᠰᠠᠳ ᠤᠨ ᠰᠠᠷ᠎ᠠ ᠶᠢᠨ ᠬᠦᠮᠦᠨ ᠳᠤᠮᠳᠠᠴᠢ ᠶᠢᠨ ᠦᠨᠳᠦᠰᠦᠨ ᠨᠠᠰᠤᠵᠢᠯ ᠤᠨ ᠳᠠᠭᠠᠳᠬᠠᠯ ᠤᠨ 4.5% ᠪᠤᠯᠤᠨ᠎ᠠ ᠭᠡᠵᠡᠢ᠃ ᠳᠤᠰ ᠤᠳᠠᠭᠠᠨ ᠤ ᠳᠤᠬᠢᠷᠠᠭᠤᠯᠤᠯᠳᠠ ᠨᠢ ᠳᠤᠭᠳᠠᠭᠰᠠᠨ ᠬᠡᠮᠵᠢᠶ᠎ᠠ ᠪᠠᠷ ᠳᠤᠬᠢᠷᠠᠭᠤᠯᠬᠤ ᠂ ᠬᠤᠯᠪᠤᠭᠳᠠᠭᠤᠯᠵᠦ ᠳᠤᠬᠢᠷᠠᠭᠤᠯᠬᠤ ᠪᠠ ᠵᠤᠬᠢᠬᠤ ᠬᠡᠮᠵᠢᠶ᠎ᠠ ᠪᠠᠷ ᠬᠡᠯᠪᠠᠶᠢᠯᠭᠡᠬᠦ ᠶᠢ ᠤᠶᠠᠯᠳᠤᠭᠤᠯᠬᠤ ᠠᠷᠭ᠎ᠠ ᠬᠡᠮᠵᠢᠶ᠎ᠠ ᠶᠢ ᠦᠷᠬᠦᠯᠵᠢᠯᠡᠨ ᠭᠡᠷᠡᠭᠵᠢᠬᠦᠯᠵᠦ᠂ ᠳᠤᠭᠳᠠᠭᠰᠠᠨ ᠬᠡᠮᠵᠢᠶ᠎ᠠ ᠪᠠᠷ ᠳᠤᠬᠢᠷᠠᠭᠤᠯᠬᠤ ᠨᠢ ᠨᠡᠶᠢᠬᠡᠮ ᠤᠨ ᠳᠦᠪ ᠭᠤᠤᠯᠴᠢ ᠶᠢ ᠢᠯᠡᠷᠡᠬᠦᠯᠵᠦ᠂ ᠠᠳᠠᠯᠢ ᠭᠠᠵᠠᠷ ᠤᠷᠤᠨ ᠤ ᠡᠯ᠎ᠠ ᠳᠦᠷᠦᠯ ᠤᠨ ᠠᠵᠢᠯ ᠠᠴᠠ ᠪᠠᠨ ᠠᠮᠠᠷᠠᠭᠰᠠᠳ ᠤᠨ ᠳᠤᠬᠢᠷᠠᠭᠤᠯᠬᠤ ᠪᠠᠷᠢᠮᠵᠢᠶ᠎ᠠ ᠶᠢ ᠦᠨᠳᠦᠰᠦᠨ ᠳᠡᠭᠡᠨ ᠠᠳᠠᠯᠢ ᠪᠠᠶᠢᠯᠭᠠᠨ᠎ᠠ︔ ᠬᠤᠯᠪᠤᠭᠳᠠᠭᠤᠯᠵᠦ ᠳᠤᠬᠢᠷᠠᠭᠤᠯᠬᠤ ᠨᠢ ︽ᠠᠷᠪᠢᠨ ᠳᠤᠰᠢᠶᠠᠪᠠᠯ ᠠᠷᠪᠢᠨ ᠤᠯᠬᠤ︾᠂ ︽ᠤᠷᠳᠤ ᠬᠤᠭᠤᠴᠠᠭ᠎ᠠ ᠳᠤᠰᠢᠶᠠᠪᠠᠯ ᠠᠷᠪᠢᠨ ᠤᠯᠬᠤ︾ ᠳᠤᠭᠳᠠᠴᠠ ᠶᠢ ᠢᠯᠡᠷᠡᠬᠦᠯᠵᠦ᠂ ᠠᠵᠢᠯ ᠤᠨ ᠪᠠᠶᠢᠷᠢᠨ ᠳᠠᠭᠠᠨ ᠪᠠᠶᠢᠬᠤ ᠳᠤ ᠠᠷᠪᠢᠨ ᠳᠤᠰᠢᠶᠠᠵᠦ᠂ ᠤᠯᠠᠨ ᠵᠢᠯ ᠳᠤᠰᠢᠶᠠᠭᠰᠠᠨ ᠬᠦᠮᠦᠰ ᠲᠤ ᠨᠠᠰᠤᠵᠢᠯ ᠤᠨ ᠳᠠᠭᠠᠳᠬᠠᠯ ᠢᠯᠡᠬᠦᠦ ᠬᠦᠷᠳᠡᠭᠡᠨ᠎ᠠ︔ ᠵᠤᠬᠢᠬᠤ ᠬᠡᠮᠵᠢᠶ᠎ᠠ ᠪᠠᠷ ᠬᠡᠯᠪᠠᠶᠢᠯᠭᠡᠬᠦ ᠨᠢ ᠭᠤᠤᠯᠳᠠᠯᠭ᠎ᠠ ᠲᠠᠢ ᠬᠦᠮᠦᠰ ᠲᠤ ᠬᠠᠯᠠᠮᠵᠢ ᠬᠦᠷᠳᠡᠭᠡᠬᠦ ᠶᠢ ᠢᠯᠡᠷᠡᠬᠦᠯᠵᠦ᠂ ᠦᠨᠳᠦᠷ ᠨᠠᠰᠤᠳᠠᠢ ᠪᠠ ᠬᠢᠯᠢ ᠬᠢᠵᠠᠭᠠᠷ ᠤᠷᠤᠨ ᠤ ᠬᠦᠴᠢᠷ ᠪᠡᠷᠭᠡᠰᠢᠶᠡᠯᠳᠡᠢ ᠤᠷᠤᠨ ᠤ ᠬᠦᠮᠦᠰ ᠢ ᠬᠠᠷᠠᠭᠠᠯᠵᠠᠭᠰᠠᠨ ᠪᠠᠶᠢᠨ᠎ᠠ᠃ ︽ᠮᠡᠳᠡᠭᠳᠡᠯ ︾ ᠳᠤ᠂ ᠡᠯ᠎ᠠ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠨᠢ ᠳᠤᠬᠠᠢ ᠶᠢᠨ ᠤᠷᠤᠨ ᠤ ᠪᠤᠳᠠᠳᠠᠢ ᠪᠠᠶᠢᠳᠠᠯ ᠲᠠᠢ ᠤᠶᠠᠯᠳᠤᠭᠤᠯᠵᠦ᠂ ᠭᠡᠷᠡᠭᠵᠢᠬᠦᠯᠬᠦ ᠳᠦᠰᠦᠪ ᠳᠤᠭᠳᠠᠵᠦ᠂ ᠦᠳᠳᠡᠷ ᠳᠦᠷᠭᠡᠨ ᠵᠤᠬᠢᠶᠠᠨ ᠪᠠᠶᠢᠭᠤᠯᠵᠦ᠂ ᠳᠤᠬᠢᠷᠠᠭᠤᠯᠤᠭᠰᠠᠨ ᠤ ᠳᠠᠷᠠᠭᠠᠬᠢ ᠨᠠᠰᠤᠵᠢᠯ ᠤᠨ ᠳᠠᠭᠠᠳᠬᠠᠯ ᠤᠨ ᠮᠦᠩᠬᠦ ᠶᠢ ᠳᠠᠷᠤᠢ ᠳᠦᠷᠬᠡᠨ ᠠᠵᠢᠯ ᠠᠴᠠ ᠪᠠᠨ ᠠᠮᠠᠷᠠᠭᠰᠠᠳ ᠤᠨ ᠭᠠᠷ ᠲᠤ ᠬᠦᠷᠭᠡᠬᠦ ᠬᠡᠷᠡᠭᠳᠡᠢ ᠭᠡᠵᠦ ᠱᠠᠭᠠᠷᠳᠠᠭᠰᠠᠨ ᠪᠠᠶᠢᠨ᠎ᠠ᠃
 
ᠢᠷᠡᠯᠲᠡ᠄ ᠰᠢᠨ᠎ᠡ ᠪᠠᠷᠭᠤ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号