ᠭᠤᠷᠪᠠᠨ ᠰᠠᠯᠠᠭ᠎ᠠ ᠮᠥᠴᠢᠷ ᠪᠢᠴᠢᠭ ᠮᠠᠲ᠋ᠧᠷᠢᠶᠠᠯ ᠲᠠᠷᠬᠠᠭᠠᠵᠤ᠄ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠳᠤ ᠬᠡᠷᠡᠭᠯᠡᠬᠦ ᠭᠠᠵᠠᠷ ᠢ ᠵᠤᠰᠠᠯᠠᠩ᠂ ᠪᠠᠭᠤᠳᠠᠯ ᠵᠡᠷᠭᠡ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢ ᠨᠡᠭᠡᠭᠡᠨ ᠠᠰᠢᠬᠯᠠᠬᠤ ᠳᠤ ᠬᠡᠷᠡᠭᠯᠡᠵᠦ ᠪᠣᠯᠬᠤ ᠥᠬᠡᠶ ᠬᠡᠪᠡ
ᠨᠡᠶᠢᠲᠡᠯᠡᠭᠰᠡᠨ ᠴᠠᠭ᠄
2021/10/14
       ᠠᠷᠠᠳ ᠤᠨ ᠰᠦᠯᠵᠢᠶ᠎ᠡ ᠶᠢᠨ ᠪᠡᠭᠡᠵᠢᠩ ᠤᠨ ᠮᠡᠳᠡᠭᠡ ᠰᠢᠶᠠᠨ ᠤ ᠬᠡᠪᠴᠢᠶᠡᠨ ᠤ ᠠᠵᠤ ᠠᠬᠤᠶ ᠶᠢ ᠬᠥᠭᠵᠢᠭᠦᠯᠵᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠵᠢᠮ᠎ᠡ ᠶᠣᠰᠣ ᠶᠢ ᠳᠠᠭᠠᠵᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠳᠤ ᠵᠦᠶ ᠵᠣᠬᠢᠰᠲᠠᠶ ᠭᠠᠵᠠᠷ ᠬᠡᠷᠡᠭᠯᠡᠬᠦ ᠬᠡᠷᠡᠭᠴᠡᠭᠡ ᠶᠢ ᠪᠠᠲᠤᠯᠠᠬᠤ ᠶᠢᠨ ᠲᠥᠯᠥᠭᠡ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ᠂ ᠬᠥᠳᠡᠭᠡ ᠠᠵᠤ ᠠᠬᠤᠶ ᠬᠥᠳᠡᠭᠡ ᠲᠣᠰᠬᠤᠨ ᠤ ᠶᠠᠮᠤᠨ ᠲᠦᠷᠦᠭᠦᠬᠡᠨ ︽ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠳᠤ ᠭᠠᠵᠠᠷ ᠬᠡᠷᠡᠭᠯᠡᠬᠦ ᠶᠢ ᠪᠠᠲᠤᠯᠠᠬᠤ ᠪᠠ ᠵᠢᠷᠤᠮᠵᠢᠭᠤᠯᠬᠤ ᠲᠤᠬᠠᠶ ᠮᠡᠳᠡᠭᠳᠡᠯ︾ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠬᠠᠮᠲᠤᠷᠠᠨ ᠨᠡᠶᠢᠲᠡᠯᠡᠵᠦ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠳᠤ ᠭᠠᠵᠠᠷ ᠬᠡᠷᠡᠭᠯᠡᠬᠦ ᠬᠡᠪᠴᠢᠶ᠎ᠡ ᠶᠢ ᠲᠣᠳᠣᠷᠬᠠᠶ ᠲᠣᠭᠲᠠᠭᠠᠵᠤ᠂ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠳᠤ ᠭᠠᠵᠠᠷ ᠬᠡᠷᠡᠭᠯᠡᠬᠦ ᠣᠷᠣᠨ ᠵᠠᠢ ᠦᠯᠡᠳᠡᠭᠡᠵᠦ ᠥᠭᠭᠦᠨ᠎ᠡ ᠬᠡᠪᠡ᠃ ︽ᠮᠡᠳᠡᠭᠳᠡᠯ︾ ᠳᠤ᠂ ᠬᠥᠳᠡᠭᠡ ᠲᠣᠰᠬᠤᠨ ᠤ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠳᠤ ᠬᠡᠷᠡᠭᠯᠡᠬᠦ ᠭᠠᠵᠠᠷ ᠪᠣᠯ ᠲᠠᠷᠢᠶᠠᠯᠠᠩ ᠬᠥᠳᠡᠭᠡ ᠲᠣᠰᠬᠤᠨ ᠤ ᠡᠬᠢ ᠪᠠᠶᠠᠯᠢᠭ ᠢᠶᠠᠷ ᠲᠦᠰᠢᠭ ᠪᠣᠯᠭᠠᠵᠤ᠂ ᠲᠠᠷᠢᠶᠠᠯᠠᠩ ᠬᠥᠳᠡᠭᠡ ᠲᠣᠰᠬᠤᠨ ᠤ ᠴᠢᠳᠠᠮᠵᠢ ᠶᠢ ᠥᠷᠭᠡᠳᠬᠡᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ᠂ ᠡᠳ᠋ᠰᠢᠭᠦᠯᠦᠯᠲᠡ ᠂ ᠬᠦᠢᠯᠭᠡᠭᠡ᠂ ᠲᠤᠬᠠᠶ ᠶᠢᠨ ᠭᠠᠵᠠᠷ ᠤᠨ ᠬᠡᠷᠡᠭᠯᠡᠭᠡ ᠵᠡᠷᠭᠡ ᠭᠤᠭᠴᠤᠭ᠎ᠠ ᠶᠢ ᠬᠠᠮᠤᠷᠴᠤ᠂ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠤᠨ ᠡᠳ᠋ᠰᠢᠬᠦᠯᠵᠦ ᠬᠦᠢᠯᠭᠡᠭᠡᠬᠦ᠂ ᠬᠥᠳᠡᠭᠡ ᠲᠣᠰᠬᠤᠨ ᠤ ᠰᠡᠯᠡᠭᠦᠴᠡᠨ ᠲᠣᠭᠤᠷᠢᠬᠤ ᠵᠢᠭᠤᠯᠴᠢᠯᠠᠯ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠵᠡᠷᠭᠡ ᠬᠤᠯᠢᠯᠳᠤᠭᠰᠠᠨ ᠠᠵᠤ ᠦᠢᠯᠡᠰ ᠤᠨ ᠬᠡᠷᠡᠭᠯᠡᠬᠦ ᠭᠠᠵᠠᠷ ᠢ ᠬᠡᠷᠡᠭᠴᠡᠭᠡ ᠪᠠᠷ ᠨᠢ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ᠂ ᠬᠤᠳᠠᠯᠳᠤᠭᠠᠨ ᠤ ᠬᠡᠷᠡᠭᠯᠡᠬᠦ ᠭᠠᠵᠠᠷ᠂ ᠪᠠᠷᠠᠭᠠᠨ ᠤ ᠬᠦᠢᠯᠭᠡᠭᠡᠨ ᠤ ᠬᠥᠮᠥᠷᠭᠡᠯᠡᠨ ᠬᠠᠳᠠᠭᠠᠯᠠᠬᠤ ᠳᠤ ᠬᠡᠷᠡᠭᠯᠡᠬᠦ ᠭᠠᠵᠠᠷ ᠭᠡᠬᠦ ᠮᠡᠳᠦ ᠪᠠᠷ ᠲᠣᠭᠲᠠᠭᠠᠵᠤ ᠪᠣᠯᠤᠨ᠎ᠠ ᠬᠡᠵᠦ ᠵᠢᠭᠠᠵᠤ ᠭᠠᠷᠭᠠᠪᠠ᠃ ︽ᠮᠡᠳᠡᠭᠳᠡᠯ︾ ᠳᠤ᠂ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠦᠢᠯᠡ ᠠᠵᠢᠯᠯᠠᠭ᠎ᠠ ᠶᠢ ᠡᠷᠡᠰ ᠬᠤᠷᠢᠭᠯᠠᠨ ᠵᠣᠭᠰᠣᠭᠠᠵᠤ᠂ ᠲᠣᠭᠲᠠᠭᠠᠯ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠨ ᠬᠥᠳᠡᠭᠡ ᠲᠣᠰᠬᠤᠨ ᠤ ᠠᠵᠤ ᠦᠢᠯᠡᠰ ᠤᠨ ᠪᠦᠲᠦᠭᠡᠨ ᠪᠠᠶᠢᠭᠤᠯᠤᠯᠲᠠ ᠬᠢᠬᠦ ᠶᠢ ᠴᠢᠩᠭ᠎ᠠ ᠬᠤᠷᠢᠬᠯᠠᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠵᠤ᠂ ᠲᠠᠷᠢᠶᠠᠨ ᠭᠠᠵᠠᠷ ᠢ ᠪᠣᠬᠢᠷᠲᠤᠭᠤᠯᠵᠤ ᠪᠣᠯᠬᠤ ᠦᠭᠡᠶ᠃ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠳᠤ ᠬᠡᠷᠡᠭᠯᠡᠬᠦ ᠭᠠᠵᠠᠷ ᠢ ᠲᠠᠸᠠᠷ ᠤᠨ ᠣᠷᠣᠨ ᠰᠠᠭᠤᠴᠠ᠂ ᠵᠤᠰᠠᠯᠠᠩ᠂ ᠪᠠᠭᠤᠳᠠᠯ᠂ ᠨᠡᠶᠢᠲᠡ ᠶᠢᠨ ᠪᠠᠶᠢᠷᠢ ᠵᠡᠷᠭᠡ ᠭᠡᠷ ᠪᠠᠶᠢᠰᠢᠩ ᠭᠠᠵᠠᠷ ᠰᠢᠷᠣᠢ ᠶᠢᠨ ᠬᠦᠷᠦᠩᠭᠡ ᠶᠢ ᠨᠡᠭᠡᠭᠡᠨ ᠠᠰᠢᠭᠯᠠᠬᠤ ᠳᠤ ᠬᠡᠷᠡᠭᠯᠡᠵᠦ ᠪᠣᠯᠬᠤ ᠦᠭᠡᠢ᠂ ᠬᠡᠷᠡᠭᠴᠡᠭᠡ ᠶᠢ ᠨᠢ ᠳᠤᠷ᠎ᠠ ᠪᠠᠷ ᠢᠶᠠᠨ ᠬᠤᠪᠢᠷᠠᠭᠤᠯᠬᠤ ᠪᠤᠶᠤ ᠬᠡᠰᠡᠭᠯᠡᠨ ᠰᠢᠯᠵᠢᠭᠦᠯᠵᠦ ᠰᠢᠯᠵᠢᠭᠦᠯᠦᠨ ᠲᠦᠷᠢᠶᠡᠰᠦᠯᠡᠵᠦ ᠪᠣᠯᠬᠤ ᠦᠭᠡᠢ ᠭᠡᠵᠦ ᠴᠢᠬᠤᠯᠠᠴᠢᠯᠠᠪᠠ᠃        ᠡᠭᠦᠨ ᠠᠴᠠ ᠭᠠᠳᠠᠨ᠎ᠠ᠂ ︽ᠮᠡᠳᠡᠭᠳᠡᠯ︾ ᠳᠤ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠶᠡᠭᠡᠪᠡᠷ ᠠᠮᠢᠳᠤᠯᠢᠭᠵᠢᠭᠤᠯᠤᠨ ᠬᠡᠷᠡᠭᠯᠡᠨ᠎ᠡ᠃ ᠲᠠᠷᠢᠶᠠᠴᠢᠳ ᠤᠨ ᠬᠦᠰᠡᠯ ᠰᠠᠨᠠᠭ᠎ᠠ ᠶᠢ ᠬᠦᠢᠴᠡᠳ ᠬᠦᠨᠳᠦᠳᠬᠡᠭᠰᠡᠨ ᠤᠷᠢᠲᠠᠯ ᠳᠣᠤᠷ᠎ᠠ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢ ᠦᠨᠳᠦᠰᠦᠯᠡᠨ᠂ ᠰᠢᠶᠠᠩ ᠪᠠᠯᠭᠠᠰᠤ ᠪᠤᠶᠤ ᠲᠣᠰᠬᠤᠨ ᠢᠶᠠᠷ ᠨᠢᠭᠡᠴᠡ ᠪᠣᠯᠭᠠᠨ ᠪᠥᠬᠦ ᠣᠷᠣᠨ ᠪᠦᠰᠡ ᠶᠢᠨ ᠭᠠᠵᠠᠷ ᠰᠢᠷᠣᠶ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠢ ᠠᠮᠢᠳᠤᠯᠢᠭᠵᠢᠭᠤᠯᠤᠨ᠂ ᠣᠷᠣᠨ ᠵᠠᠶ ᠭᠠᠷᠭᠠᠨ ᠬᠥᠳᠡᠭᠡ ᠲᠣᠰᠬᠤᠨ ᠤ ᠠᠵᠤ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠳᠤ ᠬᠡᠷᠡᠭᠯᠡᠵᠦ ᠪᠣᠯᠤᠨ᠎ᠠ᠃ ᠲᠠᠷᠢᠶᠠᠴᠢᠨ ᠬᠠᠮᠲᠤ ᠨᠡᠶᠢᠳᠡ ᠨᠢ ᠤᠤᠯ ᠤᠨ ᠭᠠᠵᠠᠷ ᠬᠡᠷᠡᠭᠯᠡᠵᠦ ᠪᠠᠶᠢᠬᠰᠠᠨ ᠬᠤᠯᠪᠤᠬᠳᠠᠯ ᠪᠦᠬᠦᠢ ᠡᠷᠭᠡᠳᠦ ᠬᠦᠮᠦᠨ ᠤ ᠠᠰᠢᠭ ᠲᠤᠰᠠ ᠶᠢᠨ ᠬᠠᠷᠢᠴᠠᠭ᠎ᠠ ᠶᠢ ᠬᠠᠤᠯᠢ ᠶᠤᠰᠤᠭᠠᠷ ᠲᠤᠬᠢᠳᠠᠢ ᠰᠢᠢᠳᠪᠦᠷᠢᠯᠡᠬᠦ ᠶᠢ ᠬᠠᠶᠢᠨ ᠰᠦᠪᠡᠭᠴᠢᠯᠡᠭᠰᠡᠨ ᠤ ᠲᠠᠷᠠᠭ᠎ᠠ᠂ ᠲᠥᠯᠥᠪᠵᠢᠭᠦᠯᠭᠡ ᠳᠤ ᠨᠡᠶᠢᠴᠡᠬᠦ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠦᠯᠡᠳᠡᠭᠡᠯ ᠭᠠᠵᠠᠷ ᠤᠨ ᠶᠣᠰᠣᠭᠠᠷ ᠵᠠᠬ᠎ᠠ ᠳᠡᠯᠭᠡᠭᠦᠷ ᠲᠤ ᠤᠷᠤᠭᠤᠯᠤᠨ᠎ᠠ᠃ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠨᠡᠶᠢᠴᠡᠭᠰᠡᠨ ᠤᠷᠢᠲᠠᠯ ᠳᠣᠤᠷ᠎ᠠ᠂ ᠬᠠᠤᠯᠢ ᠶᠣᠰᠣᠭᠠᠷ ᠳᠠᠩᠰᠠᠯᠠᠭᠤᠯᠤᠭᠰᠠᠨ ᠣᠷᠣᠨ ᠰᠠᠭᠤᠴᠠ ᠶᠢᠨ ᠭᠠᠵᠠᠷ ᠵᠡᠷᠭᠡ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠨᠡᠶᠢᠯᠡᠭᠦᠯᠦᠨ ᠠᠰᠢᠭᠯᠠᠬᠤ ᠶᠢ ᠵᠣᠷᠢᠭᠵᠢᠭᠤᠯᠵᠤ᠂ ᠬᠥᠳᠡᠭᠡ ᠲᠣᠰᠬᠤᠨ ᠤ ᠠᠷᠠᠳ ᠤᠨ ᠣᠷᠣᠨ ᠰᠠᠭᠤᠴᠠ᠂ ᠲᠠᠷᠢᠶᠠᠯᠠᠩ ᠤᠨ ᠪᠦᠲᠦᠭᠡᠭᠳᠡᠬᠦᠨ ᠤ ᠠᠩᠬᠠᠨ ᠤ ᠡᠳ᠋ᠰᠢᠭᠦᠯᠦᠯᠲᠡ᠂ ᠡᠯᠧᠺᠲᠷᠤᠨ ᠬᠤᠳᠠᠯᠳᠤᠭᠠᠨ ᠤ ᠶᠠᠪᠤᠳᠠᠯ ᠵᠡᠷᠭᠡ ᠬᠥᠳᠡᠭᠡ ᠲᠣᠰᠬᠤᠨ ᠤ ᠠᠵᠤ ᠦᠢᠯᠡᠰ ᠢ ᠬᠥᠭᠵᠢᠭᠦᠯᠦᠨ᠎ᠡ ᠭᠡᠵᠦ ᠲᠤᠷᠠᠳᠴᠡᠢ᠃
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号