ᠭᠠᠷ ᠤᠲᠠᠰᠤᠨ ᠤ ᠨᠢᠭᠤᠴᠠ ᠢᠩᠭᠢᠵᠦ ᠵᠠᠳᠠᠷᠠᠳᠠᠭ
ᠨᠡᠶᠢᠲᠡᠯᠡᠭᠰᠡᠨ ᠴᠠᠭ᠄
2021/10/14
    ᠪᠢᠳᠠ ᠭᠠᠷ ᠤᠲᠠᠰᠤᠨ ᠳᠡᠭᠡᠷ᠎ᠡ ᠪᠠᠨ APP ᠪᠠᠭᠤᠯᠭᠠᠬᠤ ᠦᠶ᠎ᠡ ᠳᠤ ᠣᠷᠣᠨ ᠪᠠᠶᠢᠷᠢ ᠶᠢ ᠴᠢᠨᠢ ᠲᠣᠭᠲᠠᠭᠠᠵᠤ ᠪᠣᠯᠬᠤ ᠦᠦ︖ ᠰᠢᠨ᠎ᠡ ᠮᠡᠳᠡᠭᠡ ᠬᠦᠷᠭᠡᠵᠦ ᠪᠣᠯᠬᠤ ᠦᠦ︖ ᠭᠠᠷ ᠤᠲᠠᠰᠤᠨ ᠤ ᠭᠡᠷᠡᠯ ᠵᠢᠷᠤᠭ ᠤᠨ ᠳᠡᠪᠲᠡᠷ ᠢ ᠴᠢᠨᠢ ᠦᠵᠡᠵᠦ ᠪᠣᠯᠬᠤ ᠦᠦ︖ ᠭᠡᠬᠦ ᠮᠡᠲᠦᠴᠢᠯᠡᠨ ᠣᠯᠠᠨ ᠠᠰᠠᠭᠤᠯᠲᠠ ᠳᠤᠷᠠᠳᠬᠤ ᠪᠤᠶᠤ ᠱᠠᠭᠠᠷᠳᠠᠯᠭ᠎ᠠ ᠲᠠᠯᠪᠢᠳᠠᠭ᠃ ᠬᠡᠷᠪᠡ ᠵᠠᠷᠢᠮ ᠨᠢᠭᠡᠨ ᠱᠠᠭᠠᠷᠳᠠᠯᠭ᠎ᠠ ᠶᠢ ᠨᠢ ᠬᠠᠩᠭᠠᠬᠤ ᠦᠭᠡᠢ ᠪᠣᠯ ᠡᠨᠡ APP ᠶᠢ ᠪᠠᠭᠤᠯᠭᠠᠵᠤ ᠬᠡᠷᠡᠭᠯᠡᠬᠦ ᠶᠢᠨ ᠠᠷᠭ᠎ᠠ ᠦᠭᠡᠢ ᠪᠣᠯᠳᠠᠭ᠃ ᠭᠡᠬᠦ ᠳᠡᠭᠡᠨ ᠲᠡᠭᠦᠨ ᠤ ᠰᠠᠨᠠᠭ᠎ᠠ ᠪᠠᠷ ᠨᠢ ᠪᠣᠯᠭᠠᠵᠤ᠂ ᠵᠠᠷᠢᠮ ᠡᠷᠬᠡ ᠣᠯᠭᠤᠪᠠᠯ ᠭᠠᠷ ᠤᠲᠠᠰᠤ ᠴᠢᠨᠢ ᠴᠢᠨᠦ ︽ᠰᠡᠳᠬᠢᠯ ᠢ ᠮᠡᠳᠡᠭᠴᠢ︾ ᠪᠣᠯᠵᠤ᠂ ᠰᠦᠯᠵᠢᠶᠡᠨ ᠳᠡᠭᠡᠷ᠎ᠡ ᠦᠷᠭᠦᠯᠵᠢ ᠳᠤᠷᠠᠲᠠᠢ ᠪᠠᠷᠠᠭ᠎ᠠ ᠲᠠᠸᠠᠷ ᠢ ᠴᠢᠨᠢ ᠰᠣᠩᠭᠤᠨ ᠲᠠᠨᠢᠯᠴᠠᠭᠤᠯᠵᠤ᠂ ᠪᠣᠷᠣᠯᠠᠭᠤᠯᠤᠭᠴᠢ ᠨᠢ ᠴᠦ ᠪᠠᠶᠢᠩᠭᠤ ᠤᠲᠠᠰᠤ ᠢᠷᠡᠭᠦᠯᠳᠡᠭ᠃ ᠡᠳᠡᠭᠡᠷ ᠨᠢ ᠪᠦᠷ ᠭᠠᠷ ᠤᠲᠠᠰᠤᠨ ᠤ APP ᠶᠢᠨ ᠬᠢᠵᠦ ᠪᠠᠶᠢᠭ᠎ᠠ ᠶᠠᠪᠤᠳᠠᠯ ᠪᠣᠯᠣᠨ᠎ᠠ᠃ ᠬᠡᠪᠯᠡᠯ ᠮᠡᠳᠡᠭᠡᠯᠡᠯ ᠤᠨ ᠵᠠᠳᠠᠷᠠᠭᠤᠯᠤᠭᠰᠠᠨ ᠢᠶᠠᠷ᠂ ᠭᠠᠷ ᠤᠲᠠᠰᠤᠨ ᠤ APP ᠳᠤ ᠭᠡᠷᠡᠯ ᠵᠢᠷᠤᠭ ᠤᠨ ᠳᠡᠪᠲᠡᠷ ᠲᠤ ᠨᠡᠪᠲᠡᠷᠡᠬᠦ ᠡᠷᠬᠡ ᠣᠯᠭᠤᠭᠰᠠᠨ ᠠᠷᠪᠠᠭ᠋ᠠᠨ ᠮᠢᠨᠦ᠋ᠲ ᠤᠨ ᠬᠤᠭᠤᠷᠣᠨᠳᠤ ᠭᠠᠷ ᠤᠲᠠᠰᠤᠨ ᠳᠡᠭᠡᠷᠡᠬᠢ ᠵᠢᠷᠤᠭ ᠢ ᠴᠢᠨᠢ 2 ᠲᠦᠮᠡ ᠭᠠᠷᠤᠢ ᠤᠳᠠᠭ᠎ᠠ ᠦᠵᠡᠳᠡᠭ᠃ ᠲᠤᠰᠬᠠᠢ ᠮᠡᠷᠭᠡᠵᠢᠯᠲᠡᠨ ᠬᠡᠯᠡᠬᠦ ᠳᠡᠭᠡᠨ᠂ ᠭᠠᠷ ᠤᠲᠠᠰᠤᠨ ᠤ APP ᠬᠠᠤᠯᠢ ᠪᠤᠰᠤ ᠪᠠᠷ ᠬᠤᠪᠢ ᠶᠢᠨ ᠨᠢᠭᠤᠴᠠ ᠪᠤᠶᠤ ᠬᠠᠮᠢᠶᠠᠲᠠᠢ ᠴᠢᠮᠡᠭᠡ ᠵᠠᠩᠭᠢ ᠴᠤᠭᠯᠠᠭᠤᠯᠬᠤ ᠦᠶ᠎ᠡ ᠳᠤ ᠢᠯᠠ ᠪᠠᠷ ᠪᠤᠶᠤ ᠨᠢᠭᠤᠴᠠ ᠪᠠᠷ ᠴᠤᠭᠯᠠᠭᠤᠯᠳᠠᠭ᠂ ᠡᠭᠦᠨ ᠳᠤ ᠵᠠᠷᠢᠮ ᠢ ᠨᠢ ᠭᠠᠷ ᠤᠲᠠᠰᠤ ᠬᠡᠷᠡᠭᠯᠡᠭᠴᠢ ᠬᠤᠷᠢᠭᠯᠠᠨ ᠵᠣᠭᠰᠣᠭᠠᠵᠤ ᠳᠡᠶᠢᠯᠦᠨ᠎ᠡ᠂ ᠵᠠᠷᠢᠮ ᠢ ᠨᠢ ᠶᠠᠭᠠᠬᠢᠵᠤ ᠬᠤᠯᠠᠭᠠᠶᠢᠯᠠᠭᠰᠠᠨ ᠢ ᠨᠢ ᠴᠦ ᠮᠡᠳᠡᠬᠦ ᠦᠭᠡᠢ ᠪᠠᠶᠢᠳᠠᠭ ᠭᠡᠵᠡᠢ᠃ ᠮᠠᠨ ᠤ ᠤᠯᠤᠰ ᠤᠨ ᠬᠠᠮᠢᠶᠠᠲᠠᠢ ᠰᠠᠯᠠᠭ᠎ᠠ ᠮᠥᠴᠢᠷ ᠠᠴᠠ ᠡᠨᠡ ᠲᠤᠬᠠᠢ ᠨᠠᠷᠢᠨ ᠰᠢᠷᠢᠨ ᠬᠠᠤᠯᠢ ᠳᠦᠷᠢᠮ ᠲᠣᠭᠲᠠᠭᠠᠭᠰᠠᠨ ᠪᠣᠯᠪᠠᠴᠤ ᠵᠠᠷᠢᠮ ᠬᠥᠮᠥᠰ ᠡᠭᠦᠨ ᠢ ᠥᠯᠥ ᠬᠠᠶᠢᠬᠤᠷᠤᠨ᠂ ᠠᠶᠤᠮᠰᠢᠭ ᠦᠭᠡᠢ ᠪᠠᠷ ᠪᠤᠰᠤᠳ ᠤᠨ ᠬᠤᠪᠢ ᠶᠢᠨ ᠨᠢᠭᠤᠴᠠ ᠶᠢ ᠬᠤᠯᠠᠭᠠᠶᠢᠯᠠᠵᠤ᠂ ᠬᠠᠤᠯᠢ ᠪᠤᠰᠤ ᠪᠠᠷ ᠣᠯᠵᠠ ᠠᠰᠢᠭ ᠣᠯᠵᠤ ᠪᠠᠶᠢᠨ᠎ᠠ᠃ ᠲᠡᠭᠡᠪᠡᠯ ᠭᠠᠷ ᠤᠲᠠᠰᠤᠨ ᠤ APP ᠬᠤᠪᠢ ᠶᠢᠨ ᠨᠢᠭᠤᠴᠠ ᠲᠠᠢ ᠬᠠᠯᠳᠠᠵᠤ ᠪᠠᠶᠢᠭ᠎ᠠ ᠶᠠᠪᠤᠳᠠᠯ ᠶᠠᠭᠠᠬᠢᠭᠠᠳ ᠤᠳᠠᠭ᠎ᠠ ᠳᠠᠷᠠᠭ᠎ᠠ ᠪᠠᠷ ᠭᠠᠷᠴᠤ ᠪᠠᠶᠢᠬᠤ ᠪᠣᠢ︖ ᠪᠢᠳᠠ ᠬᠤᠪᠢ ᠶᠢᠨ ᠨᠢᠭᠤᠴᠠ ᠪᠠᠨ ᠶᠠᠭᠠᠬᠢᠵᠤ ᠬᠠᠮᠠᠭᠠᠯᠠᠪᠠᠯ ᠵᠣᠬᠢᠬᠤ ᠪᠣᠢ︖ ᠲᠤᠰᠬᠠᠢ ᠮᠡᠷᠭᠡᠵᠢᠯᠲᠡᠨ ᠢᠯᠡᠷᠬᠡᠶᠢᠯᠡᠬᠦ ᠳᠡᠭᠡᠨ᠂ ᠡᠭᠦᠨ ᠤ ᠭᠤᠣᠯ ᠰᠢᠯᠲᠠᠭᠠᠨ ᠨᠢ ᠵᠠᠷᠢᠮ ᠬᠥᠮᠥᠰ ᠣᠯᠵᠠ ᠠᠰᠢᠭ ᠲᠤ ᠰᠢᠨᠤᠵᠤ ᠪᠠᠶᠢᠬᠤ ᠠᠴᠠ ᠪᠣᠯᠣᠭᠰᠠᠨ ᠶᠤᠮ᠃ ᠴᠢᠮᠡᠭᠡ ᠬᠤᠯᠪᠣᠭ᠎ᠠ᠂ ᠢᠨᠲ᠋ᠧᠷ ᠰᠦᠯᠵᠢᠶ᠎ᠡ ᠲᠦᠷᠭᠡᠨ ᠬᠥᠭᠵᠢᠵᠦ ᠪᠠᠶᠢᠭ᠎ᠠ ᠴᠠᠭ ᠡᠷᠡᠨ ᠳᠤ ᠬᠤᠪᠢ ᠬᠥᠮᠥᠨ ᠤ ᠬᠠᠮᠢᠶᠠᠲᠠᠢ ᠴᠢᠮᠡᠭᠡ ᠵᠠᠩᠭᠢ ᠨᠢ ᠴᠦ ᠨᠢᠭᠡ ᠵᠦᠢᠯ ᠤᠨ ᠥᠪ ᠬᠥᠷᠥᠩᠭᠡ ᠪᠣᠯᠣᠭᠰᠠᠨ ᠶᠤᠮ᠃ ᠵᠠᠷᠢᠮ ᠨᠢᠭᠡ ᠲᠠᠯ᠎ᠠ ᠠᠴᠠ ᠠᠪᠴᠤ ᠬᠡᠯᠡᠪᠡᠯ᠂ ᠬᠡᠨ ᠬᠡᠷᠡᠭᠯᠡᠭᠴᠢ ᠶᠢᠨ ᠬᠠᠮᠢᠶᠠᠲᠠᠢ ᠴᠢᠮᠡᠭᠡ ᠵᠠᠩᠭᠢ ᠶᠢ ᠡᠵᠡᠮᠰᠢᠪᠡᠯ ᠳᠠᠷᠤᠢ ᠬᠡᠷᠡᠭᠯᠡᠭᠴᠢ ᠶᠢᠨ ᠬᠠᠮᠢᠶᠠᠲᠠᠢ ᠡᠬᠢ ᠪᠠᠶᠠᠯᠢᠭ ᠢ ᠡᠵᠡᠮᠰᠢᠭᠰᠡᠨ ᠶᠠᠪᠤᠳᠠᠯ ᠪᠣᠯᠳᠠᠭ᠃  ᠡᠶᠢᠮᠦ ᠠᠴᠠ ᠭᠠᠷ ᠤᠲᠠᠰᠤᠨ ᠤ ᠵᠠᠷᠢᠮ APP ᠬᠤᠪᠢ ᠶᠢᠨ ᠨᠢᠭᠤᠴᠠ ᠤᠷᠤᠭᠤ ᠬᠠᠷ᠎ᠠ ᠰᠠᠪᠠᠷ ᠢᠶᠠᠨ ᠰᠤᠩᠭᠠᠵᠤ ᠪᠠᠶᠢᠨ᠎ᠠ ᠭᠡᠵᠡᠢ ᠃ ᠲᠤᠰᠬᠠᠢ ᠮᠡᠷᠭᠡᠵᠢᠯᠲᠡᠨ ᠰᠠᠨᠠᠭᠤᠯᠬᠤ ᠳᠠᠭᠠᠨ᠂ ᠭᠠᠷ ᠤᠲᠠᠰᠤᠨ ᠤ ᠬᠡᠷᠡᠭᠯᠡᠭᠴᠢ ᠡᠩ ᠲᠡᠷᠢᠭᠦᠨ ᠳᠤ ᠠᠮᠤᠷ ᠲᠦᠪᠰᠢᠨ ᠤ ᠤᠬᠠᠮᠰᠠᠷ ᠪᠣᠯᠣᠨ ᠬᠤᠪᠢ ᠶᠢᠨ ᠨᠢᠭᠤᠴᠠ ᠪᠠᠨ ᠬᠠᠮᠠᠭᠠᠯᠠᠬᠤ ᠤᠬᠠᠮᠰᠠᠷ ᠢᠶᠠᠨ ᠴᠢᠩᠭᠠᠳᠬᠠᠬᠤ ᠬᠡᠷᠡᠭᠲᠡᠢ ᠃ ᠵᠢᠱᠢᠶᠡᠯᠡᠪᠡᠯ ᠰᠢᠨ᠎ᠡ APP ᠪᠠᠭᠤᠯᠭᠠᠬᠤ ᠦᠶ᠎ᠡ ᠳᠤ ᠲᠡᠭᠦᠨ ᠤ ᠲᠤᠭ᠎ᠠ ᠪᠠᠷᠢᠮᠲᠠ ᠴᠤᠭᠯᠠᠭᠤᠯᠬᠤ ᠱᠠᠭᠠᠷᠳᠠᠯᠭ᠎ᠠ ᠶᠢ ᠨᠢ ᠨᠠᠷᠢᠨ ᠤᠩᠰᠢᠬᠤ ᠬᠡᠷᠡᠭᠲᠡᠢ᠂ ᠡᠷᠬᠡᠪᠰᠢ ᠬᠠᠩᠭᠠᠬᠤ ᠬᠡᠷᠡᠭᠲᠡᠢ ᠴᠢᠮᠡᠭᠡ ᠵᠠᠩᠭᠢ ᠠᠴᠠ ᠪᠤᠰᠤᠳ ᠵᠦᠢᠯ ᠳᠤ ᠵᠥᠪᠰᠢᠶᠡᠷᠡᠯ ᠣᠯᠭᠤᠵᠤ ᠪᠣᠯᠬᠤ ᠦᠭᠡᠢ᠃ ᠴᠢᠬᠤᠯᠠᠲᠠᠢ ᠦᠶ᠎ᠡ ᠳᠤ ᠮᠡᠷᠭᠡᠵᠢᠯ ᠤᠨ ᠬᠢᠨᠠᠨ ᠬᠡᠮᠵᠢᠬᠦ ᠠᠷᠭ᠎ᠠ ᠪᠠᠷᠢᠯ ᠢ ᠠᠰᠢᠭᠯᠠᠵᠤ ᠪᠠᠶᠢᠭᠠᠳ ᠶᠠᠮᠠᠷ APP ᠶᠢ ᠬᠠᠭᠠᠭᠰᠠᠨ ᠦᠶ᠎ᠡ ᠳᠤ ᠴᠦ ᠴᠢᠮᠡᠭᠡ ᠵᠠᠩᠭᠢ ᠴᠤᠭᠯᠠᠭᠤᠯᠵᠤ ᠪᠠᠶᠢᠬᠤ ᠶᠢ ᠪᠠᠶᠢᠴᠠᠭᠠᠵᠤ ᠪᠣᠯᠣᠨ᠎ᠠ᠃ ᠬᠤᠪᠢ ᠶᠢᠨ ᠨᠢᠭᠤᠴᠠ ᠲᠠᠢ ᠬᠤᠯᠪᠣᠭᠳᠠᠭᠰᠠᠨ ᠲᠤᠭ᠎ᠠ ᠪᠠᠷᠢᠮᠲᠠ ᠶᠢ ᠴᠢᠨᠢ ᠬᠤᠯᠠᠭᠠᠢ ᠪᠠᠷ ᠴᠤᠭᠯᠠᠭᠤᠯᠤᠭᠰᠠᠨ ᠪᠣᠯ ᠪᠣᠳᠠᠲᠠᠢ ᠭᠡᠷᠡᠴᠢ ᠪᠠᠷᠢᠮᠲᠠ ᠪᠠᠨ ᠴᠤᠭᠯᠠᠭᠤᠯᠤᠭᠠᠳ ᠭᠤᠣᠯᠯᠠᠨ ᠬᠠᠮᠢᠶᠠᠷᠬᠤ ᠬᠠᠮᠢᠶᠠᠲᠠᠢ ᠰᠠᠯᠠᠭ᠎ᠠ ᠮᠥᠴᠢᠷ ᠲᠤ ᠵᠠᠭᠠᠯᠳᠤᠵᠤ ᠪᠣᠯᠣᠨ᠎ᠠ ᠭᠡᠵᠡᠢ᠃
 
ᠢᠷᠡᠯᠲᠡ᠄ ᠰᠢᠨ᠎ᠡ ᠪᠠᠷᠭᠤ ᠵᠡᠭᠦᠨ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号